3 ᠰᠠᠷ᠎ᠡ ᠶᠢᠨ 3 ᠤ ᠡᠳᠦᠷ᠂ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠷᠪᠠᠳᠤᠭᠡᠷ ᠬᠤᠷᠠᠯ ᠳᠤ ᠤᠷᠤᠯᠴᠠᠬᠤ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠬᠦᠬᠡᠬᠤᠳᠠ ᠠᠴᠠ ᠮᠤᠷᠳᠠᠵᠤ᠂ ᠲᠦᠷᠭᠡᠨ ᠤ ᠭᠠᠯᠳᠤ ᠲᠡᠷᠭᠡ ᠪᠠᠷ | ᠪᠡᠭᠡᠵᠢᠩ ᠳᠤ ᠬᠦᠷᠴᠤ᠂ ᠶᠡᠭᠡ ᠬᠤᠷᠠᠯ ᠳᠤ ᠨᠠᠷ᠎ᠡ ᠮᠡᠳᠡᠬᠦᠯᠪᠠ᠃ | ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠨᠠᠭᠠᠰᠢ᠂ | ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠶᠡᠷᠤᠩᠭᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠵᠤ᠂ ︽ | ᠵᠢᠷᠭᠤᠭ᠎ᠠ ᠶᠢ ᠲᠤᠬᠳᠠᠪᠤᠷᠢᠵᠢᠭᠤᠯᠬᠤ︾ ᠠᠵᠢᠯ ᠢ ᠰᠠᠶᠢᠳᠤᠷ ᠬᠢᠬᠦ᠂ ︽ᠵᠢᠷᠭᠤᠭ᠎ᠠ ᠶᠢ ᠪᠠᠳᠤᠯᠠᠬᠤ︾ ᠡᠬᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ | ᠬᠦᠢᠴᠡᠳᠭᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ︽ᠬᠤᠤᠰ ᠢᠯᠠᠯᠳᠠ︾ ᠶᠢ ᠲᠠᠮᠠᠴᠡᠨ ᠤᠯᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠡᠯᠡᠬᠦᠯᠬᠦ ᠡᠬᠦᠷᠭᠡ ᠬᠠᠷᠢᠭᠤᠴᠠᠯᠭ᠎ᠠ ᠪᠠᠨ ᠢᠳᠡᠪᠬᠢᠳᠡᠢ ᠬᠦᠢᠴᠡᠳᠭᠡᠵᠡᠢ᠃ ᠲᠡᠳᠡ ᠠᠷᠠᠳ ᠤᠨ ᠰᠠᠨᠠᠯ ᠢ ᠰᠤᠨᠤᠰᠴᠤ᠂ | ᠠᠷᠠᠳ ᠤᠨ ᠰᠠᠨᠠᠯ ᠢ ᠴᠤᠬᠯᠠᠭᠤᠯᠵᠤ᠂ ᠠᠷᠠᠳ ᠤᠨ ᠤᠶᠤᠨ ᠤᠬᠠᠭᠠᠨ ᠢ ᠲᠦᠪᠯᠡᠷᠡᠬᠦᠯᠵᠤ᠂ ᠠᠷᠠᠳ ᠤᠨ ᠬᠦᠴᠤᠨ ᠴᠢᠳᠠᠯ ᠢ ᠨᠢᠬᠳᠠᠷᠠᠭᠤᠯᠵᠤ᠂ ᠴᠢᠨᠠᠷ ᠰᠠᠶᠢᠳᠠᠢ | ᠰᠠᠨᠠᠯ ᠵᠦᠪᠯᠡᠯᠭᠡ ᠪᠠ ᠰᠠᠨᠠᠯ ᠰᠠᠨᠠᠭᠤᠯᠭ᠎ᠠ ᠪᠠᠨ ᠨᠠᠷᠢᠨ ᠨᠢᠮᠪᠠᠢ ᠪᠠᠯᠠᠳᠭᠡᠪᠡ᠃ | ︽ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠠᠶᠠᠯᠡᠬᠦᠯᠬᠦ ᠳᠤ᠂ ᠦᠨᠳᠤᠰᠤᠨ ᠱᠠᠳᠤᠨ ᠤ ᠨᠢᠭᠡᠳᠤᠭᠡᠷ ᠹᠷᠤᠨᠲ ᠠᠴᠠ ᠢᠷᠡᠭᠰᠡᠨ | ᠲᠦᠯᠦᠭᠡᠯᠡᠭᠴᠢᠳ ᠡᠬᠦᠷᠭᠡ ᠢᠷᠠᠭᠤ ᠠᠯᠳᠠᠷᠳᠠᠢ᠂ ᠬᠠᠷᠢᠭᠤᠴᠠᠯᠭ᠎ᠠ ᠬᠦᠨᠳᠤ ᠶᠡᠭᠡ ᠭᠡᠳᠡᠭ ᠢ ᠬᠦᠨᠵᠡᠭᠡᠢ ᠮᠡᠳᠡᠷᠡᠪᠠ︾ ᠭᠡᠵᠦ ᠰᠢᠯᠢ ᠶᠢᠨ ᠭᠤᠤᠯ ᠠᠶᠢᠮᠠᠭ ᠤᠨ | ᠲᠤᠯᠤᠨ ᠨᠠᠭᠤᠷ ᠰᠢᠶᠠᠨ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢ ᠯᠢ ᠬᠦᠸᠧ ᠴᠢᠨ ᠬᠡᠯᠡᠨ᠎ᠡ᠃ ᠲᠡᠬᠦᠨ ᠤ ᠨᠤᠳᠤᠭ ᠨᠢ ︽ᠡᠯᠡᠰᠤᠨ | ᠬᠤᠳᠤᠭᠤᠷ︾ ᠪᠠᠶᠢᠬᠰᠡᠨ ᠠᠴᠠ ᠠᠮᠢ ᠠᠬᠤᠢ ᠶᠢᠨ ᠠᠰᠢᠭ ᠢ ᠬᠦᠷᠳᠡᠬᠦ ᠬᠦᠷᠳᠡᠯ᠎ᠡ᠂ ᠡᠳᠤᠭᠡ ᠶᠠᠭ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠵᠠᠮ ᠢᠶᠠᠷ | ᠤᠷᠤᠬᠰᠢᠯᠠᠵᠤ ᠪᠠᠶᠢᠨ᠎ᠡ᠃ ︽ᠪᠢ ᠬᠦᠳᠡᠭᠡ ᠲᠤᠰᠬᠤᠨ ᠤ ᠠᠵᠤ ᠦᠢᠯᠡᠰ ᠬᠦᠭᠵᠢᠵᠤ᠂ ᠬᠠᠮᠳᠤ ᠶᠢᠨ ᠠᠵᠤ ᠠᠬᠤᠢ ᠬᠦᠴᠦᠷᠭᠡᠭᠵᠢᠵᠤ᠂ ᠬᠦᠳᠡᠭᠡ ᠲᠤᠰᠬᠤᠨ | ᠪᠤᠯᠪᠠᠰᠤᠨ ᠢᠶᠠᠷ ᠬᠦᠭᠵᠢᠬᠦ ᠪᠤᠯᠤᠭᠠᠰᠠᠢ ᠭᠡᠵᠤ ᠬᠦᠰᠡᠵᠤ ᠪᠠᠶᠢᠭ᠎ᠠ ᠭᠤᠷᠪᠡᠨ ᠬᠦᠰᠡᠯ ᠪᠠᠶᠢᠨ᠎ᠠ︾᠃ ᠯᠢ ᠬᠦᠸᠧ ᠴᠢᠨ᠂ ᠡᠨᠡ ᠵᠢᠯ ᠠᠮᠢ ᠠᠬᠤᠢ ᠶᠢᠨ | ᠠᠰᠠᠭᠤᠳᠠᠯ ᠳᠤ ᠦᠷᠬᠦᠯᠵᠢᠯᠡᠨ ᠠᠩᠬᠠᠷᠤᠯ ᠢᠶᠠᠨ ᠬᠠᠨᠳᠤᠭᠤᠯᠬᠤ ᠠᠴᠠ ᠭᠠᠳᠠᠨ᠎ᠡ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠡᠭᠡᠷ᠎ᠡ ᠨᠡᠩ ᠤᠯᠠᠨ | ᠠᠩᠬᠠᠷᠤᠯ ᠢᠶᠠᠨ ᠲᠦᠪᠯᠡᠷᠡᠬᠦᠯᠤᠨ᠎ᠡ ᠭᠡᠵᠤ ᠬᠡᠯᠡᠨ᠎ᠡ᠃ | ᠸᠠᠩ ᠵᠢᠶᠦ᠋ᠨ ᠰᠢᠶᠠᠩ ᠲᠦᠯᠦᠭᠡᠯᠡᠭᠴᠢ ᠨᠠᠷᠢᠨ ᠨᠢᠮᠪᠠᠢ ᠪᠠᠶᠢᠴᠠᠭᠠᠨ ᠰᠤᠳᠤᠯᠬᠤ ᠪᠠᠷ ᠲᠠᠮᠵᠢᠭᠤᠯᠵᠤ᠂ ᠬᠤᠷᠠᠯ ᠳᠤ ᠤᠷᠤᠯᠴᠠᠬᠤ ᠪᠠᠷ ᠪᠠᠶᠢᠭ᠎ᠠ ᠪᠤᠰᠤᠳ | ᠭᠡᠳᠤᠨ ᠲᠦᠯᠦᠭᠡᠯᠡᠭᠴᠢ ᠲᠠᠢ ᠬᠠᠮᠳᠤ ︽ᠤᠮᠠᠷᠠᠳᠤ ᠤᠷᠤᠨ ᠤ ᠬᠦᠳᠡᠭᠡ ᠲᠤᠰᠬᠤᠨ ᠳᠤ ᠪᠤᠬᠢᠷᠳᠤᠯ ᠦᠭᠡᠢ ᠰᠢᠳᠠᠭᠠᠯᠭ᠎ᠠ ᠶᠢᠨ ᠨᠡᠬᠦᠷᠡᠰᠤᠨ ᠤ ᠵᠤᠤᠬ᠎ᠠ ᠶᠢ | ᠲᠡᠯᠭᠡᠷᠡᠬᠦᠯᠤᠨ ᠭᠡᠷᠡᠭᠯᠡᠵᠤ ᠠᠭᠠᠷ ᠮᠠᠨᠳᠠᠯ ᠤᠨ ᠪᠤᠬᠢᠷᠳᠤᠯ ᠢ ᠪᠠᠭᠠᠰᠬᠠᠬᠤ︾᠂ ︽ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠤᠷᠭᠡᠭ ᠭᠠᠵᠠᠷ ᠤᠨ ᠵᠠᠰᠠᠯᠳᠠ ᠶᠢ | ᠲᠠᠮᠵᠢᠬᠦ︾ ᠵᠡᠷᠭᠡ ᠶᠢ ᠪᠠᠭᠳᠠᠭᠠᠬᠰᠡᠨ ᠰᠠᠨᠠᠯ ᠰᠠᠨᠠᠭᠤᠯᠭ᠎ᠠ ᠪᠠᠨ ᠬᠢᠨᠠᠮᠠᠭᠠᠢ ᠡᠮᠬᠢᠯᠡᠨ ᠬᠤᠷᠢᠶᠠᠩᠭᠤᠢᠢᠯᠠᠪᠠ᠃ ᠲᠡᠷᠡ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢ | ᠪᠤᠯᠤᠬᠰᠡᠨ ᠤ ᠬᠤᠪᠢ ᠳᠤ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠤ᠂ ᠠᠷᠠᠳ ᠲᠦᠮᠡᠨ ᠤ ᠰᠠᠨᠠᠯ ᠪᠠ ᠰᠡᠳᠬᠢᠯ ᠤᠨ ᠲᠠᠭᠤᠨ ᠢ ᠲᠤᠰᠬᠠᠨ᠎ᠡ | ᠭᠡᠵᠤ ᠢᠯᠡᠳᠭᠡᠨ᠎ᠡ᠃ | ᠵᠠᠩ ᠵᠢᠢ ᠰᠢᠨ ᠲᠦᠯᠦᠭᠡᠯᠡᠭᠴᠢ ᠶᠢᠨ ᠪᠠᠶᠢᠭ᠎ᠠ ᠪᠠᠶᠠᠨᠨᠠᠭᠤᠷ ᠬᠤᠳᠠ ᠶᠢᠨ ᠬᠠᠨᠭ᠍ᠬᠢᠨ ᠬᠤᠶᠢᠳᠤ ᠬᠤᠰᠢᠭᠤᠨ ᠤ ᠱᠠᠮᠪᠠ ᠪᠠᠯᠭᠠᠰᠤᠨ ᠤ ᠵᠦᠩ ᠨᠠᠨ ᠴᠢᠦᠢ | ᠲᠤᠰᠬᠤᠨ ᠨᠢ ᠮᠢᠬᠠᠨ ᠦᠭᠡᠷ ᠲᠡᠵᠢᠭᠡᠨ ᠦᠷᠡᠵᠢᠬᠦᠯᠬᠦ ᠪᠠᠷ ᠲᠠᠮᠵᠢᠭᠤᠯᠵᠤ ᠲᠤᠰᠬᠤᠨ ᠤ ᠠᠷᠠᠳ ᠢᠶᠠᠨ ᠲᠠᠶᠢᠴᠢᠯᠡᠨ ᠤᠷᠤᠯᠭ᠎ᠠ ᠶᠢ ᠨᠢ ᠲᠠᠰᠤᠷᠠᠯᠳᠠ ᠦᠭᠡᠢ | ᠨᠡᠮᠡᠭᠳᠡᠬᠦᠯᠵᠤ᠂ ᠲᠤᠬᠠᠢ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠯᠤᠳᠤ ᠶᠡᠭᠡ | ᠬᠤᠪᠢ ᠨᠠᠮᠠᠷᠢ ᠦᠵᠡᠬᠦᠯᠪᠠ᠃ ᠡᠨᠡ ᠵᠢᠯ᠂ ᠵᠠᠩ ᠵᠢᠢ ᠰᠢᠨ ᠮᠦᠨ ᠬᠦ ᠮᠢᠬᠠᠨ ᠦᠭᠡᠷ ᠲᠡᠵᠢᠭᠡᠨ ᠦᠷᠡᠵᠢᠬᠦᠯᠬᠦ ᠦᠢᠯᠡᠰ ᠲᠤ ᠠᠩᠬᠠᠷᠤᠯ ᠢᠶᠠᠨ ᠬᠠᠨᠳᠤᠭᠤᠯᠵᠤ | ᠪᠠᠶᠢᠨ᠎ᠡ᠂ ᠲᠡᠷᠡ ᠤᠯᠤᠰ ᠠᠴᠠ ᠮᠢᠬᠠᠨ ᠦᠭᠡᠷ ᠲᠡᠵᠢᠭᠡᠨ ᠦᠷᠡᠵᠢᠬᠦᠯᠬᠦ ᠲᠠᠭᠠᠳᠬᠠᠯ ᠢ ᠲᠦᠷᠦ ᠶᠢᠨ ᠪᠤᠳᠤᠯᠭ᠎ᠠ ᠶᠢᠨ ᠴᠢᠨᠠᠷᠳᠠᠢ ᠲᠠᠭᠠᠳᠬᠠᠯ ᠳᠤ ᠤᠷᠤᠭᠤᠯᠵᠤ᠂ | ᠮᠠᠯᠴᠢᠨ ᠲᠠᠷᠢᠶᠠᠴᠢᠨ ᠤ ᠮᠢᠬᠠᠨ ᠦᠭᠡᠷ ᠲᠡᠵᠢᠭᠡᠨ ᠦᠷᠡᠵᠢᠬᠦᠯᠬᠦ ᠲᠦᠭᠰᠢᠬᠦᠷᠢ ᠶᠢ ᠪᠠᠭᠠᠰᠬᠠᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠤᠮᠳᠠ | ᠮᠢᠬᠠᠨ ᠦᠭᠡᠷ ᠲᠡᠵᠢᠭᠡᠨ ᠦᠷᠡᠵᠢᠬᠦᠯᠬᠦ ᠦᠢᠯᠡᠰ ᠤᠨ ᠦᠢᠯᠡᠳᠤᠯ ᠢ ᠴᠢᠨᠠᠬᠰᠢᠳᠠ ᠪᠠᠳᠠᠷᠠᠭᠤᠯᠬᠤ ᠲᠤᠬᠠᠢ ᠰᠠᠨᠠᠯ ᠰᠠᠨᠠᠭᠤᠯᠭ᠎ᠠ ᠲᠤᠷᠠᠳᠬᠤ ᠪᠠᠷ ᠪᠠᠶᠢᠨ᠎ᠡ᠃ | ᠡᠨᠡ ᠵᠢᠯ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠡᠨ 100 ᠵᠢᠯ ᠤᠨ ᠤᠢ ᠪᠤᠯᠬᠤ ᠪᠦᠭᠡᠳ ᠪᠠᠰᠠ ᠨᠡᠶᠢᠭᠡᠮ ᠵᠢᠷᠤᠮᠳᠤ | ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠵᠢᠯ ᠪᠤᠯᠤᠨ᠎ᠡ᠃ ᠡᠨᠡ ᠬᠦ ᠤᠨᠴᠠᠭᠠᠢ ᠴᠠᠭ ᠦᠶ᠎ᠡ ᠳᠤ | ᠬᠤᠷᠠᠯᠳᠤᠬᠤ ᠪᠦᠬᠦ ᠤᠯᠤᠰ ᠤᠨ ᠬᠤᠶᠠᠷ ᠬᠤᠷᠠᠯ ᠨᠢ ᠨᠡᠩ ᠤᠯᠠᠨ ᠠᠴᠢ ᠬᠤᠯᠪᠤᠬᠳᠠᠯ ᠪᠠ ᠬᠦᠰᠡᠯ ᠡᠷᠡᠮᠡᠯᠵᠡᠯ ᠢ ᠠᠴᠢᠶᠠᠯᠠᠪᠠ᠃ ᠦᠪᠤᠷ ᠮᠤᠩᠭᠤᠯ ᠤᠨ | ᠲᠦᠯᠦᠭᠡᠯᠡᠭᠴᠢᠳ ᠤᠨ ᠪᠦᠯᠬᠦᠮ ᠤᠳᠤ 60 ᠲᠦᠯᠦᠭᠡᠯᠡᠭᠴᠢ ᠲᠠᠢ᠃ ᠲᠡᠳᠡ᠂ ᠪᠦᠬᠦ ᠤᠷᠤᠨ ᠤ ᠦᠨᠳᠤᠰᠤᠳᠡᠨ ᠨᠦᠭᠦᠳ ᠤᠨ ᠺᠠᠳ᠋ᠷ ᠤᠯᠠᠨ ᠲᠦᠮᠡᠨ ᠤ ᠬᠦᠰᠡᠯ | ᠡᠷᠡᠮᠡᠯᠵᠡᠯ ᠢ ᠡᠪᠤᠷᠯᠠᠵᠤ᠂ ᠡᠯ᠎ᠡ ᠵᠦᠢᠯ ᠤᠨ ᠠᠵᠢᠯ ᠤᠨ ᠢᠯᠡᠳᠭᠡᠯ ᠮᠡᠳᠡᠬᠦᠯᠦᠯᠳᠠ ᠶᠢ ᠬᠢᠨᠠᠮᠠᠭᠠᠢ ᠬᠢᠨᠡᠨ ᠵᠦᠪᠯᠡᠵᠤ᠂ ᠬᠤᠷᠠᠯ ᠤᠨ ᠭᠤᠤᠯ ᠰᠡᠳᠦᠪ ᠤᠨ | ᠲᠤᠭᠤᠷᠢᠨ ᠳᠤ ᠴᠢᠨᠠᠷ ᠰᠠᠶᠢᠳᠠᠢ ᠰᠠᠨᠠᠯ ᠵᠦᠪᠯᠡᠯᠭᠡ ᠲᠤᠷᠠᠳᠤᠨ ᠠᠷᠭ᠎ᠠ ᠤᠬᠠᠭᠠᠨ ᠭᠠᠷᠭᠠᠵᠤ᠂ ᠡᠷᠡᠮᠡᠭᠡᠶᠢᠯᠡᠨ ᠲᠡᠮᠡᠴᠡᠬᠦ ᠤᠶᠤᠨ ᠰᠠᠨᠠᠭᠠᠨ ᠤ ᠲᠦᠷᠰᠤ ᠪᠠᠶᠢᠳᠠᠯ ᠪᠠ | ᠲᠤᠰᠢᠶᠠᠯ ᠢᠶᠠᠨ ᠬᠦᠢᠴᠡᠳᠭᠡᠭᠰᠨᠨ ᠰᠢᠯᠢᠳᠡᠭ ᠢᠯᠡᠷᠡᠯ ᠢᠶᠠᠷ᠂ ᠶᠡᠭᠡ ᠬᠤᠷᠠᠯ ᠤᠨ ᠡᠯ᠎ᠡ ᠵᠦᠢᠯ ᠤᠨ ᠵᠦᠪᠯᠡᠬᠦ ᠵᠦᠢᠯ ᠢ ᠠᠮᠵᠢᠯᠳᠠᠳᠠᠢ ᠪᠠᠶᠠᠯᠡᠬᠦᠯᠵᠤ᠂ ︽ᠠᠷᠪᠡᠨ | ᠲᠦᠷᠪᠡᠳᠤᠭᠡᠷ ᠲᠠᠪᠤᠨ ᠵᠢᠯ︾ ᠤᠨ ᠰᠠᠶᠢᠨ ᠡᠬᠢᠯᠡᠯᠳᠠ ᠶᠢ ᠪᠠᠶᠠᠯᠡᠬᠦᠯᠬᠦ ᠳᠤ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠡ ᠭᠡᠵᠤ ᠢᠯᠡᠷᠬᠡᠶᠢᠯᠡᠵᠡᠭᠡᠨ᠎ᠡ | ᠃ | |