ᠦᠪᠤᠷ ᠮᠤᠩᠭᠤᠯ ᠤᠨ ᠲᠦᠯᠤᠬᠡᠯᠡᠭᠴᠢᠳ ᠤᠨ ᠪᠦᠯᠬᠦᠮ ᠲᠤᠭᠤᠢᠢᠯᠠᠩ ᠬᠤᠪᠢᠶᠠᠵᠤ ᠲᠦᠯᠤᠪᠯᠡᠭᠡ ᠶᠢᠨ ᠮᠡᠳᠡᠬᠦᠯᠤᠯᠳᠠ ᠪᠠ ᠲᠦᠰᠤᠯ ᠲᠦᠰᠤᠪ ᠤᠨ ᠮᠡᠳᠡᠬᠦᠯᠤᠯᠳᠠ ᠪᠠ ᠲᠦᠰᠤᠯ ᠢ ᠬᠢᠨᠠᠨ ᠪᠠᠶᠢᠴᠠᠭᠠᠵᠠᠢ ᠱᠢ ᠲᠠᠢ ᠹᠧᠩ ᠬᠢᠨᠠᠨ ᠪᠠᠶᠢᠴᠠᠭᠠᠬᠤ ᠳᠤ ᠤᠷᠤᠯᠴᠠᠪᠠ
ᠨᠡᠶᠢᠲᠡᠯᠡᠭᠰᠡᠨ ᠴᠠᠭ᠄
2021/3/9
    3 ᠰᠠᠷ᠎ᠠ ᠶᠢᠨ 7 ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠤᠨ ᠦᠪᠤᠷ ᠮᠤᠩᠭᠤᠯ ᠤᠨ ᠲᠦᠯᠤᠬᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠲᠦᠯᠤᠬᠡᠯᠡᠭᠴᠢᠳ ᠤᠨ ᠲᠤᠭᠤᠢᠢᠯᠠᠩ ᠬᠤᠪᠢᠶᠠᠭᠰᠠᠨ ᠬᠤᠷᠠᠯ ᠬᠢᠵᠦ᠂ ᠲᠦᠷᠤ ᠶᠢᠨ ᠶᠠᠪᠤᠳᠠᠯ ᠤᠨ ᠬᠤᠷᠢᠶᠠᠨ ᠤ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠭᠡᠷᠡᠭᠵᠢᠬᠦᠯᠦᠭᠰᠡᠨ ᠪᠠᠶᠢᠳᠠᠯ ᠬᠢᠬᠡᠳ 2021 ᠣᠨ ᠤ ᠤᠯᠤᠰ ᠠᠷᠠᠳ ᠤᠨ ᠠᠵᠤ ᠠᠬᠤᠢ ᠪᠡ ᠨᠡᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ ᠮᠡᠳᠡᠬᠦᠯᠤᠯᠳᠠ᠂ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠢ ᠬᠢᠨᠠᠨ ᠪᠠᠶᠢᠴᠠᠭᠠᠪᠠ︔ ᠲᠦᠷᠤ ᠶᠢᠨ ᠶᠠᠪᠤᠳᠠᠯ ᠤᠨ ᠬᠤᠷᠢᠶᠠᠨ ᠤ 2020 ᠣᠨ ᠤ ᠲᠦᠪ ᠤᠨ ᠪᠠ ᠤᠷᠤᠨ ᠨᠤᠳᠤᠬ ᠤᠨ ᠲᠦᠰᠤᠪ ᠢ ᠭᠡᠷᠡᠭᠵᠢᠬᠦᠯᠦᠭᠰᠡᠨ ᠪᠠᠶᠢᠳᠠᠯ ᠬᠢᠬᠡᠳ 2021 ᠣᠨ ᠤ ᠲᠦᠪ ᠤᠨ ᠪᠠ ᠤᠷᠤᠨ ᠨᠤᠳᠤᠬ ᠤᠨ ᠲᠦᠰᠤᠪ ᠤᠨ ᠲᠦᠰᠤᠯ ᠤᠨ ᠮᠡᠳᠡᠬᠦᠯᠤᠯᠳᠠ᠂ 2021 ᠣᠨ ᠤ ᠲᠦᠪ ᠤᠨ ᠪᠠ ᠤᠷᠤᠨ ᠨᠤᠳᠤᠬ ᠤᠨ ᠲᠦᠰᠤᠪ ᠤᠨ ᠲᠦᠰᠤᠯ ᠢ ᠬᠢᠨᠠᠨ ᠪᠠᠶᠢᠴᠠᠭᠠᠪᠠ᠃     ᠦᠪᠤᠷ ᠮᠤᠩᠭᠤᠯ ᠤᠨ ᠲᠦᠯᠤᠬᠡᠯᠡᠭᠴᠢᠳ ᠤᠨ ᠪᠦᠯᠬᠦᠮ ᠤᠨ ᠲᠠᠷᠤᠭ᠎ᠠ ᠱᠢ ᠲᠠᠢ ᠹᠧᠩ ᠬᠢᠨᠠᠨ ᠪᠠᠶᠢᠴᠠᠭᠠᠬᠤ ᠳᠤ ᠤᠷᠤᠯᠴᠠᠵᠤ᠂ ᠮᠧᠩ ᠹᠠᠨ ᠯᠢ᠂ ᠨᠠᠰᠤᠨᠮᠦ᠋ᠩᠬᠡ᠂ ᠴᠢ᠊ ᠪᠠᠳᠤ᠂ ᠮᠠ ᠰᠢᠤᠸᠠᠢ ᠵᠢᠶᠦ᠋ᠨ ᠲᠤᠰ ᠲᠤᠰ ᠲᠦᠯᠤᠬᠡᠯᠡᠭᠴᠢᠳ ᠤᠨ ᠪᠦᠯᠬᠦᠮ ᠤᠨ ᠲᠤᠭᠤᠢᠢᠯᠠᠩ ᠬᠤᠪᠢᠶᠠᠬᠰᠠᠨ ᠬᠤᠷᠠᠯ ᠢ ᠡᠷᠬᠢᠯᠠᠪᠠ᠃ ᠤᠯᠤᠰ  ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠠᠵᠢᠯᠳᠠᠨ ᠰᠦᠯᠵᠢᠶᠠᠨ ᠤ ᠸᠢᠳᠢᠣ᠋ ᠬᠡᠯᠪᠡᠷᠢ ᠪᠠᠷ ᠲᠦᠯᠤᠬᠡᠯᠡᠭᠴᠢᠳ ᠤᠨ ᠬᠢᠨᠠᠨ ᠪᠠᠶᠢᠴᠠᠭᠠᠬᠰᠠᠨ ᠰᠠᠨᠠᠯ ᠢ ᠰᠤᠨᠤᠰᠴᠠᠢ᠃     ᠮᠧᠩ ᠹᠠᠨ ᠯᠢ᠂ ᠤᠷᠳᠤ᠂ ᠵᠠᠩ ᠵᠢᠶᠠᠨ ᠮᠢᠨ᠂ ᠶᠠᠩ ᠹᠸᠢ ᠶᠦᠨ᠂ ᠵᠠᠩ ᠯᠸᠢ᠂ ᠬᠦᠩ ᠮᠢᠩ ᠵᠦ᠂ ᠡᡁᠦ᠋ᠸᠧ ᠵᠤᠤ ᠯᠢᠶᠠᠩ᠂ ᠱᠢ ᠢᠤᠢ ᠳ᠋ᠦᠩ᠂ ᠮᠦᠩᠬᠡ ᠂ ᠸᠠᠩ ᠰᠢᠨ ᠬᠤᠢ᠂ ᠴᠧᠨ ᠯᠢᠶᠠᠩ᠂ ᠬᠦᠸᠧ ᠶᠠᠨ ᠯᠢᠩ᠂ ᠵᠠᠩ ᠵᠢᠢ ᠢ᠂ ᠵᠤᠤ ᠬᠤᠢ ᠵᠢᠶᠧ᠂ ᠯᠢ ᠢᠤᠢ ᠯᠢᠶᠠᠩ᠂ ᠬᠦᠭᠡᠪᠠᠭᠠᠲᠤᠷ᠂ ᠮᠸᠢ ᠬᠤᠸᠠ᠂ ᠸᠠᠩ ᠵᠢᠶᠦ᠋ᠨ ᠰᠢᠶᠠᠩ᠂ ᠯᠢᠤ ᠶᠠ ᠱᠧᠩ᠂ ᠹᠧᠩ ᠶᠠᠠ ᠯᠢ᠂ ᠯᠢᠤ ᠯᠢ ᠹᠸᠠ᠂ ᠯᠢ ᠼᠦᠢ ᡁᠢ᠂ ᠦ᠋ ᠶᠢᠩ᠂ ᠯᠢ ᠬᠦᠸᠧ ᠴᠢᠨ᠂ ᠵᠸᠤ ᠢ ᠵᠧ᠂ ᠵᠠᠩ ᠵᠢᠢ ᠰᠢᠨ᠂ ᠵᠠᠩ ᠰᠢᠶᠤᠤ ᠪᠢᠩ᠂ ᠰᠢᠤᠸᠠᠢ ᡁᠢ ᠬᠦᠸᠧ᠂ ᠦ᠋ ᠶᠦᠨ ᠪᠦᠸᠧ᠂ ᠰᠢᠩ ᠵᠢᠶᠧ ᠬᠤᠩ᠂ ᠮᠠ ᠴᠦᠨ ᠢᠤᠢ᠂ ᠭᠧ ᠮᠢᠩ᠂ ᠸᠠᠩ ᠰᠢᠶᠤᠤ ᠬᠤᠩ᠂ ᠰᠦᠸᠧ ᠱᠦ ᠬᠤᠢ᠂ ᠮᠧᠩ ᠰᠢᠶᠠᠠ ᠳ᠋ᠦᠩ᠂ ᠢᠤᠢ ᠯᠢ ᠰᠢᠨ᠂ ᠵᠤᠤ ᠵᠢᠶᠠᠩ ᠲᠤᠤ ᠵᠡᠷᠭᠡ ᠲᠦᠯᠦᠭᠡᠯᠡᠭᠴᠢ ᠦᠭᠡ ᠭᠡᠯᠡᠪᠡ᠃ ᠤᠯᠠᠠ ᠢᠶᠠᠷ ᠢᠶᠠᠨ᠂ ᠮᠡᠳᠡᠬᠦᠯᠦᠯᠳᠠ ᠪᠠ ᠲᠦᠰᠦᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠦᠲᠦᠭᠡᠷ ᠬᠤᠭᠤᠴᠠᠭᠠᠠ ᠤ ᠲᠦᠪ ᠬᠤᠷᠢᠶᠠᠠ ᠤ ᠲᠠᠪᠤᠲᠤᠭᠠᠷ ᠪᠦᠬᠦᠲᠠ ᠬᠤᠷᠠᠯ ᠪᠤᠯᠤᠨ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠪᠤᠯᠤᠨ ︽ᠠᠷᠪᠠᠠ ᠲᠦᠷᠪᠡᠲᠦᠭᠡᠷ ᠲᠠᠪᠤᠠ ᠵᠢᠯ︾ ᠤᠨ ᠲᠦᠯᠦᠪᠵᠢᠭᠦᠯᠭᠡ ᠶᠢᠨ ᠬᠦᠲᠦᠯᠪᠦᠷᠢ ᠲᠠᠢ ᠬᠦᠢᠴᠡᠳ ᠵᠤᠯᠭᠠᠭᠤᠯᠵᠦ᠂ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠨ ᠢ ᠬᠦᠢᠴᠡᠳ ᠬᠠᠷᠠᠭᠤᠯᠵᠦ᠂ ᠮᠠᠠ ᠤ ᠤᠯᠤᠰ ᠤᠨ ᠤᠲᠤᠬᠠᠠ ᠤ ᠠᠵᠦ ᠠᠬᠤᠢ ᠨᠡᠶᠢᠭᠡᠮ ᠤᠨ ᠡᠯ᠎ᠠ ᠠᠵᠢᠯ ᠦᠢᠯᠡᠰ ᠤᠨ ᠬᠦᠭᠵᠢᠯᠲᠠ ᠶᠢᠨ ᠭᠡᠷᠡᠭᠴᠡᠭᠡ ᠱᠠᠭᠠᠷᠲᠠᠯᠭ᠎ᠠ ᠲᠠᠢ ᠨᠡᠶᠢᠴᠡᠵᠦ᠂ ᠰᠢᠨᠵᠢᠯᠡᠬᠦ ᠤᠬᠠᠭᠠᠠᠴᠢ ᠴᠢᠨᠠᠷ᠂ ᠴᠢᠭᠯᠡᠭᠦᠯᠦᠯᠲᠦ ᠴᠢᠨᠠᠷ ᠪᠠ ᠡᠵᠡᠮᠳᠡᠵᠦ ᠪᠤᠯᠬᠤᠢᠢᠴᠠ ᠴᠢᠨᠠᠷ ᠢᠶᠠᠷ ᠲᠤᠩ ᠴᠢᠩᠭ᠎ᠠ ᠪᠤᠯᠵᠠᠢ᠂ ᠪᠦᠷᠢᠮᠦᠰᠦᠨ ᠵᠦᠪᠰᠢᠶᠠᠷᠡᠵᠦ ᠪᠠᠶᠢᠨ᠎ᠠ ᠭᠡᠵᠦ ᠦᠵᠡᠵᠡᠭᠡᠪᠡ᠃       ᠲᠦᠯᠤᠬᠡᠯᠡᠭᠴᠢᠳ ᠮᠡᠳᠡᠬᠦᠯᠤᠯᠳᠠ ᠪᠠ ᠲᠦᠰᠤᠯ ᠢ ᠬᠢᠨᠠᠨ ᠪᠠᠶᠢᠴᠠᠭᠠᠬᠤ ᠪᠠ ᠦᠪᠡᠷ ᠦᠪᠡᠷ ᠤᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠤ᠂ ᠤᠷᠤᠨ ᠨᠤᠳᠤᠬ ᠤᠨ ᠵᠠᠰᠠᠬ ᠤᠨ ᠤᠷᠳᠤᠨ ᠤ ᠦᠷᠢ ᠦᠭᠴᠡᠭᠡ ᠶᠢᠨ ᠠᠶᠤᠯ ᠲᠦᠭᠰᠢᠬᠦᠷᠢ ᠳᠤ ᠠᠩᠬᠠᠷᠤᠯ ᠲᠠᠯᠪᠢᠬᠤ᠂ ᠲᠦᠰᠤᠪ ᠤᠨ ᠠᠮᠵᠢᠯᠳᠠ ᠪᠦᠳᠤᠮᠵᠢ ᠶᠢᠨ ᠬᠠᠮᠢᠶᠠᠷᠤᠯᠳᠠ ᠶᠢ ᠴᠢᠩᠭᠠᠳᠬᠠᠬᠤ᠂ ᠤᠯᠤᠰ ᠤᠨ ᠦᠮᠴᠢᠯᠠᠯ ᠤᠨ ᠮᠦᠩᠬᠦᠨ ᠬᠦᠢᠯᠬᠡᠬᠡᠨ ᠤ ᠡᠳ᠋ ᠬᠦᠷᠤᠩᠬᠡ ᠶᠢᠨ ᠬᠠᠮᠢᠶᠠᠷᠤᠯᠳᠠ ᠶᠢᠨ ᠡᠷᠬᠡ ᠬᠠᠷᠢᠭᠤᠴᠠᠯᠭ᠎ᠠ ᠶᠢ ᠴᠢᠨᠠᠬᠰᠢᠳᠠ ᠡᠮᠬᠢᠯᠡᠨ ᠲᠢᠭᠯᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠤᠬ ᠤᠨ ᠶᠡᠭᠡ ᠦᠷ᠎ᠠ ᠠᠰᠢᠬ ᠢ ᠪᠠᠳᠠᠷᠠᠭᠤᠯᠬᠤ᠂ ᠴᠠᠭᠠᠨ ᠢᠳᠡᠬᠡᠨ ᠤ ᠤᠢᠢᠯᠡᠰ ᠢᠶᠠᠷ ᠬᠦᠳᠡᠭᠡ ᠠᠵᠤ ᠠᠬᠤᠢ ᠶᠢ ᠬᠦᠭᠵᠢᠬᠦᠯᠤᠨ ᠮᠠᠨᠳᠤᠭᠤᠯᠬᠤ ᠶᠢ ᠠᠬᠢᠭᠤᠯᠬᠤ᠂ ᠪᠦᠬᠦ ᠰᠠᠪᠠ ᠭᠠᠵᠠᠷ ᠲᠤ ᠠᠮᠢ ᠠᠬᠤᠢ ᠶᠢᠨ ᠰᠡᠷᠬᠦᠯᠳᠠ ᠶᠢ ᠭᠡᠷᠡᠭᠵᠢᠬᠦᠯᠬᠦ᠂ ᠲᠠᠷᠢᠶᠠᠯᠠᠬᠤ ᠪᠠᠨ ᠵᠤᠬᠰᠤᠵᠤ ᠡᠪᠡᠰᠦ ᠮᠤᠳᠤ ᠲᠠᠷᠢᠬᠤ ᠡᠷᠴᠢᠮ ᠢᠶᠠᠨ ᠴᠢᠩᠭᠠᠷᠠᠭᠤᠯᠬᠤ ᠵᠡᠷᠬᠡ ᠲᠠᠯ᠎ᠠ ᠪᠠᠷ ᠰᠠᠨᠠᠯ ᠰᠠᠨᠠᠭᠤᠯᠭ᠎ᠠ ᠲᠤᠷᠠᠳᠴᠠᠢ᠃  
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ