ᠵᠠᠷᠯᠠᠯ  ︵ᠬᠤᠯᠤᠭᠠᠨ᠎ᠠ ᠶᠢᠨ ᠡᠮ ᠲᠠᠯᠪᠢᠭᠰᠠᠨ ᠭᠠᠵᠠᠷ ᠢ ᠲᠣᠳᠤᠷᠬᠠᠶᠢᠯᠠᠪᠠ︶
ᠨᠡᠶᠢᠲᠡᠯᠡᠭᠰᠡᠨ ᠴᠠᠭ᠄
2021/4/28
     ᠳᠡᠭᠡᠳᠦ ᠱᠠᠲᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠤᠬᠠᠶ ᠡᠯ᠎ᠡ ᠵᠦᠢᠯ ᠤᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠶᠢᠷ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠬᠡᠪᠴᠢᠶᠡᠨ ᠳᠠᠬᠢ ᠬᠤᠯᠤᠭᠠᠨ᠎ᠠ ᠶᠢᠨ ᠭᠠᠮᠰᠢᠭ ᠡᠭᠦᠰᠦᠭᠰᠡᠨ ᠭᠠᠵᠠᠷ ᠣᠷᠣᠨ ᠳᠤ ᠬᠤᠤᠷᠲᠤ ᠥᠭᠶᠥᠭᠡ ᠪᠠᠷ ᠬᠤᠯᠤᠭᠠᠨ᠎ᠠ ᠶᠢ ᠤᠰᠠᠳᠬᠠᠬᠤ ᠠᠵᠢᠯ ᠥᠷᠨᠢᠭᠦᠯᠬᠦ ᠪᠠᠷ ᠲᠣᠭᠲᠠᠪᠠ᠂  ᠣᠳᠣ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠰᠡᠷᠭᠡᠶᠢᠯᠡᠨ ᠵᠠᠰᠠᠬᠤ ᠴᠠᠭ᠄ 2021 ᠣᠨ ᠤ 4 ᠰᠠᠷ᠎ᠠ ᠶᠢᠨ 29 ᠤ ᠡᠳᠦᠷ ᠠᠴᠠ 5 ᠰᠠᠷ᠎ᠠ ᠶᠢᠨ 6 ᠤ ᠡᠳᠦᠷ ᠪᠣᠯᠲᠠᠯ᠎ᠠ      ᠬᠤᠶᠠᠷ᠂ ᠬᠤᠯᠤᠭᠠᠨ᠎ᠠ ᠶᠢᠨ ᠡᠮ ᠤᠨ ᠨᠡᠷᠡᠶᠢᠳᠦᠯ᠄ ᠠᠮᠢᠳᠤ ᠪᠣᠳᠠᠰ ᠤᠨ ᠨᠠᠶᠢᠷᠠᠯᠭ᠎ᠠ C ᠬᠡᠯᠪᠡᠷᠢ ᠶᠢᠨ ᠮᠢᠬᠠᠯᠢᠭ ᠬᠤᠣᠷᠲᠤ ᠡᠳ᠋ ᠪᠣᠯᠤᠨ ᠪᠤᠭᠤᠳᠠᠢ᠂  ᠠᠭᠤᠯᠠᠨ ᠰᠢᠷ᠎ᠠ ᠭᠠ ᠶᠢᠨ ᠠᠯᠺᠣᠣᠯ ᠤᠨ ᠬᠤᠯᠢᠮᠠᠯ᠃      ᠭᠤᠷᠪᠠ᠂ ᠬᠤᠯᠤᠭᠠᠨ᠎ᠠ ᠶᠢᠨ ᠡᠮ ᠲᠠᠯᠪᠢᠬᠤ ᠭᠠᠵᠠᠷ᠄ ᠪᠠᠶᠠᠨᠬᠤᠸᠠ ᠪᠠᠯᠭᠠᠰᠤ ᠶᠢᠨ ᠴᠠᠭᠠᠨᠬᠠᠳᠠ ᠭᠠᠴᠠᠭ᠎ᠠ ᠶᠢᠨ ᠬᠦᠪ ᠤᠨ ᠠᠷᠤ᠂ ᠰᠠᠭᠠᠳᠠᠭ ᠰᠤᠮᠤ ᠳᠠᠬᠢ ᠦᠪᠦᠷ ᠮᠣᠩᠭᠤᠯ ᠤᠨ ᠤᠮᠠᠷᠠᠲᠤ ᠬᠦᠨᠳᠦ ᠠᠵᠤ ᠦᠢᠯᠡᠳᠪᠦᠷᠢ ᠶᠢᠨ ᠪᠦᠯᠦᠭᠯᠡᠯᠲᠦ ᠬᠢᠵᠠᠭᠠᠷᠲᠤ ᠺᠤᠮᠫᠠᠨᠢ ᠶᠢᠨ ᠫᠤᠤᠳᠠᠯᠭ᠎ᠠ ᠶᠢᠨ ᠲᠠᠯᠠᠪᠠᠶ ︵ᠬᠦᠬᠡᠦ᠋ᠨᠳᠦᠷ ᠭᠠᠴᠠᠭ᠎ᠠ᠂ ᠪᠠᠭᠢᠲᠢ ᠭᠠᠴᠠᠭ᠎ᠠ︶ ᠶᠢᠨ ᠬᠡᠪᠴᠢᠶᠡᠨ ᠳᠠᠬᠢ ᠬᠤᠯᠤᠭᠠᠨ᠎ᠠ ᠶᠢᠨ ᠭᠠᠮᠰᠢᠭ ᠡᠭᠦᠰᠦᠭᠰᠡᠨ ᠨᠤᠲᠤᠭ ᠪᠡᠯᠴᠢᠭᠡᠷ ᠳᠡᠭᠡᠷ᠎ᠡ᠃      ᠳᠥᠷᠪᠡ᠂ ᠥᠷᠭᠡᠨ ᠣᠯᠠᠨ ᠮᠠᠯᠴᠢᠨ ᠲᠠᠷᠢᠶᠠᠴᠢᠨ ᠵᠢᠴᠢ ᠮᠠᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ᠰᠡᠷᠭᠡᠶᠢᠯᠡᠨ ᠵᠠᠰᠠᠬᠤ ᠬᠤᠭᠤᠴᠠᠭᠠᠨ ᠳᠤ ᠳᠣᠤᠷᠠᠬᠢ ᠲᠣᠭᠲᠠᠭᠠᠯ ᠤᠳ ᠢ ᠴᠢᠩᠭ᠎ᠠ ᠵᠢᠷᠤᠮᠯᠠᠬᠤ ᠬᠡᠷᠡᠭᠲᠡᠶ᠄      1 .ᠬᠤᠣᠷᠲᠤ ᠥᠭᠶᠥᠭᠡ ᠲᠠᠯᠪᠢᠭᠰᠠᠨ 20 ᠡᠳᠦᠷ ᠤᠨ ᠳᠣᠲᠣᠷ᠎ᠠ᠂ ᠬᠤᠯᠤᠭᠠᠨ᠎ᠠ ᠶᠢᠨ ᠡᠮ ᠲᠠᠯᠪᠢᠭᠰᠠᠨ ᠣᠷᠣᠨ ᠲᠤ ᠮᠠᠯ ᠬᠠᠷᠢᠭᠤᠯᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ ᠬᠥᠮᠦᠨ ᠠᠮᠢᠳᠠᠨ ᠤ ᠠᠵᠢᠯᠯᠠᠭ᠎ᠠ ᠶᠢ ᠴᠥᠭᠡᠳᠬᠡᠵᠦ᠂ ᠬᠥᠮᠦᠨ ᠮᠠᠯ ᠬᠤᠣᠷᠳᠠᠭᠳᠠᠬᠤ ᠬᠡᠷᠡᠭ ᠭᠠᠷᠬᠤ ᠠᠴᠠ ᠵᠠᠶᠢᠯᠠᠰᠬᠢᠬᠦ ᠬᠡᠷᠡᠭᠲᠡᠶ᠃      2 . ᠬᠠᠮᠢᠶ᠎ᠠ  ᠪᠥᠬᠦᠶ ᠰᠤᠮᠤ ᠪᠠᠯᠭᠠᠰᠤ᠂ ᠭᠠᠴᠠᠭ᠎ᠠ ᠲᠣᠰᠬᠤᠨ ᠨᠤᠭᠤᠳ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠢ ᠤᠬᠠᠭᠤᠯᠤᠨ ᠳᠠᠶᠢᠴᠢᠯᠠᠵᠤ ᠬᠤᠯᠤᠭᠠᠨ᠎ᠠ ᠤᠰᠠᠳᠬᠠᠬᠤ ᠳᠤ ᠢᠳᠡᠪᠬᠢᠲᠡᠶ ᠬᠠᠮᠵᠢᠯᠴᠠᠭᠤᠯᠬᠤ ᠶᠢᠨ ᠬᠠᠮᠲᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠡᠭᠡᠷ᠎ᠡ ᠶᠢᠨ ᠢᠳᠡᠭᠡᠨ ᠢᠳᠡᠬᠦ ᠶᠢ ᠴᠢᠩᠭ᠎ᠠ ᠴᠠᠭᠠᠵᠠᠯᠠᠵᠤ᠂ ᠬᠤᠯᠤᠭᠠᠨ᠎ᠠ ᠶᠢᠨ ᠲᠥᠷᠥᠯ ᠵᠢᠴᠢ ᠪᠤᠰᠤᠳ ᠡᠪᠡᠳᠴᠢᠨ ᠢᠶᠠᠷ ᠥᠭᠦᠭᠰᠡᠨ ᠬᠡᠭᠡᠷ᠎ᠡ ᠶᠢᠨ ᠠᠮᠢᠲᠠᠨ ᠲᠠᠢ ᠣᠶᠢᠷᠠᠳᠬᠤ ᠥᠬᠡᠶ ᠪᠠᠶᠢᠵᠤ᠂ ᠬᠤᠯᠤᠭᠠᠨ᠎ᠠ ᠶᠢᠨ ᠨᠦᠬᠡᠨ ᠤ ᠡᠷᠬᠢᠨ ᠲᠣᠭᠤᠷᠢᠨ ᠳᠤ ᠰᠠᠭᠤᠵᠤ ᠠᠮᠠᠷᠠᠬᠤ ᠥᠬᠡᠶ ᠪᠠᠶᠢᠵᠤ᠂ ᠨᠣᠬᠠᠶ ᠶᠢᠨ ᠪᠥᠭᠡᠰᠦᠨ ᠳᠤ ᠬᠠᠵᠠᠭᠳᠠᠬᠤ ᠠᠴᠠ ᠰᠡᠷᠭᠡᠶᠢᠯᠡᠬᠦ ᠬᠡᠷᠡᠭᠲᠡᠶ᠃                                                    ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                         2021 ᠣᠨ ᠤ 4 ᠰᠠᠷ᠎ᠠ ᠶᠢᠨ 27 ᠤ ᠡᠳᠦᠷ
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号