ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠰᠢᠨ᠎ᠡ ᠬᠥᠭᠵᠢᠯᠲᠡ ᠶᠢᠨ ᠦᠵᠡᠯᠲᠡ ᠶᠢ ᠪᠦᠷᠢᠨ ᠪᠦᠲᠦᠨ ᠢᠶᠠᠷ ᠨᠢ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2021/3/9
    ᠲᠥᠪ ᠷᠠᠳᠢᠣ᠋ ᠶᠢᠨ ᠮᠡᠳᠡᠭᠡ᠄ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠴᠢᠬᠤᠯᠠᠴᠢᠯᠠᠬᠤ ᠳᠠᠭᠠᠨ᠂ ᠰᠢᠨ᠎ᠡ ᠬᠥᠭᠵᠢᠯᠲᠡ ᠶᠢᠨ ᠦᠵᠡᠯᠲᠡ ᠪᠣᠯ ᠨᠢᠭᠡᠨ ᠪᠦᠬᠦᠯᠢ ᠴᠣᠭᠴᠠ ᠮᠥᠨ᠂ ᠪᠢᠳᠠ ᠡᠷᠬᠡᠪᠰᠢ ᠪᠦᠷᠢᠨ ᠪᠦᠲᠦᠨ ᠢᠶᠠᠷ ᠨᠢ᠂ ᠣᠨᠣᠪᠴᠢᠲᠠᠢ᠂ ᠪᠦᠬᠦ ᠲᠠᠯ᠎ᠠ ᠪᠠᠷ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠵᠦ᠂ ᠡᠭᠦᠨ ᠳᠤ ᠠᠭᠤᠰᠤᠯᠴᠠᠨ ᠣᠷᠣᠬᠤ ᠲᠠᠯ᠎ᠠ ᠪᠠᠷ ᠬᠦᠴᠦ ᠲᠠᠯᠪᠢᠬᠤ ᠬᠡᠷᠡᠭᠲᠡᠢ᠃ ᠪᠢᠳᠠ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠰᠡᠨ ᠡᠷᠬᠢᠮ ᠳᠡᠭᠡᠳᠦ ᠠᠯᠳᠠᠷ ᠨᠡᠷ᠎ᠡ ᠪᠠᠨ ᠤᠯᠠᠮ ᠢᠯᠡᠭᠦᠦ ᠨᠠᠨᠳᠢᠩᠨᠠᠨ᠂ ᠦᠷᠭᠦᠯᠵᠢᠯᠡᠨ ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠰᠠᠶᠢᠨ ᠠᠳᠬᠤᠵᠤ᠂ ᠬᠥᠮᠥᠵᠢᠯ ᠢᠶᠠᠷ ᠳᠠᠮᠵᠢᠭᠤᠯᠤᠨ ᠪᠦᠬᠦ ᠨᠠᠮ ᠤᠨ ᠭᠡᠰᠢᠭᠦᠳ ᠤᠨ ᠲᠤᠯᠭᠤᠷ ᠵᠣᠷᠢᠯᠲᠠ ᠪᠠᠨ ᠮᠠᠷᠲᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠦᠵᠡᠯ ᠤᠬᠠᠮᠰᠠᠷ ᠢ ᠨᠢ ᠤᠳᠤᠷᠢᠳᠤᠨ ᠳᠠᠭᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯ ᠤᠨ ᠲᠥᠯᠥᠭᠡ ᠡᠷᠡᠰ ᠭᠤᠶᠢᠪᠢᠰᠢ ᠦᠭᠡᠢ ᠲᠡᠮᠡᠴᠡᠬᠦ ᠬᠡᠷᠡᠭᠲᠡᠢ ᠭᠡᠵᠡᠢ᠃    ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠠᠷᠠᠳᠴᠢᠯᠠᠯ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠵᠠᠩ ᠰᠢᠶᠣᠣ ᠪᠢᠩ᠂ ᠨᠠᠷᠠᠨᠲᠤᠶᠠᠭ᠎ᠠ᠂ ᠭᠧ ᠮᠢᠩ᠂ ᠵᠸᠦ ᠶᠢ ᠵᠧ᠂ ᠯᠢ ᠭᠦᠸᠧ ᠴᠢᠨ ᠵᠡᠷᠭᠡ 5 ᠲᠥᠯᠥᠭᠡᠯᠡᠭᠴᠢ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠣᠳᠣ ᠦᠶ᠎ᠡ ᠶᠢᠨ ᠬᠥᠳᠡᠭᠡ ᠠᠵᠤ ᠠᠬᠤᠢ ᠶᠢ ᠬᠥᠭᠵᠢᠭᠦᠯᠬᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠰᠤᠷᠬᠤ ᠪᠢᠴᠢᠭ ᠢ ᠡᠷᠡᠰ ᠭᠤᠶᠢᠪᠢᠰᠢ ᠦᠭᠡᠢ ᠲᠦᠭᠡᠮᠡᠯᠵᠢᠭᠦᠯᠬᠦ᠂ ᠬᠢᠯᠢ ᠬᠢᠵᠠᠭᠠᠷ ᠣᠷᠣᠨ ᠤ ᠲᠥᠪᠯᠡᠷᠡᠩᠭᠦᠢ᠂ ᠡᠷᠴᠢᠮᠵᠢᠭᠰᠡᠨ᠂ ᠥᠨᠳᠥᠷ ᠦᠷ᠎ᠡ ᠠᠰᠢᠭᠲᠠᠢ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠶᠡᠭᠡ ᠬᠢᠩᠭᠠᠨ ᠳᠠᠪᠠᠭᠠᠨ ᠤ ᠣᠢ ᠰᠢᠭᠤᠢ ᠶᠢ ᠰᠠᠶᠢᠨ ᠬᠠᠮᠠᠭᠠᠯᠠᠬᠤ᠂ ᠭᠠᠴᠠᠭ᠎ᠠ ᠲᠣᠰᠬᠤᠨ ᠢ ᠬᠥᠭᠵᠢᠭᠦᠯᠬᠦ ᠠᠵᠢᠯ ᠢ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠲᠤᠰ ᠲᠤᠰ ᠶᠠᠷᠢᠭᠰᠠᠨ ᠪᠠᠶᠢᠨ᠎ᠠ᠃ ᠰᠢ ᠶᠢᠨ ᠫᠢᠩ ᠪᠠᠶᠢᠨ ᠪᠠᠶᠢᠨ ᠣᠯᠠᠨ ᠲᠠᠢ ᠶᠠᠷᠢᠯᠴᠠᠵᠤ ᠪᠠᠶᠢᠯ᠎ᠠ᠃    ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠶᠠᠷᠢᠶ᠎ᠠ ᠲᠠᠯᠪᠢᠵᠠᠢ᠃ ᠲᠡᠷᠡ ᠡᠩ ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠦᠷᠢᠨ ᠳᠡᠮᠵᠢᠵᠦ ᠪᠠᠶᠢᠬᠤ ᠪᠠᠨ ᠢᠯᠡᠷᠬᠡᠶᠢᠯᠡᠵᠦ᠂ ᠥᠪᠥᠷ ᠮᠣᠩᠭᠤᠯ ᠤᠨ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠭᠰᠠᠨ ᠪᠥᠭᠡᠳ ᠥᠪᠥᠷ ᠮᠣᠩᠭᠤᠯ ᠤᠨ ᠨᠥᠬᠦᠳ ᠲᠣᠭᠲᠠᠭᠤᠨ ᠢᠶᠠᠷ ᠠᠬᠢᠭᠤᠯᠬᠤ ᠠᠵᠢᠯ ᠤᠨ ᠶᠡᠷᠦᠩᠬᠡᠢ ᠬᠥᠭ ᠠᠶᠢᠵᠠᠮ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠵᠣᠬᠢᠴᠠᠭᠤᠯᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠦᠵᠡᠯᠲᠡ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ᠂ ᠡᠬᠡ ᠣᠷᠣᠨ ᠤ ᠤᠮᠠᠷᠠᠲᠤ ᠬᠢᠯᠢ ᠶᠢᠨ ᠠᠮᠤᠷ ᠲᠣᠭᠲᠠᠭᠤᠨ ᠢ ᠪᠠᠲᠤᠯᠠᠬᠤ ᠬᠠᠯᠬᠠᠪᠴᠢ᠂ ᠤᠯᠤᠰ ᠤᠨ ᠭᠤᠣᠯ ᠪᠣᠯᠬᠤ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠰᠠᠭᠤᠷᠢᠨ ᠭᠠᠵᠠᠷ ᠪᠣᠯᠭᠠᠨ ᠪᠠᠶᠢᠭᠤᠯᠬᠤ ᠶᠣᠰᠣᠭᠠᠷ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠣᠭᠤᠮᠲᠠ ᠪᠣᠯᠭᠠᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠴᠢᠭᠯᠡᠯ ᠢ ᠪᠠᠷᠢᠵᠤ᠂ ᠬᠢᠵᠢᠭ ᠡᠪᠡᠳᠴᠢᠨ ᠭᠠᠳᠠᠨ᠎ᠠ ᠠᠴᠠ ᠬᠠᠯᠳᠠᠪᠤᠷᠢᠯᠠᠨ ᠣᠷᠣᠵᠤ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ ᠠᠵᠢᠯ ᠢ ᠥᠴᠥᠬᠡᠨ ᠴᠦ ᠰᠤᠯᠠᠷᠠᠭᠤᠯᠬᠤ ᠦᠭᠡᠢ ᠰᠠᠶᠢᠨ ᠬᠢᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ ᠤ ᠵᠠᠭᠤᠨ ᠵᠢᠯ ᠤᠨ ᠣᠢ ᠶᠢ ᠪᠠᠶᠠᠷᠯᠠᠨ ᠪᠡᠯᠭᠡᠯᠡᠬᠦ ᠶᠢ ᠬᠦᠰᠡᠵᠦ ᠪᠠᠶᠢᠨ᠎ᠠ ᠭᠡᠵᠡᠢ᠃    ᠰᠢ ᠶᠢᠨ ᠫᠢᠩ ᠴᠢᠬᠤᠯᠠᠴᠢᠯᠠᠬᠤ ᠳᠠᠭᠠᠨ᠂ ᠪᠦᠬᠦ ᠣᠯᠣᠰ ᠤᠨ ᠬᠦᠭᠵᠢᠯᠳᠡ ᠶᠢᠨ ᠰᠢᠨ᠎ᠡ ᠪᠠᠶᠢᠷᠢᠰᠢᠯ ᠳᠠᠬᠢ ᠦᠪᠦᠷ ᠮᠣᠩᠭᠤᠯ ᠤᠨ ᠣᠷᠣᠨ ᠪᠠᠶᠢᠷᠢ ᠶᠢ ᠵᠦᠪ ᠳᠠᠨᠢᠵᠣ᠂ ᠦᠪᠡᠷ ᠤᠨ ᠳᠠᠪᠠᠭᠤᠯᠢᠭ ᠴᠠᠷ ᠬᠦᠷᠢᠶ᠎ᠡ ᠪᠠ ᠬᠦᠷᠦᠯᠴᠡᠬᠦ ᠦᠬᠡᠢ ᠳᠠᠯ᠎ᠠ ᠪᠠᠨ ᠬᠦᠨᠵᠡᠬᠡᠢ ᠵᠠᠳᠠᠯᠣᠨ᠂ ᠠᠵᠣ ᠠᠬᠤᠢ ᠶᠢᠨ ᠬᠦᠭᠵᠢᠯᠳᠡ ᠶᠢᠨ ᠭᠤᠣᠯ ᠠᠵᠣ ᠦᠢᠯᠡᠰ ᠪᠠ ᠴᠢᠬᠤᠯᠠ ᠴᠢᠭᠯᠡᠯ ᠢ ᠴᠢᠨᠠᠭᠰᠢᠳᠠ ᠳᠣᠳᠣᠷᠬᠠᠶᠢᠯᠠᠵᠣ᠂ ᠬᠠᠮᠢᠶᠠᠳᠠᠢ ᠠᠵᠣ ᠦᠢᠯᠡᠰ ᠢ ᠨᠡᠩ ᠦᠨᠳᠣᠷ ᠵᠢᠨᠳᠠᠭᠠᠨ ᠤ᠂ ᠣᠶᠣᠨᠴᠢᠯᠠᠭᠰᠠᠨ ᠮᠦᠷᠳᠡᠬᠡᠨ ᠪᠣᠬᠢᠷᠳᠣᠯ ᠦᠬᠡᠢ ᠬᠦᠭᠵᠢᠯᠳᠡ ᠳᠡᠰᠢ ᠱᠠᠳᠣ ᠦᠭᠰᠦᠬᠦᠯᠵᠦ᠂ ᠭᠠᠵᠠᠷ ᠣᠷᠣᠨ ᠤ ᠪᠠᠨ ᠣᠨᠴᠠᠯᠢᠭ ᠲᠤ ᠳᠣᠬᠢᠷᠠᠭᠰᠠᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠰᠢᠨ᠎ᠡ ᠠᠵᠣ ᠦᠢᠯᠡᠰ ᠪᠠ ᠲᠡᠷᠢᠬᠦᠨ ᠤ ᠦᠢᠯᠡᠳᠣᠨ ᠪᠦᠳᠦᠬᠡᠬᠦ ᠦᠢᠯᠡᠰ ᠢ ᠬᠦᠭᠵᠢᠬᠦᠯᠵᠦ᠂ ᠰᠠᠭᠤᠷᠢ ᠪᠡᠯᠡᠳᠬᠡᠯ ᠲᠦᠬᠦᠬᠡᠷᠣᠮᠵᠢ ᠶᠢᠨ ᠪᠠᠶᠢᠭᠤᠯᠣᠯᠳᠠ ᠶᠢ ᠨᠢᠬᠡᠳᠣᠯᠳᠡᠢ ᠲᠦᠯᠦᠪᠵᠢᠬᠦᠯᠦᠨ ᠠᠬᠢᠭᠤᠯᠬᠤ ᠬᠡᠷᠡᠭᠳᠡᠢ᠃ ᠳᠠᠪᠠᠭᠤᠯᠢᠭ ᠢᠶᠠᠨ ᠪᠠᠳᠠᠷᠠᠭᠤᠯᠵᠣ ᠳᠣᠳᠠᠭᠳᠠᠯ ᠢᠶᠠᠨ ᠨᠦᠬᠦᠨ ᠰᠢᠯᠢᠳᠡᠭ ᠢ ᠬᠦᠮᠦᠵᠢᠬᠦᠯᠦᠨ ᠦᠷ᠎ᠡ ᠪᠦᠳᠦᠮᠵᠢ ᠪᠠᠨ ᠳᠡᠭᠡᠭᠰᠢᠯᠡᠬᠦᠯᠵᠦ᠂ ᠪᠦᠬᠦ ᠬᠦᠴᠦ ᠪᠠᠨ ᠵᠣᠷᠢᠭᠤᠯᠵᠣ ᠪᠦᠳᠦᠴᠠ ᠳᠤ ᠳᠣᠬᠢᠷᠠᠭᠤᠯᠣᠯᠳᠠ ᠬᠢᠵᠣ᠂ ᠡᠬᠦᠷᠭᠡ ᠴᠢᠳᠠᠪᠬᠢ ᠪᠠᠨ ᠬᠤᠪᠢᠷᠠᠭᠤᠯᠵᠣ᠂ ᠴᠢᠨᠠᠷ ᠴᠢᠨᠰᠠᠭ᠎ᠠ ᠪᠠᠨ ᠳᠡᠭᠡᠭᠰᠢᠯᠡᠬᠦᠯᠬᠦ ᠬᠡᠷᠡᠭᠳᠡᠢ᠃ ᠠᠵᠣ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠰᠠᠶᠢᠨ ᠠᠳᠬᠤᠵᠣ᠂ ᠡᠬᠦᠳᠦᠯᠳᠡ ᠰᠢᠨᠡᠴᠢᠯᠠᠯᠳᠠ ᠶᠢᠨ ᠬᠡᠯᠬᠢᠶ᠎ᠡ ᠶᠢ ᠪᠠᠶᠢᠷᠢᠯᠠᠭᠤᠯᠣᠨ᠂ ᠰᠢᠨᠵᠢᠯᠡᠬᠦ ᠣᠬᠠᠭᠠᠨ ᠲᠧᠭᠨᠢᠭ ᠮᠡᠷᠬᠡᠵᠢᠯ ᠤᠨ ᠳᠣᠯᠭᠠᠭᠤᠷᠢᠯᠠᠬᠤ ᠦᠢᠯᠡᠳᠣᠯ ᠢ ᠳᠠᠰᠣᠷᠠᠯᠳᠠ ᠦᠬᠡᠢ ᠳᠡᠭᠡᠭᠰᠢᠯᠡᠬᠦᠯᠬᠦ ᠬᠡᠷᠡᠭᠳᠡᠢ᠃ ᠦᠬᠡᠷᠡᠴᠢᠯᠡᠯᠳᠡ ᠨᠡᠬᠡᠬᠡᠯᠳᠡ ᠪᠠᠨ ᠬᠦᠨᠵᠡᠬᠡᠶᠢᠷᠡᠬᠦᠯᠵᠦ᠂ ᠡᠵᠡᠩᠨᠡᠯᠳᠡ ᠶᠢᠨ ᠣᠷᠴᠢᠨ ᠢᠶᠠᠨ ᠰᠢᠯᠢᠳᠡᠭᠵᠢᠬᠦᠯᠦᠨ᠂ ᠨᠢᠬᠡ ᠪᠦᠰᠡ ᠨᠢᠬᠡ ᠵᠠᠮ ᠢ ᠬᠠᠮᠳᠣᠪᠡᠷ ᠪᠠᠶᠢᠭᠤᠯᠬᠤ ᠳᠤ ᠢᠳᠡᠪᠬᠢᠳᠡᠢ ᠣᠷᠣᠯᠴᠠᠵᠣ᠂ ᠨᠡᠩ ᠦᠨᠳᠣᠷ ᠲᠦᠪᠰᠢᠨ ᠤ ᠨᠡᠬᠡᠬᠡᠯᠳᠡ ᠪᠠᠷ ᠴᠢᠨᠠᠷᠯᠢᠭ ᠬᠦᠭᠵᠢᠯᠳᠡ ᠶᠢ ᠠᠬᠢᠭᠤᠯᠬᠤ ᠬᠡᠷᠡᠭᠳᠡᠢ ᠬᠡᠵᠡᠢ᠃    ᠰᠢ ᠶᠢᠨ ᠫᠢᠩ ᠵᠢᠭᠠᠬᠤ ᠳᠠᠭᠠᠨ᠂ ᠦᠪᠦᠷ ᠮᠣᠩᠭᠤᠯ ᠤᠨ ᠬᠢᠨ ᠳᠣᠭᠳᠠᠭᠰᠠᠨ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠵᠠᠩᠬᠢᠯᠠᠭ᠎ᠠ ᠶᠢᠨ ᠬᠠᠷᠠᠯᠳᠠ ᠡᠬᠦᠷᠭᠡ ᠪᠠᠨ ᠪᠡᠶᠡᠯᠡᠬᠦᠯᠦᠭᠰᠡᠨ ᠳᠤ ᠪᠠᠶᠠᠷ ᠬᠦᠷᠬᠡᠵᠦ ᠪᠠᠶᠢᠨ᠎ᠠ᠃ ᠶᠠᠳᠠᠭᠤ ᠠᠴᠠ ᠠᠩᠬᠢᠵᠢᠷᠠᠭᠤᠯᠬᠤ ᠨᠢ ᠳᠡᠬᠦᠰᠬᠡᠯ ᠪᠢᠰᠢ᠂ ᠬᠠᠷᠢᠨ ᠰᠢᠨ᠎ᠡ ᠠᠮᠢᠳᠣᠷᠠᠯ᠂ ᠰᠢᠨ᠎ᠡ ᠳᠡᠮᠡᠴᠡᠯ ᠤᠨ ᠡᠬᠢᠯᠡᠯ ᠮᠦᠨ᠃ ᠬᠦᠭᠵᠢᠯᠳᠡ ᠶᠢᠨ ᠲᠡᠩᠴᠡᠬᠦᠷᠢ ᠦᠬᠡᠢ ᠬᠦᠢᠴᠡᠳ ᠪᠣᠰᠣ ᠠᠰᠠᠭᠤᠳᠠᠯ ᠢ ᠰᠢᠢᠳᠪᠦᠷᠢᠯᠡᠬᠦ᠂ ᠬᠤᠲᠠ ᠬᠦᠳᠡᠭᠡ ᠶᠢᠨ ᠵᠦᠷᠢᠶ᠎ᠡ ᠶᠢ ᠪᠠᠭᠠᠰᠬᠠᠬᠤ᠂ ᠬᠦᠮᠦᠨ ᠤ ᠪᠦᠬᠦ ᠳᠠᠯ᠎ᠠ ᠶᠢᠨ ᠬᠦᠭᠵᠢᠯᠳᠡ ᠪᠠ ᠪᠦᠬᠦ ᠠᠷᠠᠳ ᠢᠶᠠᠷ ᠢᠶᠠᠨ ᠴᠢᠨᠡᠬᠡᠯᠢᠭᠵᠢᠬᠦ ᠶᠢ ᠪᠡᠶᠡᠯᠡᠬᠦᠯᠬᠦ ᠳᠤ ᠮᠦᠨ ᠦᠷᠬᠦᠯᠵᠢᠯᠡᠨ ᠴᠢᠷᠮᠠᠶᠢᠬᠤ ᠴᠢᠬᠤᠯᠠᠳᠠᠢ ᠶᠣᠮ᠃ ᠦᠪᠦᠷ ᠮᠣᠩᠭᠤᠯ ᠳᠤ ᠨᠣᠳᠤᠭ ᠠᠭᠤᠳᠠᠮ ᠬᠦᠮᠦᠨ ᠰᠡᠶᠢᠷᠡᠭ᠂ ᠮᠠᠯᠴᠢᠳ ᠳᠠᠷᠢᠶᠠᠴᠢᠳ ᠳᠠᠷᠬᠠᠢ ᠪᠣᠳᠠᠷᠬᠠᠢ ᠰᠠᠭᠤᠷᠢᠰᠢᠵᠣ᠂ ᠠᠮᠢ ᠠᠬᠤᠢ ᠪᠠᠶᠢᠭᠠᠯᠢ ᠣᠷᠴᠢᠨ ᠨᠢ ᠮᠠᠰᠢ ᠬᠡᠪᠡᠷᠡᠭ ᠪᠣᠯᠬᠤᠷ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠳᠦᠬᠡᠯ ᠢ ᠪᠠᠳᠣᠳᠬᠠᠨ ᠪᠠᠬᠢᠵᠢᠬᠦᠯᠵᠦ᠂ ᠭᠠᠴᠠᠭ᠎ᠠ ᠳᠣᠰᠬᠤᠨ ᠤ ᠬᠦᠭᠵᠢᠯᠳᠡ ᠶᠢ ᠠᠬᠢᠭᠤᠯᠬᠤ ᠳᠤ ᠬᠦᠴᠢᠷ ᠲᠠᠢ ᠮᠦᠷᠳᠡᠬᠡᠨ ᠦᠷᠢᠰᠦᠯᠳᠦᠬᠡᠨ ᠶᠡᠬᠡᠳᠡᠢ᠂ ᠡᠶᠢᠮᠦ ᠠᠴᠠ ᠡᠷᠬᠡᠪᠰᠢ ᠳᠠᠬᠢᠨ ᠶᠠᠳᠠᠭᠤᠷᠠᠬᠤ ᠶᠢ ᠡᠷᠡᠰ ᠰᠡᠷᠬᠡᠶᠢᠯᠡᠬᠦ ᠬᠡᠷᠡᠭᠳᠡᠢ᠃ ᠣᠨᠴᠠᠯᠢᠭᠳᠣ ᠳᠠᠪᠠᠭᠤᠯᠢᠭ ᠠᠵᠣ ᠦᠢᠯᠡᠰ ᠢᠶᠠᠨ ᠬᠦᠭᠵᠢᠬᠦᠯᠦᠨ᠂ ᠳᠣᠬᠢᠷᠠᠮᠵᠢᠳᠡᠢ ᠬᠡᠪᠴᠢᠶᠡᠵᠢᠭᠰᠡᠨ ᠡᠵᠡᠩᠨᠡᠯᠳᠡ ᠶᠢ ᠬᠦᠭᠵᠢᠬᠦᠯᠵᠦ᠂ ᠮᠠᠯᠵᠢᠬᠤ ᠳᠠᠷᠢᠶᠠᠯᠠᠬᠤ ᠦᠢᠯᠡᠰ ᠢ ᠠᠵᠣ ᠦᠢᠯᠡᠰᠴᠢᠯᠡᠬᠦ᠂ ᠨᠡᠷᠡᠳᠣ ᠳᠡᠮᠳᠡᠭ ᠡᠬᠦᠳᠬᠦ ᠶᠢ ᠰᠣᠶᠣᠯ ᠤᠨ ᠵᠢᠭᠤᠯᠴᠢᠯᠠᠯ ᠢ ᠬᠦᠭᠵᠢᠬᠦᠯᠬᠦ ᠪᠠ ᠬᠦᠳᠡᠭᠡ ᠳᠣᠰᠬᠤᠨ ᠤ ᠵᠢᠭᠤᠯᠴᠢᠯᠠᠯ ᠲᠠᠢ ᠬᠠᠷᠢᠯᠴᠠᠨ ᠣᠶᠠᠯᠳᠣᠭᠤᠯᠵᠣ᠂ ᠮᠠᠯᠴᠢᠳ ᠳᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠬᠦ ᠬᠡᠷᠡᠭᠳᠡᠢ ᠬᠡᠵᠡᠢ᠃    ᠰᠢ ᠶᠢᠨ ᠫᠢᠩ ᠴᠢᠬᠤᠯᠠᠴᠢᠯᠠᠬᠤ ᠳᠠᠭᠠᠨ᠂ ᠥᠪᠥᠷ ᠮᠣᠩᠭᠤᠯ ᠤᠨ ᠠᠮᠢ ᠠᠬᠤᠢ ᠪᠠᠶᠢᠭᠠᠯᠢ ᠣᠷᠴᠢᠨ ᠢ ᠰᠠᠶᠢᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠣᠩᠭᠤᠨ ᠳᠠᠷᠬᠠᠨ ᠠᠭᠤᠯᠠ ᠤᠰᠤ ᠪᠣᠯ ᠦᠨᠡᠯᠡᠰᠢ ᠦᠭᠡᠢ ᠥᠪ ᠡᠷᠳᠡᠨᠢ ᠭᠡᠰᠡᠨ ᠦᠵᠡᠯᠲᠡ ᠶᠢ ᠪᠠᠷᠢᠮᠲᠠᠯᠠᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠨ ᠬᠢᠵᠦ᠂ ᠠᠭᠠᠷ ᠮᠠᠨᠳᠠᠯ᠂ ᠤᠰᠤ᠂ ᠬᠥᠷᠥᠰᠥᠨ ᠤ ᠪᠣᠬᠢᠷᠲᠤᠯ ᠢ ᠶᠡᠷᠦᠩᠬᠡᠶᠢᠯᠡᠨ ᠵᠠᠰᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠡᠬᠢ ᠦᠨᠳᠦᠰᠦᠨ ᠠᠴᠠ ᠨᠢ ᠵᠠᠰᠠᠬᠤ ᠶᠢ ᠴᠢᠩᠭᠠᠳᠬᠠᠵᠤ᠂ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠠᠰᠢᠭᠯᠠᠬᠤ ᠶᠢ ᠠᠬᠢᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ᠂ ᠴᠢᠬᠤᠯᠠ ᠴᠠᠷ ᠬᠦᠷᠢᠶᠡᠨ ᠳᠠᠬᠢ ᠪᠣᠬᠢᠷᠲᠤᠯ ᠦᠭᠡᠢ ᠬᠥᠭᠵᠢᠯᠲᠡ ᠶᠢᠨ ᠡᠷᠴᠢᠮ ᠢᠶᠠᠨ ᠨᠡᠮᠡᠭᠳᠡᠭᠦᠯᠵᠦ᠂ ᠠᠷᠢᠭᠤᠨ ᠴᠡᠪᠡᠷ ᠦᠢᠯᠡᠳᠪᠦᠷᠢᠯᠡᠯ ᠢ ᠬᠥᠭᠵᠢᠭᠦᠯᠦᠨ᠂ ᠪᠣᠬᠢᠷᠲᠤᠯ ᠦᠭᠡᠢ ᠨᠡᠭᠦᠷᠡᠰᠦᠲᠦ᠋ᠷᠦᠭᠴᠢ ᠪᠠᠭᠠᠲᠠᠢ ᠬᠥᠭᠵᠢᠯᠲᠡ ᠶᠢ ᠱᠠᠯᠠᠪᠳᠠᠨ ᠪᠡᠶᠡᠯᠡᠭᠦᠯᠬᠦ ᠬᠡᠷᠡᠭᠲᠡᠢ᠃ ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡᠳᠦᠯᠲᠡᠢ ᠲᠥᠯᠥᠪᠵᠢᠭᠦᠯᠦᠨ ᠰᠢᠰᠲ᠋ᠧᠮ ᠲᠠᠢ ᠴᠡᠭᠴᠡᠯᠡᠨ ᠵᠠᠰᠠᠵᠤ᠂ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠢ ᠰᠠᠶᠢᠨ ᠬᠡᠷᠡᠭᠵᠢᠭᠦᠯᠦᠨ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠵᠦ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠣᠯᠣᠨ ᠲᠣᠭᠲᠠᠪᠤᠷᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃    ᠰᠢ ᠶᠢᠨ ᠫᠢᠩ ᠵᠢᠭᠠᠬᠤ ᠳᠠᠭᠠᠨ ᠥᠪᠥᠷ ᠮᠣᠩᠭᠤᠯ ᠨᠢ ᠮᠠᠨ ᠤ ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ ᠦᠨᠳᠦᠰᠦᠲᠡᠨ ᠤ ᠥᠪᠡᠷᠳᠡᠭᠡᠨ ᠵᠠᠰᠠᠬᠤ ᠤᠷᠤᠨ ᠪᠣᠯᠣᠭᠰᠠᠨ ᠤ ᠬᠤᠪᠢ ᠳᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠢᠷᠠᠭᠤ ᠠᠯᠳᠠᠷᠲᠤ ᠤᠯᠠᠮᠵᠢᠯᠠᠯ ᠲᠠᠢ᠂ ᠤᠷᠲᠤ ᠬᠤᠭᠤᠴᠠᠭᠠᠨ ᠤ ᠲᠤᠷᠰᠢ ᠳᠤ ︽ᠵᠢᠱᠢᠶᠡᠴᠢ ᠥᠪᠡᠷᠳᠡᠭᠡᠨ ᠵᠠᠰᠠᠬᠤ ᠤᠷᠤᠨ︾ ᠭᠡᠰᠡᠨ ᠡᠷᠬᠢᠮ ᠳᠡᠭᠡᠳᠦ ᠢᠷᠠᠭᠤ ᠠᠯᠳᠠᠷ ᠲᠠᠢ ᠪᠠᠶᠢᠭᠰᠠᠨ ᠪᠣᠯᠬᠤᠷ ᠡᠭᠦᠨ ᠢ ᠬᠤᠪᠢ ᠳᠠᠬᠢᠨ ᠨᠠᠨᠳᠢᠩᠨᠠᠵᠤ᠂ ᠦᠷᠭᠦᠯᠵᠢᠯᠡᠨ ᠪᠠᠲᠤᠯᠠᠬᠤ ᠬᠡᠷᠡᠭᠲᠡᠢ᠃ ᠬᠠᠮᠲᠤ ᠪᠠᠷ ᠪᠦᠯᠬᠦᠮᠳᠡᠨ ᠲᠡᠮᠡᠴᠡᠬᠦ ᠪᠠ ᠬᠠᠮᠲᠤ ᠪᠠᠷ ᠬᠥᠭᠵᠢᠨ ᠴᠡᠴᠡᠭᠯᠡᠵᠦ᠂ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠬᠤᠭᠤᠷᠣᠨᠳᠤ ᠪᠠᠨ ᠰᠠᠯᠵᠤ ᠴᠢᠳᠠᠬᠤ ᠦᠭᠡᠢ ᠭᠡᠰᠡᠨ ᠢ ᠪᠠᠲᠤ ᠴᠡᠭᠡᠵᠢᠯᠡᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠠᠵᠢᠯ ᠢ ᠨᠠᠷᠢᠰᠬᠠᠨ ᠪᠣᠳᠠᠲᠠᠶᠢᠵᠢᠭᠤᠯᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠠᠨᠢᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃    ᠰᠢ ᠶᠢᠨ ᠫᠢᠩ ᠴᠢᠬᠤᠯᠠᠴᠢᠯᠠᠬᠤ ᠳᠠᠭᠠᠨ᠂ ᠰᠣᠶᠣᠯ ᠤᠨ ᠲᠠᠨᠢᠯᠲᠠ ᠪᠣᠯ ᠬᠠᠮᠤᠭ ᠤᠨ ᠭᠦᠨ ᠳᠠᠪᠬᠤᠷᠭ᠎ᠠ ᠶᠢᠨ ᠲᠠᠨᠢᠯᠲᠠ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠦᠨᠳᠦᠰᠦᠲᠡᠨ ᠤ ᠨᠠᠶᠢᠷᠠᠮᠳᠠᠯ ᠤᠨ ᠰᠦᠨᠡᠰᠦ ᠮᠥᠨ᠃ ᠤᠯᠤᠰ ᠤᠨ ᠨᠡᠶᠢᠳᠡᠮ ᠬᠡᠷᠡᠭᠯᠡᠳᠡᠭ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠠᠵᠢᠯ ᠢ ᠨᠠᠷᠢᠨ ᠬᠢᠨᠠᠮᠠᠭᠠᠢ ᠰᠠᠶᠢᠨ ᠬᠢᠵᠦ᠂ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠲᠦᠭᠡᠮᠡᠯᠵᠢᠭᠦᠯᠦᠨ ᠬᠡᠷᠡᠭᠯᠡᠬᠦ ᠬᠡᠷᠡᠭᠲᠡᠢ᠃ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠲᠤᠬᠠᠢ ᠬᠥᠮᠥᠵᠢᠯ ᠢ ᠭᠦᠨᠵᠡᠭᠡᠢ ᠥᠷᠨᠢᠭᠦᠯᠵᠦ᠂ ᠢᠯᠠᠩᠭᠤᠶ᠎ᠠ ᠵᠠᠯᠠᠭᠤᠴᠤᠳ ᠪᠠᠭᠠᠴᠤᠳ ᠤᠨ ᠬᠥᠮᠥᠵᠢᠯ ᠠᠴᠠ ᠠᠳᠬᠤᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠵᠢᠯᠣᠭᠤᠳᠤᠨ ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠢᠲᠦᠯᠭᠡ ᠶᠢᠨ ᠦᠵᠡᠯᠲᠡ ᠶᠢ ᠪᠣᠢ ᠪᠣᠯᠭᠠᠵᠤ᠂ ᠡᠯ᠎ᠡ ᠵᠦᠢᠯ ᠤᠨ ᠪᠤᠷᠤᠭᠤ ᠦᠵᠡᠯ ᠰᠠᠨᠠᠭ᠎ᠠ ᠪᠣᠯᠣᠨ ᠦᠵᠡᠯᠲᠡ ᠶᠢ ᠲᠤᠭ ᠳᠠᠯᠪᠠᠭ᠎ᠠ ᠲᠣᠳᠣᠷᠬᠠᠢ ᠪᠠᠷ ᠡᠰᠡᠷᠭᠦᠴᠡᠵᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠠᠶᠢᠭᠤᠯᠵᠤ ᠂ ᠠᠭᠤᠤ ᠶᠡᠭᠡ ᠳᠤᠮᠳᠠᠳᠤ ᠶᠢᠨ ᠬᠦᠰᠡᠯ ᠢ ᠬᠠᠮᠲᠤ ᠪᠠᠷ ᠪᠡᠶᠡᠯᠡᠭᠦᠯᠬᠦ︾ ᠬᠠᠮᠲᠤᠷᠠᠭᠰᠠᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃    ᠰᠢ ᠶᠢᠨ ᠫᠢᠩ ᠵᠢᠭᠠᠬᠤ ᠳᠠᠭᠠᠨ᠂ ᠨᠠᠮ ᠤᠨ ᠲᠥᠪ ᠬᠤᠷᠢᠶ᠎ᠠ ᠨᠢᠭᠡᠨᠳᠡ ᠨᠠᠮ ᠤᠨ ᠲᠡᠣᠬᠡ ᠶᠢᠨ ᠰᠤᠷᠤᠯᠴᠠᠯᠭ᠎ᠠ ᠬᠥᠮᠥᠵᠢᠯ ᠤᠨ ᠲᠤᠬᠠᠢ ᠪᠥᠬᠦ ᠲᠠᠯ᠎ᠠ ᠶᠢᠨ ᠪᠠᠶᠢᠷᠢᠯᠠᠭᠤᠯᠤᠯᠳᠡ ᠬᠢᠭᠰᠡᠨ ᠪᠠᠶᠢᠨ᠎ᠠ᠃ ᠡᠭᠦᠨ ᠢ ᠥᠴᠥᠬᠡᠨ ᠳᠤ ᠬᠤᠪᠢᠷᠠᠭᠤᠯᠬᠤ ᠦᠭᠡᠢ ᠴᠢᠩᠭ᠎ᠠ ᠨᠠᠶᠢᠳᠠᠪᠥᠷᠢᠵᠢᠭᠤᠯᠬᠤ ᠭᠡᠷᠡᠭᠳᠡᠢ᠃ ᠪᠢᠳᠠ ᠤᠷᠤᠬᠰᠢ ᠲᠠᠪᠰᠢᠬᠤ ᠳᠠᠭᠠᠨ ᠶᠠᠪᠤᠵᠦ ᠥᠩᠭᠡᠷᠡᠭᠰᠡᠨ ᠵᠠᠮ ᠢᠶᠠᠨ ᠮᠠᠷᠳᠠᠵᠦ ᠪᠤᠯᠬᠤ ᠦᠭᠡᠢ᠂ ᠬᠠᠮᠢᠭ᠎ᠠ ᠶᠠᠪᠤᠬᠰᠠᠨ ᠴᠣ᠋᠂ ᠶᠠᠮᠠᠷ ᠶᠡᠭᠡ ᠭᠡᠷᠡᠯ ᠰᠠᠴᠣᠷᠠᠩᠭᠤᠢ ᠢᠷᠡᠭᠡᠳᠥᠢ ᠳᠤ ᠬᠥᠷᠥᠭᠰᠡᠨ ᠴᠣ᠋ ᠥᠩᠭᠡᠷᠡᠭᠰᠡᠨ ᠤ ᠲᠡᠣᠬᠡ ᠪᠠᠨ ᠮᠠᠷᠳᠠᠵᠦ ᠪᠤᠯᠬᠤ ᠦᠭᠡᠢ᠂ ᠮᠥᠨᠴᠣ ᠥᠪᠡᠷ ᠤᠨ ᠲᠤᠯᠭᠤᠷ ᠵᠤᠷᠢᠯᠳᠡ ᠪᠠᠨ ᠮᠠᠷᠳᠠᠵᠦ ᠪᠤᠯᠬᠤ ᠦᠭᠡᠢ᠃ ᠮᠠᠨ ᠤ ᠨᠠᠮ ᠠᠩᠬ᠎ᠠ ᠪᠠᠶᠢᠭᠤᠯᠤᠬᠳᠠᠬᠤ ᠥᠶ᠎ᠡ ᠠᠴᠠ ᠪᠠᠨ ᠡᠬᠢᠯᠡᠭᠡᠳ ᠥᠨᠳᠣᠰᠣᠳᠡᠨ ᠤ ᠠᠰᠠᠭᠤᠳᠠᠯ ᠢ ᠮᠠᠰᠢ ᠴᠢᠬᠤᠯᠠᠴᠢᠯᠠᠬᠰᠠᠭᠠᠷ ᠢᠷᠡᠵᠡᠢ᠃ ᠨᠥᠬᠦᠷ ᠯᠢ ᠳ᠋ᠠ ᠵᠤᠤ ᠮᠤᠩᠭᠤᠯ ᠥᠨᠳᠣᠰᠣᠳᠡᠨ ᠤ ᠠᠷᠠᠳ ᠣᠯᠠᠨ ᠤ ᠲᠤᠮᠳᠠ ᠮᠠᠷᠺᠰ ᠤᠨ ᠥᠵᠡᠯ ᠢ ᠰᠣᠷᠳᠠᠯᠴᠢᠯᠠᠨ ᠤᠬᠠᠭᠤᠯᠬᠤ᠂ ᠡᠪ ᠬᠠᠮᠳᠣ ᠶᠢᠨ ᠥᠵᠡᠯ ᠤᠨ ᠲᠡᠷᠢᠭᠦᠨ ᠤ ᠬᠥᠮᠥᠰ ᠢ ᠬᠥᠮᠥᠵᠢᠬᠦᠯᠬᠦ ᠠᠵᠢᠯ ᠢ ᠰᠢᠭᠤᠳ ᠤᠳᠤᠷᠢᠳᠣᠨ ᠥᠷᠨᠢᠬᠦᠯᠵᠦ ᠪᠠᠶᠢᠬᠰᠠᠨ ᠶᠤᠮ᠃ 1923 ᠣᠨ ᠳᠤ ᠥᠪᠤᠷ ᠮᠤᠩᠭᠤᠯ ᠳᠤ ᠤᠯᠠᠭᠠᠨᠬᠦᠦ ᠵᠡᠷᠭᠡ ᠠᠩᠬᠠᠨ ᠤ ᠪᠥᠯᠥᠭ ᠡᠪ ᠬᠠᠮᠳᠣᠴᠣᠳ ᠴᠤᠯᠭᠤᠷᠠᠨ ᠭᠠᠷᠤᠬᠰᠠᠨ ᠪᠠᠶᠢᠳᠠᠭ᠃ 1947 ᠤᠨ ᠤ 5 ᠳ᠋ᠣᠭᠠᠷ ᠰᠠᠷ᠎ᠠ ᠳᠤ ᠨᠠᠮ ᠤᠨ ᠤᠳᠤᠷᠢᠳᠣᠬᠰᠠᠨ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠪᠠᠶᠢᠭᠤᠯᠤᠬᠳᠠᠵᠦ᠂ ᠮᠠᠨ ᠤ ᠨᠠᠮ ᠤᠨ ᠮᠠᠷᠺᠰ ᠤᠨ ᠥᠵᠡᠯ ᠢᠶᠠᠷ ᠣᠯᠣᠰ ᠤᠨ ᠲᠤᠳᠤᠭᠠᠳᠣ ᠶᠢᠨ ᠥᠨᠳᠣᠰᠣᠳᠡᠨ ᠤ ᠠᠰᠠᠭᠤᠳᠠᠯ ᠢ ᠰᠢᠢᠳᠪᠥᠷᠢᠯᠡᠭᠰᠡᠨ ᠠᠮᠵᠢᠯᠳᠡ ᠲᠠᠢ ᠥᠢᠯᠡᠳᠥᠯᠭᠡ ᠪᠤᠯᠤᠬᠰᠠᠨ ᠪᠠᠶᠢᠨ᠎ᠠ᠃ ᠰᠢᠨ᠎ᠡ ᠲᠤᠮᠳᠠᠳᠣ ᠣᠯᠣᠰ ᠪᠠᠶᠢᠭᠤᠯᠤᠬᠳᠠᠬᠰᠠᠨ ᠤ ᠳᠠᠷᠠᠭ᠎ᠠ᠂ ᠥᠪᠤᠷ ᠮᠤᠩᠭᠤᠯ ︽ᠰᠡᠳᠬᠢᠯ ᠨᠢᠭᠡᠳᠣᠨ ᠬᠥᠴᠥ ᠪᠠᠨ ᠬᠠᠮᠳᠣᠳᠬᠠᠵᠦ ᠪᠤᠭᠤᠳᠣ ᠶᠢᠨ ᠪᠤᠯᠤᠳ ᠲᠡᠮᠥᠷ ᠤᠨ ᠥᠢᠯᠡᠳᠪᠥᠷᠢ ᠶᠢ ᠪᠠᠶᠢᠭᠤᠯᠤᠬᠰᠠᠨ︾᠂ ︽ᠭᠤᠷᠪᠠᠨ ᠮᠢᠩᠭᠠᠨ ᠥᠨᠥᠴᠢᠨ ᠬᠡᠣᠬᠡᠳ ᠢ ᠡᠷᠭᠦᠵᠦ ᠲᠡᠵᠢᠭᠡᠭᠰᠡᠨ︾ ᠵᠡᠷᠭᠡ ᠰᠠᠶᠢᠬᠠᠨ ᠥᠯᠢᠭᠡᠷ ᠲᠡᠣᠬᠡ ᠶᠢ ᠪᠥᠳᠥᠭᠡᠭᠰᠡᠨ ᠶᠤᠮ᠃ ᠨᠠᠮ ᠤᠨ ᠲᠡᠣᠬᠡ ᠶᠢᠨ ᠰᠤᠷᠤᠯᠴᠠᠯᠭ᠎ᠠ ᠬᠥᠮᠥᠵᠢᠯ ᠤᠨ ᠶᠠᠪᠤᠴᠠ ᠳᠤ ᠬᠤᠪᠢᠰᠬᠠᠯ ᠤᠨ ᠡᠳᠡᠭᠡᠷ ᠥᠯᠢᠭᠡᠷ ᠲᠡᠣᠬᠡ ᠶᠢ ᠡᠰᠢᠯᠠᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠣᠳ ᠢ ᠵᠤᠬᠢᠶᠠᠨ ᠪᠠᠶᠢᠭᠤᠯᠤᠨ ᠨᠠᠮ ᠤᠨ ᠲᠡᠣᠬᠡ ᠶᠢ ᠭᠤᠤᠯᠳᠠᠯᠭ᠎ᠠ ᠲᠠᠢ ᠰᠤᠷᠤᠯᠴᠠᠬᠤ ᠶᠢᠨ ᠬᠠᠮᠳᠣ᠂ ᠰᠢᠨ᠎ᠡ ᠲᠤᠮᠳᠠᠳᠣ ᠣᠯᠣᠰ ᠤᠨ ᠲᠡᠣᠬᠡ᠂ ᠥᠭᠡᠷᠡᠴᠢᠯᠡᠯᠳᠡ ᠨᠡᠭᠡᠭᠡᠯᠳᠡ ᠶᠢᠨ ᠲᠡᠣᠬᠡ᠂ ᠨᠡᠶᠢᠭᠡᠮ ᠵᠢᠷᠤᠮ ᠤᠨ ᠭᠦᠭᠵᠢᠯ ᠤᠨ ᠲᠡᠣᠬᠡ ᠶᠢ ᠰᠠᠶᠢᠳᠣᠷ ᠰᠤᠷᠤᠯᠴᠠᠵᠦ᠂ ᠲᠡᠣᠬᠡ ᠰᠤᠷᠴᠣ ᠶᠤᠰᠤ ᠤᠴᠢᠷ ᠢ ᠲᠠᠨᠢᠵᠦ᠂ ᠲᠡᠣᠬᠡ ᠰᠤᠷᠴᠤ ᠢᠳᠡᠭᠡᠯ ᠢᠶᠠᠨ ᠨᠡᠮᠡᠭᠳᠡᠭᠦᠯᠵᠦ᠂ ᠲᠡᠣᠬᠡ ᠰᠤᠷᠴᠣ ᠶᠤᠰᠤ ᠰᠣᠷᠳᠠᠯ ᠢ ᠡᠷᠬᠢᠮᠯᠡᠵᠦ᠂ ᠲᠡᠣᠬᠡ ᠰᠤᠷᠴᠤ ᠪᠡᠶ᠎ᠡ ᠪᠠᠷ ᠢᠶᠠᠨ ᠥᠢᠯᠡᠳᠥᠯᠭᠡᠵᠢᠬᠦᠯᠵᠦ᠂ ᠨᠠᠮ ᠤᠨ ᠲᠡᠣᠬᠡ ᠶᠢ ᠰᠤᠷᠤᠯᠴᠠᠵᠦ᠂ ᠥᠵᠡᠯ ᠰᠠᠨᠠᠭ᠎ᠠ ᠶᠢ ᠣᠶᠢᠯᠠᠭᠠᠵᠦ᠂ ᠪᠤᠳᠠᠳᠠᠢ ᠠᠵᠢᠯ ᠬᠢᠵᠦ᠂ ᠰᠢᠨ᠎ᠡ ᠪᠠᠶᠢᠳᠠᠯ ᠢ ᠨᠡᠭᠡᠭᠡᠬᠦ ᠭᠡᠷᠡᠭᠳᠡᠢ᠃ ᠣᠨᠴᠠᠭᠠᠶᠢᠯᠠᠨ ᠲᠤᠮᠳᠠᠳᠣ ᠣᠯᠣᠰ ᠤᠨ ᠤᠨᠴᠠᠯᠢᠭ ᠲᠠᠢ ᠥᠨᠳᠣᠰᠣᠳᠡᠨ ᠤ ᠠᠰᠠᠭᠤᠳᠠᠯ ᠢ ᠰᠢᠢᠳᠪᠥᠷᠢᠯᠡᠬᠦ ᠵᠥᠪ ᠵᠠᠮ ᠢ ᠡᠷᠡᠰ ᠪᠠᠷᠢᠮᠳᠠᠯᠠᠬᠤ᠂ ᠥᠨᠳᠣᠰᠣᠳᠡᠨ ᠤ ᠶᠡᠭᠡ ᠪᠥᠯᠬᠦᠮᠳᠡᠯ ᠢ ᠬᠠᠮᠠᠭᠠᠯᠠᠬᠤ᠂ ᠲᠤᠮᠳᠠᠳᠣ ᠶᠢᠨ ᠥᠨᠳᠣᠰᠣᠳᠡᠨ ᠤ ᠬᠠᠮᠳᠣ ᠶᠢᠨ ᠴᠤᠬᠴᠠ ᠶᠢᠨ ᠥᠵᠡᠯ ᠤᠬᠠᠮᠰᠠᠷ ᠢ ᠪᠠᠳᠣ ᠪᠤᠢ ᠪᠤᠯᠭᠠᠬᠤ ᠵᠡᠷᠭᠡ ᠴᠢᠬᠤᠯᠠ ᠶᠡᠭᠡ ᠠᠰᠠᠭᠤᠳᠠᠯ ᠲᠡᠭᠡᠷ᠎ᠡ ᠥᠵᠡᠯ ᠰᠠᠨᠠᠭ᠎ᠠ ᠥᠵᠡᠯᠳᠡ ᠲᠠᠨᠢᠯᠳᠡ ᠪᠠ ᠠᠵᠢᠯ ᠤᠨ ᠲᠥᠪᠰᠢᠨ ᠢᠶᠠᠨ ᠲᠠᠰᠣᠷᠠᠯᠳᠡ ᠦᠭᠡᠢ ᠲᠡᠭᠡᠭᠰᠢᠯᠡᠭᠦᠯᠬᠦ ᠭᠡᠷᠡᠭᠳᠡᠢ ᠭᠡᠵᠡᠢ᠃    ᠳ᠋ᠢᠩ ᠰᠢᠣᠸᠠᠢ ᠰᠢᠶᠠᠩ᠂ ᠡᠾᠧ ᠯᠢ ᠹᠧᠩ ᠨᠡᠷ ᠬᠢᠨᠠᠨ ᠵᠥᠪᠯᠡᠬᠦ ᠳᠤ ᠤᠷᠤᠯᠴᠠᠵᠠᠢ᠃
ᠢᠷᠡᠯᠲᠡ᠄ ᠲᠣᠲᠣᠷᠬᠠᠢ ᠦᠭᠡᠢ