ᠮᠠᠨ ᠤ ᠤᠷᠤᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠲᠤᠭᠤᠢᠢᠯᠠᠩ ᠬᠤᠪᠢᠶᠠᠵᠤ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠪᠡ 2035 ᠣᠨ ᠤ ᠠᠯᠤᠰ ᠤᠨ ᠬᠠᠷᠠᠯᠳᠠ ᠶᠢᠨ ᠬᠦᠳᠤᠯᠪᠤᠷᠢ ᠶᠢᠨ ᠲᠦᠰᠤᠯ ᠢ ᠶᠠᠷᠢᠯᠴᠠᠪᠠ
ᠨᠡᠶᠢᠲᠡᠯᠡᠭᠰᠡᠨ ᠴᠠᠭ᠄
2021/3/9
    3 ᠰᠠᠷ᠎ᠠ ᠶᠢᠨ 6 ᠤ ᠦᠳᠡ ᠶᠢᠨ ᠬᠤᠶᠢᠨ᠎ᠠ᠂ ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ ᠬᠤᠷᠠᠯ ᠳᠤ ᠤᠷᠤᠯᠴᠠᠵᠦ ᠪᠠᠶᠢᠭ᠎ᠠ ᠮᠠᠨ ᠤ ᠤᠷᠤᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠦᠪᠡᠷ ᠦᠪᠡᠷ ᠤᠨ ᠡᠳᠡᠭᠡᠳ ᠢᠯᠭᠠᠯ ᠤᠨ ᠲᠤᠭᠤᠢᠢᠯᠠᠩ ᠳᠠᠭᠠᠨ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠪᠡ 2035 ᠣᠨ ᠤ ᠠᠯᠤᠰ ᠤᠨ ᠬᠠᠷᠠᠯᠳᠠ ᠶᠢᠨ ᠬᠦᠳᠤᠯᠪᠤᠷᠢ ᠶᠢᠨ ᠲᠦᠰᠤᠯ ᠢ ᠶᠠᠷᠢᠯᠴᠠᠪᠠ᠃    ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠤ ᠵᠦᠪᠯᠡᠯ ᠤᠨ ᠲᠡᠳ᠋ ᠡᠷᠬᠢᠯᠡᠭᠴᠢ ᠷᠧᠨ ᠶᠠ ᠫᠢᠡᠭ ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠡᠭ ᠷᠦᠡᠭ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠳ᠋ᠦᠩ ᠾᠸᠡᠭ ᠢᠤᠢ᠂ ᠵᠸᠡᠭ ᠹᠦ᠋ ᠲᠢᠶᠠᠨ᠂ ᠯᠢᠤ ᠰᠢᠨ ᠯᠧ ᠶᠠᠷᠢᠯᠴᠠᠬᠤ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠨᠢᠭᠡᠳᠤᠮᠡᠯ ᠹᠷᠤᠨᠲ ᠤᠨ ᠬᠡᠯᠳᠡᠰ ᠤᠨ ᠲᠠᠷᠤᠭ᠎ᠠ ᠳ᠋ᠤᠸᠠᠨ ᡁᠢ ᠴᠢᠶᠠᠩ ᠲᠤᠭᠤᠢᠢᠯᠠᠩ ᠤᠨ ᠶᠠᠷᠢᠯᠴᠠᠬᠤ ᠳᠤ ᠰᠤᠯᠠ ᠤᠷᠤᠯᠴᠠᠪᠠ᠃    ᠭᠡᠰᠢᠭᠦᠳ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠳᠠ ᠶᠢᠨ ᠬᠦᠳᠤᠯᠪᠤᠷᠢ ᠶᠢᠨ ᠲᠦᠰᠤᠯ ᠨᠢ ︽ᠬᠤᠶᠠᠷ ᠶᠡᠭᠡ ᠲᠠᠯ᠎ᠠ︾ ᠳᠤ ᠰᠠᠭᠤᠷᠢᠯᠠᠨ᠂ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠪᠦᠭᠦ ᠲᠠᠯ᠎ᠠ ᠶᠢ ᠨᠢᠭᠡᠳᠤᠯᠳᠠᠢ ᠲᠦᠯᠦᠪᠵᠢᠭᠦᠯᠵᠦ᠂ ᠰᠢᠨ᠎ᠠ ᠬᠦᠭᠵᠢᠯᠳᠠ ᠶᠢᠨ ᠱᠠᠳᠤ ᠶᠢ ᠡᠵᠡᠮᠳᠡᠨ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠲᠤᠭᠤᠰᠢᠯᠠᠭᠤᠯᠵᠦ ᠰᠢᠨ᠎ᠠ ᠬᠦᠭᠵᠢᠯᠳᠠ ᠶᠢᠨ ᠪᠠᠶᠢᠷᠢᠰᠢᠯ ᠳᠤ ᠠᠭᠤᠰᠤᠯᠴᠠᠬᠤ ᠱᠠᠭᠠᠷᠳᠠᠯᠭ᠎ᠠ ᠶᠢ ᠪᠦᠭᠦ ᠵᠤᠬᠢᠶᠠᠯ ᠳᠤ ᠲᠤᠭᠤᠰᠢᠯᠠᠭᠤᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠠᠷᠠᠭᠤᠯᠵᠤ᠂ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ︽ᠴᠠᠬ︾ ᠬᠢᠬᠡᠳ ︽ᠪᠠᠶᠢᠳᠠᠯ︾ ᠢ ᠰᠢᠨᠵᠢᠯᠡᠭᠦ ᠤᠬᠠᠭᠠᠨᠴᠢ ᠪᠠᠷ ᠰᠤᠳᠤᠯᠤᠨ ᠮᠠᠭᠠᠳᠯᠠᠬᠤ᠂ ︽ᠠᠶᠤᠯ ᠲᠦᠭᠰᠢᠭᠦᠷᠢ︾ ᠬᠢᠬᠡᠳ ︽ᠠᠵᠠ ᠲᠤᠬᠢᠶᠠᠯ︾ ᠢ ᠬᠤᠪᠢᠰᠤᠩᠭᠤᠢ ᠪᠠᠷ ᠡᠵᠡᠮᠳᠡᠬᠦ ᠪᠠᠶᠢᠯᠳᠤᠬᠤ ᠪᠤᠳᠤᠯᠭ᠎ᠠ ᠶᠢᠨ ᠪᠤᠳᠤᠯᠬᠢᠯᠠᠯ ᠢ ᠬᠠᠷᠠᠭᠤᠯᠵᠤ᠂ ᠦᠨᠳᠤᠷ ᠲᠤ ᠵᠤᠬᠰᠤᠨ ᠠᠯᠤᠰ ᠢ ᠪᠠᠷᠠᠯᠠᠬᠰᠠᠨ᠂ ᠰᠢᠨᠵᠢᠯᠡᠭᠦ ᠤᠬᠠᠭᠠᠨᠴᠢ ᠰᠢᠰᠲ᠋ᠧᠮ ᠲᠠᠢ᠂ ᠬᠠᠷᠠᠯᠳᠠ ᠲᠤᠳᠤᠷᠬᠠᠢ᠂ ᠭᠤᠤᠯᠳᠠᠯᠭ᠎ᠠ ᠲᠤᠪᠤᠶᠢᠮ᠎ᠠ᠂ ᠦᠨᠡᠨ ᠪᠤᠳᠠᠳᠠᠢ ᠶᠢ ᠡᠷᠬᠢᠮᠯᠡᠵᠦ ᠡᠷᠡᠮᠡᠭᠡᠶᠢᠯᠡᠨ ᠲᠠᠪᠰᠢᠬᠰᠠᠨ ᠲᠦᠯᠦᠪᠵᠢᠭᠦᠯᠭᠡ ᠶᠢᠨ ᠬᠦᠳᠤᠯᠪᠤᠷᠢ ᠪᠤᠯᠵᠠᠢ ᠭᠡᠵᠦ ᠦᠵᠡᠵᠡᠬᠡᠵᠤ᠂ ᠲᠡᠭᠡᠳᠤ ᠬᠡᠮᠵᠢᠶ᠎ᠠ ᠪᠠᠷ ᠵᠦᠪᠰᠢᠶᠡᠷᠡᠵᠦ ᠪᠠᠶᠢᠬᠤ ᠪᠠᠨ ᠢᠯᠡᠷᠭᠡᠶᠢᠯᠡᠪᠡ᠃    ᠶᠠᠷᠢᠯᠴᠠᠬᠤ ᠲᠤᠮᠳᠠ᠂ ᠭᠡᠰᠢᠭᠦᠳ ᠦᠪᠤᠷ ᠮᠤᠩᠭᠤᠯ ᠤᠨ ᠪᠤᠳᠠᠳᠠᠢ ᠲᠠᠢ ᠨᠢᠭᠳᠠ ᠤᠶᠠᠯᠳᠤᠭᠤᠯᠤᠨ ᠢᠳᠡᠪᠭᠢᠳᠡᠢ ᠪᠠᠷ ᠦᠭᠡ ᠬᠡᠯᠡᠵᠤ ᠢᠳᠡᠪᠭᠢᠳᠠᠢ ᠪᠠᠷ ᠠᠷᠭ᠎ᠠ ᠪᠤᠳᠤᠯᠭ᠎ᠠ ᠲᠡᠪᠰᠢᠬᠦᠯᠵᠤ᠂ ᠤᠯᠤᠰ ᠠᠴᠠ ᠦᠪᠤᠷ ᠮᠤᠩᠭᠤᠯ ᠤᠨ ᠰᠠᠶᠢᠨ ᠡᠭᠦᠯᠳᠡᠷ ᠤᠨ ᠦᠭᠡᠷ ᠤᠨ ᠤᠳᠤᠮ ᠡᠬᠦᠯᠳᠡᠷ ᠤᠨ ᠡᠭᠢ ᠪᠠᠶᠠᠯᠢᠭ ᠤᠨ ᠬᠦᠮᠦᠷᠭᠡ ᠪᠠᠶᠢᠭᠤᠯᠬᠤ ᠶᠢ ᠲᠡᠮᠵᠢᠵᠤ᠂ ᠰᠠᠶᠢᠨ ᠡᠬᠦᠯᠳᠡᠷ ᠤᠨ ᠦᠬᠡᠷ ᠪᠤᠶᠢᠵᠢᠭᠤᠯᠤᠨ ᠪᠦᠭᠦ ᠤᠯᠤᠰ ᠤᠨ ᠰᠦ ᠶᠢᠨ ᠦᠢᠯᠡᠰ ᠤᠨ ᠰᠡᠷᠭᠦᠨ ᠮᠡᠨᠳᠤᠯᠳᠠ ᠶᠢ ᠤᠯᠠᠮ ᠨᠢᠭᠡ ᠠᠯᠬᠤᠮ ᠬᠦᠳᠤᠯᠤᠨ ᠲᠠᠭᠠᠭᠤᠯᠬᠤ︔ ᠤᠯᠤᠰ ᠠᠴᠠ ᠦᠪᠤᠷ ᠮᠤᠩᠭᠤᠯ ᠤᠨ ᠡᠪᠡᠰᠦᠨ ᠤ ᠦᠷ᠎ᠠ ᠶᠢᠨ ᠦᠢᠯᠡᠰ ᠤᠨ ᠰᠠᠭᠤᠷᠢᠨ ᠢ ᠪᠦᠳᠦᠬᠡᠨ ᠪᠠᠶᠢᠭᠤᠯᠬᠤ ᠶᠢ ᠲᠠᠮᠵᠢᠵᠤ᠂ ᠦᠪᠡᠷᠮᠢᠴᠡ ᠤᠨᠴᠠᠯᠢᠭ ᠲᠠᠢ ᠲᠠᠪᠠᠭᠤᠯᠢᠬᠳᠤ ᠮᠠᠯ ᠤᠨ ᠠᠰᠢᠭ ᠰᠢᠮ᠎ᠠ ᠶᠢᠨ ᠠᠵᠦ ᠦᠢᠯᠡᠰ ᠤᠨ ᠪᠦᠯᠦᠭᠵᠢᠯ ᠢ ᠴᠤᠬᠴᠠᠯᠠᠨ᠂ ᠤᠯᠤᠰ ᠤᠨ ᠴᠠᠭᠠᠨ ᠢᠳᠡᠬᠡᠨ ᠤ ᠦᠢᠯᠡᠰ ᠤᠨ ᠮᠡᠷᠭᠡᠵᠢᠯ ᠤᠨ ᠰᠢᠨ᠎ᠠ ᠶᠢ ᠡᠭᠦᠳᠭᠦ ᠲᠦᠪ ᠢ ᠪᠠᠶᠢᠭᠤᠯᠵᠦ᠂ ᠦᠪᠤᠷ ᠮᠤᠩᠭᠤᠯ ᠢ ᠤᠯᠤᠰ ᠤᠨ ᠪᠤᠬᠢᠷᠳᠤᠯ ᠦᠭᠡᠢ ᠮᠢᠬ᠎ᠠ ᠰᠦ ᠶᠢᠨ ᠠᠮᠤᠷ ᠲᠦᠪᠰᠢᠨ ᠤ ᠪᠠᠳᠤᠯᠠᠭ᠎ᠠ ᠶᠢᠨ ᠰᠠᠭᠤᠷᠢᠨ ᠪᠤᠯᠭᠠᠬᠤ︔ ᠠᠮᠢ ᠠᠬᠤᠢ ᠶᠢᠨ ᠬᠦᠮᠦᠵᠢᠯ ᠤᠨ ᠵᠢᠷᠤᠮᠵᠢᠯ ᠪᠠ ᠪᠠᠷᠢᠮᠵᠢᠶ᠎ᠠ ᠶᠢ ᠠᠭᠠᠵᠢᠮ ᠢᠶᠠᠷ ᠪᠠᠶᠢᠭᠤᠯᠤᠨ᠂ ᠠᠮᠢ ᠠᠬᠤᠢ ᠶᠢᠨ ᠬᠦᠮᠦᠵᠢᠯ ᠤᠨ ᠰᠠᠭᠤᠷᠢᠨ ᠢ ᠪᠠᠶᠢᠭᠤᠯᠵᠦ᠂ ᠡᠭᠦᠨ ᠤ ᠤᠯᠠᠮ ᠢᠶᠠᠷ ᠪᠠᠭᠰᠢ ᠨᠠᠷ ᠤᠨ ᠠᠮᠢ ᠠᠬᠤᠢ ᠶᠢᠨ ᠬᠦᠮᠦᠵᠢᠯ ᠤᠨ ᠲᠤᠬᠠᠢ ᠴᠢᠳᠠᠪᠤᠷᠢ ᠶᠢ ᠲᠡᠭᠡᠭᠰᠢᠯᠡᠭᠦᠯᠤᠨ ᠤᠯᠠᠨ ᠨᠠᠶᠢᠳᠡ ᠶᠢᠨ ᠰᠤᠶᠤᠯ ᠤᠨ ᠲᠦᠭᠦᠭᠡᠷᠦᠮᠵᠢ ᠶᠢᠨ ᠬᠦᠮᠦᠵᠢᠯ ᠤᠨ ᠴᠢᠳᠠᠪᠭᠢ ᠶᠢ ᠴᠢᠩᠭᠠᠳᠬᠠᠬᠤ ᠲᠤᠬᠠᠢ ᠰᠠᠨᠠᠭᠤᠯᠭ᠎ᠠ ᠲᠤᠷᠠᠳᠴᠠᠢ᠃    ᠭᠡᠰᠢᠭᠦᠳ᠂ ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠬᠠᠷᠠᠯᠳᠠ ᠡᠭᠦᠷᠭᠡ ᠶᠢ ᠪᠠᠳᠤ ᠲᠤᠭᠳᠠᠭᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠶᠢᠯᠭ᠎ᠠ ᠭᠠᠷᠭᠠᠵᠦ᠂ ᠦᠪᠤᠷ ᠮᠤᠩᠭᠤᠯ ᠤᠨ ᠤᠳᠤᠭᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢᠨ ᠰᠢᠨ᠎ᠠ ᠬᠠᠭᠤᠳᠠᠰᠦ ᠶᠢ ᠪᠢᠴᠢᠭᠯᠡᠭᠦ ᠳᠤ ᠤᠶᠤᠨ ᠤᠬᠠᠭᠠᠨ ᠪᠠ ᠬᠦᠴᠤᠨ ᠴᠢᠳᠠᠯ ᠢᠶᠠᠨ ᠨᠡᠮᠡᠷᠢᠯᠠᠨ᠎ᠠ ᠭᠡᠵᠦ ᠢᠯᠡᠷᠭᠡᠶᠢᠯᠡᠵᠡᠬᠡᠪᠡ᠃      ᠦᠪᠦᠷ ᠮᠣᠩᠭᠤᠯ ᠤᠨ ᠡᠳᠦᠷ ᠤᠨ ᠰᠣᠨᠢᠨ
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ