ᠰᠤᠷᠭᠠᠨ ᠬᠥᠮᠦᠵᠢᠯ ᠤᠨ ᠶᠠᠮᠤᠨ᠄ ᠬᠡᠦᠬᠡᠳ ᠤᠨ ᠴᠡᠴᠡᠷᠯᠢᠭ ᠲᠤ ᠰᠤᠷᠬᠤ ᠨᠠᠰᠤᠨ ᠠᠴᠠ ᠡᠮᠦᠨᠡᠬᠢ ᠪᠡᠯᠡᠳᠬᠡᠯ ᠠᠩᠭᠢ ᠭᠠᠷᠭᠠᠵᠤ ᠪᠣᠯᠬᠤ ᠥᠬᠡᠶ ᠬᠡᠵᠦ ᠲᠤᠳᠤᠷᠬᠠᠢ ᠲᠤᠬᠳᠠᠭᠠᠪᠠ︕
ᠨᠡᠶᠢᠲᠡᠯᠡᠭᠰᠡᠨ ᠴᠠᠭ᠄
2021/4/20
    ᠬᠡᠷ ᠤᠨ ᠠᠬᠠᠮᠠᠳ ︽ᠥᠰᠬᠡᠬᠦ ᠭᠡᠳ ᠦᠭᠲᠡᠭᠡᠬᠦ︾᠂ ᠪᠡᠯᠡᠳᠬᠡᠯ ᠠᠩᠭᠢ ︽ᠪᠦᠳᠦᠬᠦᠯᠢᠭ ᠢᠶᠠᠷ ᠡᠷᠬᠢᠯᠡᠬᠦ︾᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠳᠤ ︽ᠪᠠᠷᠢᠮᠵᠢᠶ᠎ᠠ ᠠᠴᠠ ᠳᠠᠪᠠᠭᠰᠠᠨ ᠵᠢᠭᠠᠨ ᠰᠤᠷᠭᠠᠯᠲᠠ ᠬᠢᠬᠦ︾ ᠁ ᠣᠶᠢᠷ᠎ᠠ ᠶᠢᠨ ᠵᠢᠯ ᠤᠳ ᠲᠤ᠂ ᠬᠡᠦᠬᠡᠳ ᠤᠨ ᠰᠤᠷᠭᠠᠨ ᠬᠥᠮᠦᠵᠢᠯ ᠤᠨ ᠬᠦᠷᠢᠶᠡᠨ ᠳᠤ ᠭᠠᠷᠤᠭᠰᠠᠨ ᠠᠰᠠᠭᠤᠳᠠᠯ ᠬᠥᠮᠦᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ︽ᠬᠡᠦᠬᠡᠳ ᠤᠨ ᠴᠡᠴᠡᠷᠯᠢᠭ ᠬᠢᠭᠡᠳ ᠪᠠᠭ᠎ᠠ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠶᠢ ᠶᠡᠬᠡᠪᠡᠷ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠳᠠᠷᠤᠮᠠᠯᠯᠠᠨ ᠲᠠᠷᠬᠠᠭᠠᠪᠠ᠃ ᠪᠢᠴᠢᠭ ᠮᠠᠲ᠋ᠧᠷᠢᠶᠠᠯ ᠳᠤ᠄ ᠪᠠᠭ᠎ᠠ ᠰᠤᠷᠭᠠᠭᠤᠯᠢ ᠳᠤ ᠰᠢᠯᠭᠠᠬᠤ ᠥᠬᠡᠶ ᠪᠠᠷ ᠬᠡᠷ ᠤᠨ ᠤᠶᠢᠷ᠎ᠠ ᠬᠠᠪᠢ ᠳᠤᠨᠢ ᠰᠤᠷᠭᠠᠭᠤᠯᠢ ᠳᠤ ᠣᠷᠣᠭᠤᠯᠬᠤ ᠶᠢ ᠴᠢᠩᠭ᠎ᠠ ᠬᠡᠷᠡᠭᠵᠢᠭᠦᠯᠤᠨ᠎ᠡ᠂ ᠬᠡᠦᠬᠡᠳ ᠤᠨ ᠴᠡᠴᠡᠷᠯᠢᠭ ᠲᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ ᠶᠢ ᠤᠷᠢᠳᠴᠢᠯᠠᠨ ᠵᠢᠭᠠᠵᠤ ᠪᠣᠯᠬᠤ ᠥᠬᠡᠶ᠂ ᠰᠤᠷᠬᠤ ᠨᠠᠰᠤᠨ ᠠᠴᠠ ᠡᠮᠦᠨᠡᠬᠢ ᠪᠡᠯᠡᠳᠭᠡᠯ ᠠᠩᠭᠢ ᠭᠠᠷᠭᠠᠵᠤ ᠪᠣᠯᠬᠤ ᠥᠬᠡᠶ ᠬᠡᠵᠦ ᠲᠤᠳᠤᠷᠬᠠᠢ ᠲᠤᠷᠠᠳᠴᠡᠢ᠃ ︽ᠵᠢᠯᠣᠭᠤᠳᠬᠤ ᠰᠠᠨᠠᠯ︾ ᠳᠤ᠂ ᠪᠠᠭ᠎ᠠ ᠰᠤᠷᠭᠠᠭᠤᠯᠢ ᠳᠤ ᠰᠢᠯᠭᠠᠬᠤ ᠥᠬᠡᠶ ᠪᠠᠷ ᠬᠡᠷ ᠤᠨ ᠤᠶᠢᠷ᠎ᠠ ᠬᠠᠪᠢ ᠳᠤᠨᠢ ᠰᠤᠷᠭᠠᠭᠤᠯᠢ ᠳᠤ ᠣᠷᠣᠭᠤᠯᠬᠤ ᠶᠢ ᠴᠢᠩᠭ᠎ᠠ ᠬᠡᠷᠡᠭᠵᠢᠭᠦᠯᠵᠦ᠂ ᠡᠯ᠎ᠡ ᠲᠥᠷᠥᠯ ᠤᠨ ᠰᠢᠯᠭᠠᠯᠲᠠ᠂ ᠤᠷᠤᠯᠳᠤᠭᠠᠨ᠂ ᠪᠣᠯᠪᠠᠰᠤᠷᠠᠯ ᠤᠨ ᠬᠢᠷᠢ ᠪᠦᠲᠦᠮᠵᠢ ᠪᠤᠶᠤ ᠦᠨᠡᠮᠯᠡᠯ ᠵᠡᠷᠭᠡ ᠪᠠᠷ ᠰᠣᠷᠣᠭᠴᠢ ᠡᠯᠰᠡᠬᠦ ᠦᠨᠳᠦᠰᠦ ᠪᠠᠷᠢᠮᠳᠠ ᠪᠣᠯᠭᠠᠬᠤ ᠶᠢ ᠴᠢᠩᠭ᠎ᠠ ᠬᠢᠵᠠᠭᠠᠷᠯᠠᠵᠤ᠂ ᠬᠢᠴᠢᠶᠡᠯ ᠤᠨ ᠪᠠᠷᠢᠮᠵᠢᠶ᠎ᠠ ᠶᠣᠰᠣᠭᠠᠷ ᠡᠬᠢᠨ ᠠᠴᠠ ᠨᠢ ᠵᠢᠭᠠᠨ ᠰᠤᠷᠭᠠᠬᠤ ᠶᠢ ᠪᠠᠷᠢᠮᠲᠠᠯᠠᠬᠤ ᠬᠡᠷᠡᠭᠲᠡᠶ᠃ ᠬᠡᠦᠬᠡᠳ ᠤᠨ ᠴᠡᠴᠡᠷᠯᠢᠭ ᠨᠢ ᠪᠠᠭ᠎ᠠ ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ ᠶᠢ ᠤᠷᠢᠳᠴᠢᠯᠠᠨ ᠵᠢᠭᠠᠵᠤ ᠪᠣᠯᠬᠤ ᠦᠭᠡᠶ᠂ ᠤᠩᠰᠢᠵᠤ ᠪᠢᠴᠢᠬᠦ᠂ ᠲᠤᠭ᠎ᠠ ᠪᠤᠳᠤᠬᠤ ᠭᠡᠷ ᠤᠨ ᠳᠠᠰᠬᠠᠯ ᠲᠣᠬᠢᠷᠠᠭᠤᠯᠵᠤ ᠪᠣᠯᠬᠤ ᠦᠭᠡᠶ᠂ ᠰᠤᠷᠬᠤ ᠨᠠᠰᠤᠨ ᠠᠴᠠ ᠡᠮᠦᠨᠡᠬᠢ ᠪᠡᠯᠡᠳᠭᠡᠯ ᠠᠩᠭᠢ ᠭᠠᠷᠭᠠᠵᠤ ᠪᠣᠯᠬᠤ ᠦᠭᠡᠶ᠂ ᠬᠡᠦᠬᠡᠳ ᠤᠨ ᠴᠡᠴᠡᠷᠯᠢᠭ ᠲᠠᠬᠢ ᠶᠡᠭᠡ ᠠᠩᠭᠢ ᠶᠢᠨ ᠬᠡᠦᠬᠡᠳ ᠤᠨ ᠪᠠᠶᠢᠳᠠᠯ᠂ ᠰᠢᠯᠲᠠᠭᠠᠨ ᠪᠣᠯᠤᠨ ᠬᠠᠮᠢᠭ᠎ᠠ ᠣᠴᠢᠭᠰᠠᠨ ᠢ ᠨᠢ ᠴᠠᠭ ᠲᠤᠬᠠᠶ ᠳᠤᠨᠢ ᠣᠶᠢᠯᠠᠭᠠᠬᠤ ᠶᠢᠨ ᠬᠠᠮᠲᠤ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠰᠦᠪᠡᠭᠴᠢ ᠶᠢ ᠦᠨᠳᠦᠰᠦᠯᠡᠨ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠢ ᠬᠦᠯᠢᠶᠡᠨ ᠠᠪᠴᠤ ᠲᠣᠭᠲᠠᠭᠠᠯ ᠠᠴᠠ ᠵᠥᠷᠢᠴᠡᠨ ᠪᠣᠯᠪᠠᠰᠤᠷᠠᠯ ᠡᠷᠬᠢᠯᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠷ᠎ᠠ ᠲᠠᠩᠰᠠᠨ ᠳᠤ ᠣᠷᠣᠭᠤᠯᠵᠤ᠂ ᠬᠠᠷ᠎ᠠ ᠲᠠᠩᠰᠠᠨ ᠤ ᠮᠡᠳᠡᠭᠡ ᠵᠠᠩᠭᠢ ᠶᠢ ᠨᠢ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠪᠠᠷ ᠡᠳ᠋ᠯᠡᠬᠦ ᠲᠠᠪᠴᠠᠩ ᠳᠤ ᠣᠷᠣᠭᠤᠯᠵᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠮᠲᠤᠷᠠᠨ ᠵᠠᠯᠬᠠᠭᠠᠨ ᠴᠡᠭᠡᠷᠯᠡᠭᠦᠯᠬᠦ ᠬᠡᠷᠡᠭᠲᠡᠶ᠃ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠨᠢ ᠲᠣᠭᠲᠠᠭᠠᠯ ᠢ ᠬᠦᠨᠳᠦ ᠨᠣᠴᠢᠲᠠᠶ ᠵᠥᠷᠢᠴᠡᠭᠰᠡᠨ ᠬᠡᠦᠬᠡᠳ ᠤᠨ ᠴᠡᠴᠡᠷᠯᠢᠭ ᠪᠣᠯᠤᠨ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠪᠣᠯᠤᠨ ᠬᠤᠯᠪᠣᠭᠳᠠᠯ ᠪᠦᠬᠦᠢ ᠪᠠᠭᠰᠢ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠬᠡᠵᠦ ᠴᠢᠬᠤᠯᠠᠴᠢᠯᠠᠪᠠ᠃ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠭᠤᠯᠭ᠎ᠠ ᠪᠠ ᠠᠷᠭ᠎ᠠ ᠮᠠᠶ᠋ᠢᠭ ᠢ ᠬᠡᠦᠬᠡᠳ ᠤᠨ ᠴᠡᠴᠡᠷᠯᠢᠭ ᠲᠤ ᠲᠦᠭᠦᠮᠭᠡᠨ ᠢᠶᠠᠷ ᠨᠡᠬᠦᠯᠭᠡᠨ ᠬᠡᠷᠡᠭᠯᠡᠬᠦ ᠠᠷᠭ᠎ᠠ ᠬᠢᠳᠡᠯ ᠢ ᠰᠡᠷᠭᠡᠶᠢᠯᠡᠬᠦ ᠬᠡᠷᠡᠭᠳᠡᠢ     ︽ᠵᠢᠯᠣᠭᠤᠳᠬᠤ ᠰᠠᠨᠠᠯ︾ ᠳᠤ᠂ ᠮᠡᠳᠡᠯᠭᠡ ᠶᠢᠨ ᠪᠡᠯᠡᠳᠬᠡᠯ ᠢ ᠬᠡᠲᠦ ᠴᠢᠬᠤᠯᠠᠴᠢᠯᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠵᠢᠭᠠᠨ ᠰᠤᠷᠭᠠᠬᠤ᠂ ᠤᠷᠢᠳᠴᠢᠯᠠᠨ ᠰᠤᠷᠤᠯᠴᠠᠭᠤᠯᠬᠤ ᠪᠠᠶᠢᠳᠠᠯ ᠢ ᠬᠤᠪᠢᠷᠠᠭᠤᠯᠵᠤ᠂ ᠰᠤᠷᠭᠠᠭᠤᠯᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠰᠤᠷᠭᠠᠭᠤᠯᠢ ᠳᠤ ᠣᠷᠣᠬᠤ ᠪᠡᠯᠡᠳᠬᠡᠯ ᠪᠠ ᠰᠤᠷᠭᠠᠭᠤᠯᠢ ᠶᠢᠨ ᠠᠮᠢᠳᠤᠷᠠᠯ ᠳᠤ ᠵᠤᠬᠢᠴᠠᠬᠤ ᠪᠡᠯᠡᠳᠭᠡᠯ ᠢ ᠵᠣᠬᠢᠰᠲᠠᠶ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠵᠣᠯᠭᠠᠯᠴᠠᠭ᠎ᠠ ᠶᠢ ᠰᠠᠶᠢᠲᠤᠷ ᠬᠢᠬᠦ ᠬᠡᠷᠡᠭᠲᠡᠶ᠃ ᠶᠡᠭᠡ ᠠᠩᠭᠢ ᠶᠢᠨ ᠰᠤᠷᠤᠯᠭ᠎ᠠ ᠶᠢᠨ ᠲᠤᠤᠷᠠᠳᠤ ᠬᠤᠭᠤᠴᠠᠭ᠎ᠠ ᠳᠤ ᠬᠡᠦᠬᠡᠳ ᠢ ᠬᠠᠪᠰᠤᠷᠤᠨ ᠠᠮᠢᠳᠤᠷᠠᠯ᠂ ᠨᠡᠶᠢᠭᠡᠮ ᠪᠠ ᠰᠤᠷᠤᠯᠴᠠᠯᠭ᠎ᠠ ᠵᠡᠷᠭᠡ ᠣᠯᠠᠨ ᠲᠠᠯ᠎ᠠ ᠶᠢᠨ ᠪᠡᠯᠡᠳᠬᠡᠯ ᠢ ᠰᠠᠶᠢᠲᠤᠷ ᠬᠢᠵᠦ᠂ ᠪᠠᠭ᠎ᠠ ᠰᠤᠷᠭᠠᠭᠤᠯᠢ ᠶᠢᠨ ᠠᠮᠢᠳᠤᠷᠠᠯ ᠢ ᠢᠳᠡᠪᠬᠢᠲᠡᠶ ᠪᠠᠷ ᠬᠦᠰᠡᠨ ᠬᠦᠯᠢᠶᠡᠬᠦ ᠡᠷᠡᠮᠡᠯᠵᠡᠯ ᠪᠠ ᠬᠦᠰᠡᠨ ᠮᠦᠷᠦᠭᠡᠳᠦᠬᠦ ᠪᠤᠯᠭᠠᠬᠤ ᠬᠡᠷᠡᠭᠲᠡᠶ᠃ ᠪᠠᠭ᠎ᠠ ᠰᠤᠷᠭᠠᠭᠤᠯᠢ ᠶᠢᠨ ᠣᠷᠴᠢᠨ ᠲᠣᠭᠤᠷᠢᠨ᠂ ᠰᠤᠷᠭᠠᠨ ᠬᠥᠮᠦᠵᠢᠯ ᠤᠨ ᠠᠭᠤᠯᠭ᠎ᠠ ᠪᠣᠯᠤᠨ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠢ ᠬᠡᠦᠬᠡᠳ ᠤᠨ ᠴᠡᠴᠡᠷᠯᠢᠭ ᠲᠤ ᠳᠥᠭᠦᠮᠬᠡᠨ ᠢᠶᠠᠷ ᠨᠡᠭᠦᠯᠭᠡᠨ ᠬᠡᠷᠡᠭᠯᠡᠬᠦ ᠪᠤᠷᠤᠭᠤ ᠠᠷᠭ᠎ᠠ ᠬᠢᠳᠡᠯ ᠢ ᠰᠡᠷᠭᠡᠶᠢᠯᠡᠨ ᠵᠠᠯᠠᠷᠠᠭᠤᠯᠬᠤ ᠬᠡᠷᠡᠭᠲᠡᠶ ᠬᠡᠵᠦ ᠲᠤᠳᠤᠷᠬᠠᠢ ᠲᠤᠷᠠᠳᠴᠡᠢ᠃ ᠨᠢᠭᠡᠳᠦᠭᠡᠷ ᠣᠨ ᠤ ᠰᠤᠷᠤᠯᠭ᠎ᠠ ᠶᠢᠨ ᠲᠡᠭᠡᠳᠦ ᠬᠤᠭᠤᠴᠠᠭ᠎ᠠ ᠳᠤ ᠰᠤᠷᠭᠠᠭᠤᠯᠢ ᠶᠢᠨ ᠠᠮᠢᠳᠤᠷᠠᠯ ᠳᠤ ᠵᠣᠬᠢᠴᠠᠬᠤ ᠬᠤᠭᠤᠴᠠᠭ᠎ᠠ ᠲᠣᠬᠢᠷᠠᠭᠤᠯᠵᠤ ᠰᠢᠨ᠎ᠡ ᠰᠤᠷᠤᠭᠴᠢ ᠳᠤ ᠬᠥᠨᠳᠡᠯᠡᠨ ᠬᠠᠷᠢᠴᠠᠭᠤᠯᠤᠯ ᠬᠢᠬᠦ ᠶᠢ ᠴᠢᠩᠭ᠎ᠠ ᠴᠡᠭᠡᠷᠯᠡᠬᠦ ᠬᠡᠷᠡᠭᠲᠡᠶ᠃ ︽ᠵᠢᠯᠣᠭᠤᠳᠬᠤ ᠰᠠᠨᠠᠯ︾ ᠳᠤ᠂ ︽ᠪᠠᠭ᠎ᠠ ᠰᠤᠷᠭᠠᠭᠤᠯᠢ ᠳᠤ ᠰᠤᠷᠭᠠᠭᠤᠯᠢ ᠶᠢᠨ ᠠᠮᠢᠳᠤᠷᠠᠯ ᠳᠤ ᠵᠣᠬᠢᠴᠠᠬᠤ ᠰᠤᠷᠭᠠᠨ ᠬᠥᠮᠦᠵᠢᠯ ᠬᠢᠨ᠎ᠡ︾᠃ ᠪᠠᠭ᠎ᠠ ᠰᠤᠷᠭᠠᠭᠤᠯᠢ ᠨᠢ ᠨᠢᠭᠡᠳᠦᠭᠡᠷ ᠣᠨ ᠤ ᠰᠤᠷᠤᠯᠭ᠎ᠠ ᠶᠢᠨ ᠲᠡᠭᠡᠳᠦ ᠬᠤᠭᠤᠴᠠᠭ᠎ᠠ ᠶᠢ ᠰᠤᠷᠭᠠᠭᠤᠯᠢ ᠶᠢᠨ ᠠᠮᠢᠳᠤᠷᠠᠯ ᠳᠤ ᠵᠤᠬᠢᠴᠠᠬᠤ ᠬᠤᠭᠤᠴᠠᠭ᠎ᠠ ᠪᠣᠯᠭᠠᠨ ᠳᠣᠭᠢᠷᠠᠭᠤᠯᠵᠤ᠂ ᠰᠤᠷᠭᠠᠭᠤᠯᠢ ᠶᠢᠨ ᠠᠮᠢᠳᠤᠷᠠᠯ ᠳᠤ ᠵᠤᠬᠢᠴᠠᠬᠤ ᠰᠤᠷᠭᠠᠨ ᠬᠥᠮᠦᠵᠢᠯ ᠢ ᠭᠤᠤᠯᠳᠠᠯᠭ᠎ᠠ ᠲᠠᠢ ᠬᠢᠵᠦ᠂ ᠣᠷᠣᠨ ᠨᠤᠲᠤᠭ ᠤᠨ ᠬᠢᠴᠢᠶᠡᠯ᠂ ᠰᠤᠷᠭᠠᠭᠤᠯᠢ ᠶᠢᠨ ᠬᠢᠴᠢᠶᠡᠯ ᠪᠠ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢ ᠭᠤᠤᠯᠳᠠᠭᠤ ᠰᠤᠷᠭᠠᠭᠤᠯᠢ ᠶᠢᠨ ᠠᠮᠢᠳᠤᠷᠠᠯ ᠳᠤ ᠵᠤᠬᠢᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠢᠬᠦ ᠲᠠᠢ ᠤᠶᠠᠯᠳᠤᠭᠤᠯᠤᠨ ᠥᠷᠨᠢᠭᠦᠯᠵᠦ᠂ ᠬᠢᠴᠢᠶᠡᠯ ᠤᠨ ᠴᠠᠭ ᠤᠨ ᠲᠣᠬᠢᠷᠠᠭᠤᠯᠤᠯᠲᠠ ᠶᠢ ᠦᠨᠡᠨᠬᠦ ᠪᠠᠲᠤᠯᠠᠬᠤ ᠬᠡᠷᠡᠭᠳᠡᠢ᠃    ᠡᠭᠦᠨ ᠤ ᠬᠠᠮᠲᠤ᠂ ᠨᠢᠭᠡᠳᠦᠭᠡᠷ ᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ  ᠢ ᠥᠭᠡᠷᠡᠴᠢᠯᠡᠵᠦ᠂ ᠤᠯᠤᠰ ᠤᠨ ᠬᠢᠴᠢᠶᠡᠯ ᠢ ᠭᠤᠣᠯᠳᠠᠭᠤ ᠲᠣᠭᠯᠠᠭᠠᠮᠴᠢᠯᠠᠬᠤ᠂ ᠠᠮᠢᠳᠤᠷᠠᠯᠴᠢᠯᠠᠬᠤ᠂ ᠶᠡᠷᠦᠩᠬᠡᠶᠢᠯᠡᠬᠦ ᠵᠡᠷᠭᠡ ᠠᠷᠭ᠎ᠠ ᠮᠠᠶ᠋ᠢᠭ ᠢᠶᠠᠷ ᠬᠢᠵᠦ᠂ ᠬᠡᠦᠬᠡᠳ ᠤᠳ ᠤᠨ ᠬᠠᠶᠢᠨ ᠰᠦᠪᠡᠭᠴᠢᠯᠡᠬᠦ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠰᠤᠷᠤᠯᠴᠠᠯᠭ᠎ᠠ ᠶᠢ ᠴᠢᠩᠭᠠᠳᠬᠠᠬᠤ ᠬᠡᠷᠡᠭᠲᠡᠢ᠃ ᠬᠡᠦᠬᠡᠳ ᠤᠳ ᠤᠨ ᠪᠡᠶ᠎ᠡ ᠰᠡᠳᠬᠢᠯ ᠤᠨ ᠣᠨᠴᠠᠯᠢᠭ ᠪᠣᠯᠤᠨ ᠬᠦᠯᠢᠶᠡᠨ ᠠᠪᠬᠤ ᠴᠢᠳᠠᠪᠤᠷᠢ ᠶᠢ ᠣᠮᠲᠣᠭᠠᠶᠢᠯᠠᠬᠤ ᠦᠵᠡᠭᠳᠡᠯ ᠢ ᠦᠨᠡᠨᠬᠦ ᠬᠤᠪᠢᠷᠠᠭᠤᠯᠵᠤ᠂ ᠪᠠᠷᠢᠮᠵᠢᠶ᠎ᠠ ᠠᠴᠠ ᠬᠡᠲᠦᠷᠡᠭᠦᠯᠦᠨ ᠵᠢᠭᠠᠨ ᠰᠤᠷᠭᠠᠬᠤ᠂ ᠠᠬᠢᠴᠠ ᠶᠢ ᠰᠣᠬᠤᠷ ᠪᠠᠯᠠᠶ ᠪᠠᠷ ᠬᠥᠭᠡᠭᠡᠴᠡᠯᠳᠦᠬᠦ ᠪᠤᠷᠤᠭᠤ ᠠᠷᠭ᠎ᠠ ᠬᠢᠳᠡᠯ ᠢ ᠡᠷᠡᠰ ᠵᠠᠯᠠᠷᠠᠭᠤᠯᠬᠤ ᠬᠡᠷᠡᠭᠲᠡᠶ ᠬᠡᠵᠦ ᠲᠤᠷᠠᠳᠪᠠ᠃ ︽ᠵᠢᠯᠣᠭᠤᠳᠬᠤ ᠰᠠᠨᠠᠯ︾ ᠲᠠᠢ ᠬᠠᠮᠲᠤ ᠳᠤᠨᠢ ᠳᠠᠷᠤᠮᠠᠯᠯᠠᠨ ᠲᠠᠷᠬᠠᠭᠠᠬᠰᠠᠨ ︽ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠠᠮᠢᠳᠤᠷᠠᠯ ᠳᠤ ᠵᠤᠬᠢᠴᠠᠬᠤ ᠰᠤᠷᠭᠠᠨ ᠬᠥᠮᠦᠵᠢᠯ ᠤᠨ ᠵᠢᠯᠣᠭᠤᠳᠬᠤ ᠭᠤᠤᠯᠳᠠᠯᠭ᠎ᠠ︾ ᠳᠤ᠂ ᠰᠢᠨ᠎ᠡ ᠰᠣᠷᠣᠭᠴᠢ ᠶᠢᠨ ᠤᠤᠯ ᠤᠨ ᠲᠤᠷᠰᠢᠯᠭ᠎ᠠ᠂ ᠬᠥᠭᠵᠢᠯᠲᠡ ᠶᠢᠨ ᠬᠤᠷᠳᠤᠴᠠ ᠪᠠ ᠬᠥᠭᠵᠢᠯᠲᠡ ᠶᠢᠨ ᠬᠢᠷᠢ ᠲᠦᠪᠰᠢᠨ ᠤ ᠲᠠᠯ᠎ᠠ ᠪᠠᠷ ᠬᠢ ᠵᠥᠷᠢᠶ᠎ᠡ ᠶᠢ ᠬᠦᠢᠴᠡᠳ ᠤᠶᠢᠯᠠᠭᠠᠨ ᠬᠦᠨᠳᠦᠳᠬᠡᠵᠦ᠂ ᠬᠡᠦᠬᠡᠳ ᠨᠢᠭᠡᠪᠦᠷᠢ ᠳᠤ ᠲᠤᠰᠬᠠᠶ ᠵᠢᠯᠣᠭᠤᠳᠣᠯᠭ᠎ᠠ ᠪᠠ ᠬᠠᠪᠰᠤᠷᠤᠯᠭ᠎ᠠ ᠶᠢ ᠴᠢᠭᠯᠡᠬᠦᠯᠦᠯᠳᠦ ᠴᠢᠨᠠᠷᠳᠠᠢ ᠪᠠᠷ ᠬᠢᠵᠦ᠂ ᠬᠡᠲᠦ ᠥᠨᠳᠥᠷ ᠨᠢᠭᠡᠳᠦᠯᠲᠡᠶ ᠱᠠᠭᠠᠷᠳᠠᠯᠭ᠎ᠠ ᠳᠤᠷᠠᠳᠬᠤ ᠪᠤᠶᠤ ᠬᠥᠨᠳᠡᠯᠡᠨ ᠢᠶᠠᠷ ᠬᠠᠷᠢᠴᠠᠭᠤᠯᠤᠯ ᠬᠢᠬᠦ ᠶᠢ ᠴᠢᠩᠭ᠎ᠠ ᠴᠡᠭᠡᠷᠯᠡᠵᠦ᠂ ᠬᠡᠦᠬᠡᠳ ᠤᠨ ᠰᠤᠷᠭᠠᠭᠤᠯᠢ ᠳᠤ ᠣᠷᠣᠬᠤ ᠢᠳᠡᠪᠬᠢᠵᠢᠯ ᠢ ᠮᠢᠲᠠᠷᠠᠭᠤᠯᠬᠤ ᠠᠴᠠ ᠵᠠᠶᠢᠯᠠᠰᠬᠢᠬᠦ ᠬᠡᠷᠡᠭᠲᠡᠶ ᠬᠡᠵᠦ ᠲᠤᠷᠠᠳᠴᠡᠢ᠃ ᠭᠡᠷ ᠤᠨ ᠠᠬᠠᠮᠠᠳ ᠤᠨ ᠳᠠᠷᠤᠭᠠᠰᠤ ᠪᠠ ᠵᠣᠪᠠᠨᠢᠯ ᠢ ᠨᠠᠮᠳᠠᠭᠤᠯᠬᠤ ᠬᠡᠷᠡᠭᠳᠡᠢ᠃ ᠬᠡᠷ ᠪᠦᠯᠢ ᠴᠡᠴᠡᠷᠯᠢᠭ ᠰᠤᠷᠭᠠᠭᠤᠯᠢ ᠶᠢᠨ ᠬᠢᠨ ᠬᠠᠮᠲᠤ ᠪᠠᠷ ᠬᠦᠮᠦᠵᠢᠬᠦ ᠲᠣᠭᠲᠠᠴᠠ ᠶᠢ ᠲᠡᠭᠦᠯᠳᠡᠷᠵᠢᠭᠦᠯᠬᠦ ᠠᠰᠠᠭᠤᠳᠠᠯ ᠤᠨ ᠲᠤᠬᠠᠶ ᠪᠢᠴᠢᠭ ᠮᠠᠲ᠋ᠧᠷᠢᠶᠠᠯ ᠳᠤ ᠪᠠᠰᠠ ᠵᠢᠯᠣᠭᠤᠳᠬᠤ ᠴᠢᠭᠯᠡᠯ ᠢ ᠲᠤᠳᠤᠷᠬᠠᠶᠢᠯᠠᠨ ᠦᠭᠴᠡᠢ᠃ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠨᠢ ᠬᠡᠷ ᠤᠨ ᠠᠬᠠᠮᠠᠳ ᠢ ᠴᠢᠬᠤᠯᠠ ᠬᠠᠮᠲᠤᠷᠠᠯᠴᠠᠭᠠᠨ ᠤ ᠬᠠᠨᠢᠲᠠᠨ ᠪᠣᠯᠭᠠᠵᠤ᠂ ᠬᠡᠷ ᠪᠦᠯᠢ ᠴᠡᠴᠡᠷᠯᠢᠭ ᠰᠤᠷᠭᠠᠭᠤᠯᠢ ᠶᠢᠨ ᠬᠠᠮᠵᠢᠯᠴᠠᠨ ᠨᠡᠪᠲᠡᠷᠡᠯᠴᠡᠬᠦ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠯᠤᠭ᠎ᠠ ᠢᠳᠡᠪᠬᠢᠲᠡᠶ ᠬᠠᠮᠵᠢᠯᠴᠠᠭᠤᠯᠵᠤ᠂ ᠵᠣᠯᠭᠠᠭᠤᠯᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠬᠡᠷ ᠤᠨ ᠠᠬᠠᠮᠠᠳ ᠤᠨ ᠰᠤᠷᠭᠠᠭᠤᠯᠢ ᠳᠤ ᠣᠷᠣᠬᠤ ᠪᠡᠯᠡᠳᠬᠡᠯ ᠪᠠ ᠰᠤᠷᠭᠠᠭᠤᠯᠢ ᠶᠢᠨ ᠠᠮᠢᠳᠤᠷᠠᠯ ᠳᠤ ᠵᠣᠬᠢᠴᠠᠬᠤ ᠲᠠᠯ᠎ᠠ ᠪᠠᠷ ᠬᠢ ᠲᠥᠭᠡᠷᠢᠭᠳᠡᠯ ᠤᠨ ᠠᠰᠠᠭᠤᠳᠠᠯ ᠵᠢᠴᠢ ᠰᠠᠨᠠᠯ ᠰᠠᠨᠠᠭᠤᠯᠭ᠎ᠠ ᠶᠢ ᠴᠠᠭ ᠲᠤᠬᠠᠶ ᠳᠤᠨᠢ ᠣᠶᠢᠯᠠᠭᠠᠵᠤ᠂ ᠤᠯᠤᠰ ᠪᠠ ᠣᠷᠣᠨ ᠨᠤᠲᠤᠭ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠢᠳᠡᠪᠬᠢᠲᠡᠶ ᠤᠬᠠᠭᠤᠯᠵᠤ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠬᠤᠤᠰ ᠴᠢᠭᠯᠡᠯ ᠢᠶᠠᠷ ᠵᠣᠯᠭᠠᠭᠤᠯᠬᠤ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠪᠠ ᠠᠷᠭ᠎ᠠ ᠬᠢᠳᠡᠯ ᠢ ᠤᠬᠠᠭᠤᠯᠤᠨ ᠳᠡᠯᠭᠡᠨ ᠦᠵᠡᠭᠦᠯᠵᠦ᠂ ᠬᠡᠷ ᠤᠨ ᠠᠬᠠᠮᠠᠳ ᠲᠤ ᠮᠡᠳᠡᠯᠭᠡ ᠶᠢᠨ ᠪᠡᠯᠡᠳᠬᠡᠯ ᠢ ᠬᠡᠲᠦ ᠴᠢᠩᠭᠠᠳᠬᠠᠬᠤ᠂ ᠪᠠᠭ᠎ᠠ ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ ᠶᠢ ᠤᠷᠢᠳᠴᠢᠯᠠᠨ ᠰᠤᠷᠤᠯᠴᠠᠭᠤᠯᠬᠤ ᠶᠢᠨ ᠬᠤᠤᠷ ᠬᠥᠨᠥᠭᠡᠯ ᠢ ᠲᠠᠨᠢᠭᠤᠯᠵᠤ᠂ ᠬᠡᠷ ᠤᠨ ᠠᠬᠠᠮᠠᠳ ᠤᠨ ᠳᠠᠷᠤᠯᠲᠠ ᠪᠠ ᠵᠣᠪᠠᠨᠢᠯ ᠢ ᠨᠠᠮᠳᠠᠭᠤᠯᠬᠤ ᠬᠡᠷᠡᠭᠲᠡᠶ ᠬᠡᠪᠡ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号