ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠠᠵᠢᠯ ᠢ  ᠬᠡᠷᠬᠢᠨ ᠬᠢᠬᠦ ᠪᠤᠶ ︵ᠲᠥᠷᠥ ᠶᠢᠨ ᠪᠣᠳᠣᠯᠭ᠎ᠠ ᠶᠢᠨ ᠲᠠᠶᠢᠯᠤᠮᠵᠢ︶
ᠨᠡᠶᠢᠲᠡᠯᠡᠭᠰᠡᠨ ᠴᠠᠭ᠄
2021/4/7
     ︽ᠠᠷᠪᠠᠨ ᠳᠥᠷᠪᠡᠳᠦᠭᠡᠷ ᠲᠠᠪᠤᠨ ᠵᠢᠯ︾ ᠤᠨ  ᠲᠥᠯᠥᠪᠵᠢᠭᠦᠯᠭᠡ  ᠪᠣᠯᠤᠨ  2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠳᠤ᠂ ᠪᠠᠭ᠎ᠠ ᠠᠯᠬᠤᠮ ᠢᠶᠠᠷ ᠲᠣᠬᠢᠷᠠᠭᠤᠯᠬᠤ᠂ ᠬᠠᠷᠢᠮᠠᠬᠠᠶ ᠪᠠᠷ ᠬᠡᠷᠡᠭᠵᠢᠭᠦᠯᠬᠦ᠂ ᠲᠥᠷᠥᠯ ᠬᠤᠪᠢᠶᠠᠨ ᠠᠬᠢᠭᠤᠯᠬᠤ᠂ ᠨᠢᠭᠡᠳᠦᠯᠲᠡᠶ ᠲᠦᠯᠦᠪᠯᠡᠨ ᠨᠡᠶᠢᠲᠡ ᠳᠤᠨᠢ ᠬᠠᠷᠠᠭᠠᠯᠵᠠᠬᠤ ᠵᠡᠷᠭᠡ ᠵᠠᠷᠴᠢᠮ ᠶᠣᠰᠣᠭᠠᠷ᠂ ᠬᠠᠤᠯᠢ ᠪᠠᠷ  ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠵᠢᠯ ᠢ ᠠᠯᠬᠤᠮ ᠠᠯᠬᠤᠮ ᠢᠶᠠᠷ ᠬᠤᠶᠢᠰᠢᠯᠠᠭᠤᠯᠤᠨ᠎ᠠ ᠭᠡᠵᠦ ᠲᠣᠳᠣᠷᠬᠠᠶ ᠲᠤᠷᠠᠳᠪᠠ᠃      ᠶᠠᠭᠤᠨ ᠳᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ  ᠨᠠᠰᠤ  ᠵᠢᠯ   ᠢ  ᠬᠤᠶᠢᠰᠢᠯᠠᠭᠤᠯᠬᠤ  ᠪᠣᠶ︖ ᠡᠳᠡᠭᠡᠷ ᠵᠠᠷᠴᠢᠮ ᠢ ᠬᠡᠷᠬᠢᠨ ᠣᠶᠢᠯᠠᠭᠠᠬᠤ ᠪᠤᠢ︖ ᠰᠤᠷᠪᠤᠯᠵᠢᠯᠠᠭᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠳᠤᠮᠳᠠᠳᠤ ᠤᠯᠤᠰ ᠤᠨ ᠬᠥᠳᠡᠯᠮᠦᠷᠢ ᠪᠠ  ᠨᠡᠶᠢᠭᠡᠮ ᠤᠨ  ᠪᠠᠲᠤᠯᠠᠭ᠎ᠠ ᠶᠢᠨ  ᠰᠢᠨᠵᠢᠯᠡᠬᠦ  ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᠸᠧᠶ ᠭᠠᠩ ᠢ ᠰᠤᠷᠪᠤᠯᠵᠢᠯᠠᠪᠠ᠃      ᠠᠵᠢᠯ ᠠᠴᠠ ᠪᠠᠨ ᠠᠮᠠᠷᠠᠬᠤ ᠨᠠᠰᠤ ᠵᠢᠯ   ᠢ  ᠬᠤᠶᠢᠰᠢᠯᠠᠭᠤᠯᠬᠤ ᠨᠢ  ᠬᠥᠮᠦᠨ  ᠠᠮᠠ ᠶᠢᠨ  ᠨᠠᠰᠤᠵᠢᠯ ᠢ  ᠢᠳᠡᠪᠬᠢᠲᠡᠶ ᠠᠷᠭᠠᠴᠠᠬᠤ ᠳᠤ ᠠᠰᠢᠭᠲᠠᠶ       ᠶᠢᠨ ᠸᠧᠶ ᠭᠠᠩ ᠢᠯᠡᠷᠬᠡᠶᠢᠯᠡᠬᠦ ᠳᠡᠭᠡᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠳᠤ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠨᠢ ᠭᠤᠤᠯᠳᠠᠭᠤ 4 ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠭᠰᠠᠨ ᠶᠤᠮ᠂ ᠲᠤᠬᠠᠶᠢᠯᠠᠪᠠᠯ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠳᠡᠭᠡᠭᠰᠢᠯᠡᠵᠦ᠂ ᠬᠥᠮᠦᠨ ᠠᠮᠠ ᠶᠢᠨ ᠨᠠᠰᠤᠵᠢᠬᠤ ᠬᠠᠨᠳᠤᠰᠢ ᠲᠦᠷᠭᠡᠰᠴᠦ᠂ ᠰᠤᠷᠭᠠᠨ ᠬᠥᠮᠦᠵᠢᠯ ᠭᠥᠷᠳᠡᠬᠦ ᠤᠨ ᠵᠢᠯ ᠨᠡᠮᠡᠭᠳᠡᠵᠦ᠂ ᠬᠥᠳᠡᠯᠮᠦᠷᠢ ᠬᠦᠴᠦᠨ ᠤ ᠪᠦᠲᠦᠴᠡ ᠳᠤ ᠬᠤᠪᠢᠷᠠᠯᠲᠠ  ᠭᠠᠷᠤᠬᠰᠠᠨ ᠶᠠᠪᠤᠳᠠᠯ ᠪᠤᠯᠤᠨ᠎ᠠ ᠭᠡᠪᠡ᠃     ᠮᠠᠨ ᠤ ᠤᠯᠤᠰ ᠤᠨ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠨᠢᠭᠡᠨᠲᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠶᠢᠨ 40 ᠨᠠᠰᠤ ᠣᠷᠴᠢᠮ ᠠᠴᠠ  2019  ᠣᠨ ᠤ 77 . 3  ᠨᠠᠰᠤ  ᠪᠤᠯᠵᠤ ᠲᠡᠭᠡᠭᠰᠢᠯᠡᠨ᠂ ᠡᠭᠦᠨ ᠳᠤ ᠠᠵᠢᠯ ᠠᠴᠠ ᠪᠠᠨ ᠠᠮᠠᠷᠠᠬᠤ ᠨᠠᠰᠤ ᠯᠤᠭ᠎ᠠ ᠰᠢᠭᠤᠳ ᠬᠤᠯᠪᠣᠭ᠎ᠠ ᠲᠠᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠨᠢᠭᠡᠨᠲᠡ 80 ᠨᠠᠰᠤ ᠶᠢ ᠳᠠᠪᠠᠵᠠᠶ᠃ ᠡᠭᠦᠨ ᠲᠠᠢ ᠬᠠᠷᠢᠴᠠᠭᠤᠯᠪᠠᠯ᠂ ᠮᠠᠨ ᠤ ᠤᠯᠤᠰ ᠤᠨ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ 1951ᠣᠨ ᠳᠤ ᠲᠣᠭᠲᠠᠭᠠᠭᠰᠠᠨ ᠤ ᠳᠠᠷᠠᠭ᠎ᠠ 70 ᠵᠢᠯ ᠲᠣᠬᠢᠷᠠᠭᠤᠯᠤᠯᠲᠠ ᠬᠢᠭᠰᠡᠨ ᠥᠬᠡᠶ᠃ ᠡᠶᠢᠮᠦ ᠠᠴᠠ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠤᠨ ᠳᠡᠭᠡᠭᠰᠢᠯᠡᠯᠲᠡ ᠶᠢ  ᠦᠨᠳᠦᠰᠦᠯᠡᠨ ᠠᠵᠢᠯ   ᠠᠴᠠ   ᠪᠠᠨ  ᠠᠮᠠᠷᠠᠬᠤ ᠨᠠᠰᠤᠨ ᠤ ᠳᠦᠷᠢᠮ ᠳᠤ ᠵᠤᠬᠢᠰᠳᠠᠢ ᠲᠤᠬᠢᠷᠠᠭᠤᠯᠤᠯᠳᠠ ᠬᠢᠵᠤ᠂ ᠬᠤᠶᠠᠭᠤᠯᠠ ᠶᠢ ᠰᠢᠨᠵᠢᠯᠡᠬᠦ ᠤᠬᠠᠭᠠᠨᠴᠢ ᠪᠠᠷ  ᠲᠣᠬᠢᠷᠠᠯᠴᠠᠭᠤᠯᠬᠤ ᠴᠢᠬᠤᠯᠠᠲᠠᠶ ᠪᠠᠶᠢᠨ᠎ᠠ᠃        2019 ᠣᠨ ᠤ ᠰᠡᠭᠦᠯᠴᠢ ᠪᠣᠯᠲᠠᠯ᠎ᠠ ᠮᠠᠨ ᠤ ᠤᠯᠤᠰ ᠤᠨ 60 ᠨᠠᠰᠤᠨ ᠠᠴᠠ ᠳᠡᠭᠡᠭᠰᠢᠬᠢ ᠬᠥᠮᠦᠨ ᠠᠮᠠ ᠶᠢᠨ ᠶᠡᠷᠦᠩᠬᠡᠢ ᠬᠥᠮᠦᠨ ᠠᠮᠠ ᠲᠤᠳᠤᠷ᠎ᠠ ᠡᠵᠡᠯᠡᠬᠦ ᠬᠠᠷᠢᠴᠠᠯ 18.1% ᠳᠤ  ᠬᠦᠷᠪᠡ᠂ ᠵᠢᠱᠢᠯᠲᠡ ᠪᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠨᠠᠰᠤ ᠠᠬᠢᠬᠰᠠᠨ ᠬᠥᠮᠦᠨ ᠠᠮᠠ 3 ᠳ᠋ᠦᠩᠰᠢᠭᠤᠷ ᠢ ᠳᠠᠪᠠᠭ᠋ᠤ ᠪᠣᠯᠤᠨ᠎ᠠ᠃ ᠬᠥᠮᠦᠨ ᠠᠮᠠ ᠶᠢᠨ ᠨᠠᠰᠤᠵᠢᠯ ᠤᠨ ᠬᠠᠨᠳᠤᠰᠢ ᠲᠦᠷᠭᠡᠳᠴᠦ ᠪᠠᠶᠢᠬᠤ ᠠᠬᠤᠢ ᠪᠠᠶᠢᠳᠠᠯ ᠳᠣᠣᠷ᠎ᠠ᠂ ᠬᠡᠷᠪᠡ ᠠᠵᠢᠯ ᠠᠴᠠ ᠠᠮᠠᠷᠠᠬᠤ ᠨᠠᠰᠤ ᠵᠢᠯ ᠢ ᠲᠣᠬᠢᠷᠠᠭᠤᠯᠬᠤ ᠦᠭᠡᠢ ᠪᠣᠯ ᠠᠵᠢᠯᠯᠠᠬᠤ ᠬᠥᠮᠦᠨ ᠤᠯᠠᠮ ᠢᠶᠠᠷ ᠴᠦᠭᠡᠷᠡᠵᠦ᠂ ᠠᠵᠢᠯ ᠠᠴᠠ ᠪᠠᠨ ᠠᠮᠠᠷᠠᠬᠤ ᠬᠥᠮᠦᠨ ᠤᠯᠠᠮ ᠢᠶᠠᠷ ᠤᠯᠠᠰᠢᠷᠠᠬᠤ ᠪᠤᠯᠤᠨ᠎ᠠ᠂ ᠡᠬᠦᠨ ᠤ ᠠᠵᠤ ᠠᠬᠤᠢ ᠨᠡᠶᠢᠭᠡᠮ ᠳᠤ ᠦᠵᠡᠭᠦᠯᠬᠦ ᠨᠥᠯᠥᠭᠡ ᠢᠯᠡᠳᠲᠡ ᠪᠣᠯᠵᠦ ᠪᠠᠶᠢᠨ᠎ᠠ᠃              ᠰᠤᠷᠭᠠᠨ ᠬᠦᠮᠦᠵᠢᠯ ᠬᠦᠷᠲᠡᠬᠦ ᠵᠢᠯ ᠬᠤᠭᠤᠴᠠᠭ᠎ᠠ ᠶᠢᠨ ᠲᠦᠭᠡᠮᠡᠯ ᠨᠡᠮᠡᠭᠳᠡᠯ ᠠᠴᠠ ᠠᠪᠴᠤ ᠦᠵᠡᠪᠡᠯ᠂ ᠰᠢᠨ᠎ᠡ ᠪᠠᠷ ᠨᠡᠮᠡᠭᠳᠡᠭᠰᠡᠨ ᠬᠦᠳᠡᠯᠮᠦᠷᠢ ᠶᠢᠨ ᠬᠦᠴᠦᠨ ᠤ ᠳᠣᠲᠣᠷ᠎ᠠ ᠲᠡᠭᠡᠳᠦ ᠵᠡᠷᠭᠡ ᠶᠢᠨ ᠰᠤᠷᠭᠠᠨ ᠬᠦᠮᠦᠵᠢᠯ ᠬᠦᠷᠲᠡᠭᠰᠡᠳ ᠤᠨ ᠬᠠᠷᠢᠴᠠᠯ ᠬᠠᠭᠠᠰ ᠢᠯᠡᠭᠦᠦ ᠶᠢ ᠡᠵᠡᠯᠡᠵᠦ᠂ ᠬᠥᠳᠡᠯᠮᠦᠷᠢᠯᠡᠭᠴᠢ ᠶᠢᠨ ᠰᠤᠷᠭᠠᠨ ᠬᠦᠮᠦᠵᠢᠯ ᠬᠦᠷᠳᠡᠭᠰᠡᠨ ᠳᠤᠮᠳᠠᠴᠢ ᠵᠢᠯ ᠬᠤᠭᠤᠴᠠᠭ᠎ᠠ ᠨᠢ 13.7 ᠵᠢᠯ ᠪᠠᠶᠢᠵᠤ᠂ ᠡᠬᠢᠯᠡᠵᠦ ᠠᠵᠢᠯ ᠳᠤ ᠤᠷᠤᠬᠤ ᠨᠠᠰᠤ ᠨᠢ ᠲᠠᠰᠤᠷᠠᠯᠲᠠ ᠦᠭᠡᠢ ᠬᠤᠶᠢᠰᠢᠯᠠᠵᠤ ᠪᠠᠶᠢᠨ᠎ᠠ᠃ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠪᠢᠷᠠᠭᠤᠯᠬᠤ ᠦᠭᠡᠢ ᠪᠠᠶᠢᠳᠠᠯ ᠳᠣᠣᠷ᠎ᠠ ᠠᠵᠢᠯᠯᠠᠬᠤ ᠳᠤᠮᠳᠠᠴᠢ ᠵᠢᠯ ᠬᠤᠭᠤᠴᠠᠭ᠎ᠠ ᠪᠣᠭᠤᠨᠢᠰᠤᠭᠰᠠᠨ ᠠᠴᠠ ᠪᠣᠯᠵᠤ ᠬᠦᠮᠦᠨ ᠤ ᠬᠦᠴᠦᠨ ᠤ ᠡᠬᠢ ᠪᠠᠶᠠᠯᠢᠭ ᠢ ᠪᠦᠷᠢᠯᠭᠡᠨ ᠰᠦᠢᠳᠭᠡᠵᠦ᠂ ᠬᠦᠮᠦᠨ ᠤ ᠬᠦᠴᠦᠨ ᠤ ᠡᠬᠢ ᠪᠠᠶᠠᠯᠢᠭ ᠢ ᠠᠰᠢᠭᠯᠠᠬᠤ ᠬᠡᠮᠵᠢᠶ᠎ᠡ ᠪᠠᠭᠤᠷᠠᠵᠤ᠂ ᠢᠯᠠᠩᠭᠤᠶ᠎ᠠ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ  ᠪᠠᠶᠢᠭᠤᠯᠤᠮᠵᠢ ᠵᠡᠷᠭᠡ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠳᠠᠷ ᠲᠠᠢ ᠬᠦᠮᠦᠰ ᠴᠤᠬᠯᠠᠷᠠᠬᠰᠠᠨ ᠪᠠᠶᠢᠭᠤᠯᠤᠯᠭ᠎ᠠ ᠨᠢᠭᠡᠴᠡ ᠪᠠ ᠠᠵᠢᠯ ᠲᠦᠷᠦᠯ ᠤᠨ ᠬᠢᠨ ᠳᠤ ᠨᠡᠩ ᠲᠤᠪᠤᠶᠢᠮ᠎ᠠ ᠪᠤᠯᠵᠤ ᠪᠠᠶᠢᠨ᠎ᠠ᠃        ᠮᠠᠨ ᠤ ᠤᠯᠤᠰ ᠤᠨ ᠬᠥᠳᠡᠯᠮᠦᠷᠢᠯᠡᠬᠦ ᠨᠠᠰᠤᠨ ᠤ ᠬᠥᠮᠦᠨ ᠠᠮᠠ ᠶᠢᠨ ᠲᠤᠭ᠎ᠠ  2012 ᠣᠨ ᠠᠴᠠ ᠡᠬᠢᠯᠡᠨ ᠵᠢᠯ ᠪᠦᠷᠢ ᠳᠤᠮᠳᠠᠴᠢ ᠪᠠᠷ 300 ᠲᠦᠮᠡᠨ ᠬᠥᠮᠦᠨ ᠠᠴᠠ ᠳᠡᠭᠡᠭᠰᠢ ᠪᠠᠷ ᠬᠠᠰᠤᠭᠳᠠᠵᠤ᠂ ᠲᠡᠷᠡᠴᠢᠯᠡᠨ ᠬᠠᠰᠤᠭᠳᠠᠭᠰᠠᠨ ᠬᠡᠮᠵᠢᠶ᠎ᠡ ᠨᠢ ᠨᠡᠮᠡᠭᠳᠡᠵᠦ ᠪᠤᠢ᠃ ᠬᠡᠷᠪᠡ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠴᠠᠬ ᠲᠤᠨᠢ ᠲᠤᠬᠢᠷᠠᠭᠤᠯᠤᠨ ᠵᠣᠬᠢᠬᠤ ᠬᠡᠮᠵᠢᠶ᠎ᠡ ᠪᠠᠷ ᠬᠡᠷᠡᠭᠵᠢᠬᠦᠯᠵᠦ᠂ ᠬᠦᠷᠢᠶ᠎ᠡ ᠬᠡᠪᠴᠢᠶ᠎ᠡ ᠨᠢ ᠡᠳᠦᠷ ᠢᠷᠡᠬᠦᠶ᠎ᠡ ᠦᠷᠭᠡᠳᠴᠦ ᠪᠠᠶᠢᠭ᠎ᠠ ᠨᠠᠰᠤ ᠠᠬᠢᠬᠰᠠᠨ ᠬᠦᠮᠦᠨ ᠤ ᠬᠦᠴᠦᠨ ᠤ ᠡᠬᠢ ᠪᠠᠶᠠᠯᠢᠭ ᠢ ᠰᠠᠶᠢᠳᠤᠷ ᠠᠰᠢᠬᠯᠠᠬᠤ ᠳᠤ ᠬᠦᠷᠪᠡᠯ  ᠬᠥᠳᠡᠯᠮᠦᠷᠢ ᠶᠢᠨ ᠤᠷᠤᠯᠴᠠᠯᠭ᠎ᠠ ᠶᠢᠨ ᠨᠤᠷᠮ᠎ᠠ ᠶᠢ ᠵᠤᠬᠢᠬᠤ ᠬᠡᠮᠵᠢᠶ᠎ᠡ ᠪᠠᠷ ᠲᠡᠭᠡᠭᠰᠢᠯᠡᠬᠦᠯᠵᠦ᠂ ᠬᠦᠷᠦᠩᠭᠡ ᠪᠤᠯᠤᠨ ᠬᠦᠳᠡᠯᠮᠦᠷᠢ ᠶᠢᠨ ᠬᠦᠴᠦᠨ ᠢ ᠲᠤᠬᠢᠷᠠᠭᠤᠯᠬᠤ ᠪᠠᠶᠢᠳᠠᠯ ᠢ‌‍ᠰᠠᠶᠢᠵᠢᠷᠠᠭᠤᠯᠬᠤ ᠪᠤᠯᠤᠨ᠎ᠠ᠃           ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠬᠦᠯᠭᠡ ᠶᠢᠨ ᠬᠤᠭᠤᠴᠠᠭᠠᠨ ᠳᠤ ᠮᠠᠨ ᠤ ᠤᠯᠤᠰ ᠤᠨ ᠬᠥᠮᠦᠨ ᠠᠮᠠ ᠶᠢᠨ ᠨᠠᠰᠤᠵᠢᠯ ᠤᠨ ᠶᠠᠪᠤᠴᠠ ᠨᠢ ᠬᠦᠡᠭᠭᠡᠪᠳᠦᠷ ᠬᠡᠮᠵᠢᠶ᠎ᠡ ᠠᠴᠠ ᠪᠠᠨ ᠲᠤᠮᠳᠠ ᠶᠢᠨ ᠬᠡᠮᠵᠢᠶᠡᠨ ᠤ ᠨᠠᠰᠤᠵᠢᠯ ᠤᠨ ᠱᠠᠲᠤᠨ ᠳᠤ ᠣᠷᠣᠬᠤ ᠪᠣᠯᠤᠨ᠎ᠠ᠃ ᠡᠨᠡᠬᠦ ᠲᠡᠦᠭᠡᠨ ᠴᠢᠨᠠᠷᠳᠠᠢ ᠬᠤᠪᠢᠷᠠᠯᠳᠠ ᠨᠢ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠤᠯᠠᠨ ᠲᠠᠯ᠎ᠠ ᠳᠤ ᠴᠢᠬᠤᠯᠠ ᠶᠡᠭᠡ ᠮᠦᠷᠳᠡᠭᠡᠨ ᠠᠯᠤᠰ ᠬᠡᠳᠦ ᠶᠢᠨ ᠨᠦᠯᠦᠭᠡ ᠦᠵᠡᠬᠦᠯᠬᠦ ᠶᠤᠮ᠃ ᠡᠶᠢᠮᠦ ᠠᠴᠠ ᠰᠢᠰᠲ᠋ᠧᠮ ᠤᠨ ᠦᠵᠡᠯᠳᠡ ᠶᠢ ᠪᠠᠷᠢᠮᠳᠠᠯᠠᠵᠤ᠂ ᠨᠡᠩ ᠥᠨᠳᠥᠷ ᠲᠦᠪᠰᠢᠨ ᠠᠴᠠ  ᠪᠠᠷᠠᠭᠠᠯᠠᠯᠳᠤ ᠪᠤᠳᠤᠯᠬᠢᠯᠠᠯ᠂  ᠪᠦᠬᠦ ᠲᠠᠯ᠎ᠠ ᠶᠢᠨ ᠴᠢᠨᠠᠷᠲᠠᠢ ᠲᠥᠯᠥᠪᠯᠡᠭᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠯᠠᠭᠤᠯᠤᠯᠳᠠ ᠬᠢᠬᠦ ᠶᠢ ᠪᠠᠷᠢᠮᠲᠠᠯᠠᠵᠤ᠂ ᠡᠷᠳᠡᠭᠡᠨ ᠠᠷᠭᠠᠴᠠᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠵᠤ᠂ ᠶᠡᠷᠦᠩᠭᠡᠢᠯᠡᠨ ᠠᠷᠭᠠᠴᠠᠵᠤ᠂ ᠠᠵᠤ ᠠᠬᠤᠢ ᠨᠡᠶᠢᠭᠡᠮ ᠢ ᠵᠣᠬᠢᠴᠠᠩᠭᠤᠢ ᠪᠠᠷ ᠬᠥᠭᠵᠢᠬᠦᠯᠬᠦ ᠬᠡᠷᠡᠭᠳᠡᠢ᠃          ᠥᠭᠡᠷᠡᠴᠢᠯᠡᠯᠲᠡ ᠶᠢᠨ ᠠᠶᠢᠵᠢᠮ ᠢ ᠶᠡᠷᠦᠩᠬᠡᠢ ᠳᠤᠨᠢ ᠲᠡᠭᠰᠢᠬᠡᠨ ᠪᠠᠶᠢᠯᠭᠠᠵᠤ᠂ ᠬᠤᠪᠢ ᠬᠥᠮᠦᠨ ᠢ ᠠᠵᠢᠯ ᠠᠴᠠ ᠪᠠᠨ ᠠᠮᠠᠷᠠᠬᠤ ᠴᠠᠭ ᠬᠤᠭᠤᠴᠠᠭ᠎ᠠ ᠶᠢ ᠪᠡᠶ᠎ᠡ ᠪᠠᠨ ᠳᠠᠭᠠᠭᠠᠵᠤ ᠤᠷᠢᠳᠴᠢᠯᠠᠨ ᠰᠣᠩᠭᠤᠬᠤ ᠤᠷᠤᠨ ᠵᠠᠢ ᠲᠠᠢ ᠪᠠᠶᠢᠯᠭᠠᠨ᠎ᠠ            ᠬᠥᠲᠥᠯᠪᠦᠷᠢ ᠳᠤ ᠪᠠᠭ᠎ᠠ ᠠᠯᠬᠤᠮ ᠢᠶᠠᠷ ᠲᠣᠬᠢᠷᠠᠭᠤᠯᠵᠤ᠂  ᠵᠠᠷᠴᠢᠮ ᠢ  ᠬᠠᠷᠢᠮᠠᠬᠠᠶ ᠪᠠᠷ  ᠬᠡᠷᠡᠭᠵᠢᠭᠦᠯᠦᠨ᠎ᠡ  ᠬᠡᠵᠦ ᠲᠤᠷᠠᠳᠤᠬᠰᠠᠨ ᠢ ᠬᠡᠷᠬᠢᠨ ᠤᠶᠢᠯᠠᠭᠠᠬᠤ ᠪᠤᠢ︖         ᠶᠢᠨ ᠸᠧᠢ ᠭᠠᠩ ᠤᠨ ᠵᠠᠳᠠᠯᠤᠯᠲᠠ ᠬᠢᠬᠦ ᠳᠡᠭᠡᠨ᠄ ᠪᠠᠭ᠎ᠠ ᠠᠯᠬᠤᠮ ᠢᠶᠠᠷ ᠲᠣᠬᠢᠷᠠᠭᠤᠯᠤᠨ᠎ᠠ ᠬᠡᠳᠡᠭ ᠢ ᠠᠵᠢᠯ ᠠᠴᠠ ᠪᠠᠨ ᠠᠮᠠᠷᠠᠬᠤ ᠬᠤᠭᠤᠴᠠᠭ᠎ᠠ ᠶᠢ ᠬᠤᠶᠢᠰᠢᠯᠠᠭᠤᠯᠬᠤ ᠥᠭᠡᠷᠡᠴᠢᠯᠡᠯᠲᠡ ᠶᠢ ︽ᠨᠢᠭᠡ ᠯᠡ ᠲᠡᠭᠡᠷ᠎ᠡ ᠬᠢᠴᠢᠬᠦ︾  ᠪᠢᠰᠢ᠂ ᠬᠠᠷᠢᠨ  ᠠᠯᠭᠤᠷ ᠠᠭᠠᠵᠢᠮ ᠢᠶᠠᠷ ᠠᠬᠢᠭᠤᠯᠬᠤ ᠠᠷᠭ᠎ᠠ ᠪᠠᠷ ᠥᠭᠡᠷᠡᠴᠢᠯᠡᠯᠲᠡ ᠬᠢᠵᠦ᠂ ᠪᠠᠭ᠎ᠠ ᠪᠠᠭ᠎ᠠ ᠠᠯᠬᠤᠮ ᠢᠶᠠᠷ ᠬᠡᠷᠡᠭᠵᠢᠭᠦᠯᠵᠦ᠂  ᠵᠢᠯ  ᠪᠦᠷᠢ ᠬᠡᠳᠦᠨ ᠰᠠᠷ᠎ᠠ ᠬᠤᠶᠢᠰᠢᠯᠠᠭᠤᠯᠬᠤ ᠪᠤᠶᠤ ᠬᠡᠳᠦᠨ ᠰᠠᠷ᠎ᠠ ᠪᠤᠯᠪᠠᠯ ᠨᠢᠭᠡ ᠰᠠᠷ᠎ᠠ ᠬᠤᠶᠢᠰᠢᠯᠠᠭᠤᠯᠵᠤ᠂ ᠠᠶᠢᠵᠢᠮ ᠢ ᠶᠡᠷᠦᠩᠬᠡᠢ ᠳᠤᠨᠢ ᠲᠡᠭᠰᠢᠬᠡᠨ ᠪᠠᠶᠢᠯᠭᠠᠬᠤ ᠶᠠᠪᠤᠳᠠᠯ ᠪᠤᠯᠤᠨ᠎ᠡ ᠭᠡᠵᠦ ᠲᠦᠬᠦᠮ ᠢᠶᠠᠷ ᠤᠢᠯᠠᠭᠠᠵᠤ ᠪᠤᠯᠤᠨ᠎ᠠ ᠬᠡᠵᠦ ᠬᠡᠯᠡᠪᠡ᠃          ᠦᠭᠡᠷᠡᠴᠢᠯᠡᠯᠳᠡ ᠶᠢᠨ ᠡᠬᠢᠨ ᠤ ᠬᠤᠭᠤᠴᠠᠭᠠᠨ ᠳᠤ ᠠᠵᠢᠯ ᠠᠴᠠ ᠠᠮᠠᠷᠠᠬᠤ ᠤᠶᠢᠷᠠᠳᠴᠤ ᠪᠠᠶᠢᠭ᠎ᠠ ᠬᠥᠮᠦᠰ ᠤᠨ ᠵᠢᠯ ᠬᠤᠭᠤᠴᠠᠭ᠎ᠠ ᠶᠢ ᠨᠢ 1 ᠰᠠᠷ᠎ᠠ ᠪᠤᠶᠤ ᠬᠡᠳᠦᠨ ᠰᠠᠷ᠎ᠠ ᠯᠠ ᠬᠤᠶᠢᠰᠢᠯᠠᠭᠤᠯᠤᠨ᠎ᠠ᠂ ᠡᠨᠡ ᠨᠢ ᠬᠤᠪᠢ ᠬᠥᠮᠦᠨ ᠤ ᠠᠵᠢᠯ ᠠᠮᠢᠳᠤᠷᠠᠯ ᠢ ᠲᠡᠮᠡᠢ ᠶᠡᠭᠡ ᠨᠥᠯᠥᠭᠡᠯᠡᠬᠦ ᠦᠭᠡᠢ᠃ ᠵᠠᠯᠠᠭᠤᠬᠠᠨ ᠬᠥᠳᠡᠯᠮᠦᠷᠢᠴᠢᠨ ᠳᠤ ᠠᠪᠴᠤ ᠬᠡᠯᠡᠪᠡᠯ᠂ ᠠᠵᠢᠯ ᠠᠴᠠ ᠪᠠᠨ ᠠᠮᠠᠷᠠᠬᠤ ᠵᠢᠯ ᠬᠤᠭᠤᠴᠠᠭ᠎ᠠ ᠶᠢ ᠬᠤᠶᠢᠰᠢᠯᠠᠭᠤᠯᠬᠤ ᠬᠡᠮᠵᠢᠶ᠎ᠡ ᠨᠢ ᠬᠡᠳᠦᠶᠢᠪᠡᠷ ᠶᠡᠭᠡ ᠰᠢᠭ᠂ ᠠᠵᠢᠯ ᠠᠴᠠ ᠪᠠᠨ ᠠᠮᠠᠷᠠᠬᠤ ᠴᠠᠭ ᠬᠤᠭᠤᠴᠠᠭ᠎ᠠ ᠨᠢ ᠨᠡᠯᠢᠶᠡᠳ ᠤᠷᠲᠤ ᠪᠤᠯᠪᠠᠴᠤ᠂ ᠲᠡᠷᠡ ᠨᠢ 10 ᠵᠢᠯ᠂ 20 ᠵᠢᠯ ᠤᠨ ᠳᠠᠷᠠᠭᠠᠬᠢ ᠤᠴᠢᠷ ᠶᠠᠪᠤᠳᠠᠯ ᠪᠤᠯᠤᠨ᠎ᠠ᠂ ᠲᠡᠷᠡ ᠦᠶ᠎ᠡ ᠶᠢᠨ ᠨᠡᠶᠢᠭᠡᠮ ᠤᠨ ᠣᠷᠴᠢᠨ ᠨᠥᠬᠦᠴᠡᠯ᠂ ᠠᠮᠢᠳᠤᠷᠠᠯ ᠤᠨ ᠲᠦᠪᠰᠢᠨ ᠪᠠ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ᠂ ᠰᠡᠳᠬᠢᠴᠡ ᠶᠢᠨ ᠪᠠᠶᠢᠳᠠᠯ ᠵᠡᠷᠭᠡ ᠳᠤ ᠪᠦᠷ ᠮᠠᠰᠢ ᠣᠯᠠᠨ ᠬᠤᠪᠢᠷᠠᠯᠲᠠ  ᠭᠠᠷᠴᠤ᠂ ᠬᠤᠪᠢ ᠬᠥᠮᠦᠨ ᠨᠢ  ᠴᠦ ᠲᠣᠬᠢᠷᠠᠭᠤᠯᠤᠨ ᠵᠣᠬᠢᠴᠠᠬᠤ ᠨᠡᠯᠢᠶᠡᠳ ᠴᠠᠭ ᠲᠠᠢ ᠪᠤᠯᠤᠨ᠎ᠠ᠃              ᠬᠠᠷᠢᠮᠠᠬᠠᠶ ᠪᠠᠷ ᠬᠡᠷᠡᠭᠵᠢᠭᠦᠯᠦᠨ᠎ᠡ ᠬᠡᠳᠡᠭ ᠨᠢ ᠳᠠᠷᠤᠢ ᠠᠵᠢᠯ ᠠᠴᠠ ᠪᠠᠨ ᠠᠮᠠᠷᠠᠬᠤ ᠨᠠᠰᠤ ᠵᠢᠯ ᠢ  ᠬᠤᠶᠢᠰᠢᠯᠠᠭᠤᠯᠬᠤ ᠳᠤ ︽ᠡᠭᠡᠭᠡ ᠠᠳᠠᠯᠢ ᠬᠢᠬᠦ ᠪᠠᠷ ᠱᠠᠭᠠᠷᠳᠠᠬᠤ︾ ᠪᠢᠰᠢ᠂ ᠬᠥᠮᠦᠨ ᠨᠢᠭᠡᠪᠦᠷᠢ ᠶᠢ ᠵᠠᠪᠠᠯ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠬᠤᠶᠢᠰᠢᠯᠠᠭᠤᠯᠤᠬᠰᠠᠨ ᠨᠠᠰᠤᠨ ᠳᠤ ᠬᠦᠷᠪᠡᠯ ᠰᠠᠶ᠋ᠢ ᠠᠵᠢᠯ ᠠᠴᠠ ᠪᠠᠨ ᠠᠮᠠᠷᠠᠬᠤ ᠪᠣᠯᠤᠨ᠎ᠠ ᠭᠡᠰᠡᠨ ᠶᠠᠪᠤᠳᠠᠯ ᠪᠢᠰᠢ᠂ ᠬᠠᠷᠢᠨ ᠬᠤᠪᠢ ᠬᠥᠮᠦᠨ ᠢ ᠠᠵᠢᠯ ᠠᠴᠠ ᠪᠠᠨ ᠠᠮᠠᠷᠠᠬᠤ ᠴᠠᠭ ᠬᠤᠭᠤᠴᠠᠭ᠎ᠠ ᠶᠢ ᠪᠡᠶ᠎ᠡ ᠪᠠᠨ ᠳᠠᠭᠠᠭᠠᠵᠤ ᠤᠷᠢᠳᠴᠢᠯᠠᠨ ᠰᠣᠩᠭᠤᠬᠤ ᠤᠷᠤᠨ ᠵᠠᠢ ᠲᠠᠢ ᠪᠠᠶᠢᠯᠭᠠᠨ᠎ᠠ ᠭᠡᠰᠡᠨ ᠶᠠᠪᠤᠳᠠᠯ ᠪᠣᠯᠤᠨ᠎ᠠ᠃ ᠡᠨᠡ ᠨᠢ ᠮᠥᠨ ᠴᠦ ᠠᠵᠢᠯ ᠠᠴᠠ ᠪᠠᠨ  ᠠᠮᠠᠷᠠᠬᠤ ᠨᠠᠰᠤ  ᠵᠢᠯ ᠢ ᠬᠤᠶᠢᠰᠢᠯᠠᠭᠤᠯᠬᠤ ᠥᠭᠡᠷᠡᠴᠢᠯᠡᠯᠲᠡ ᠶᠢᠨ ᠬᠠᠮᠤᠭ ᠤᠨ ᠶᠡᠭᠡ᠂ ᠬᠠᠮᠤᠭ ᠤᠨ ᠴᠢᠬᠤᠯᠠ ᠨᠢᠭᠡᠨ ᠣᠨᠴᠠᠯᠢᠭ ᠪᠣᠯᠤᠨ᠎ᠠ᠃        ᠪᠤᠰᠤᠳᠴᠢ ᠲᠠᠯ᠎ᠠ ᠠᠴᠠ ᠬᠡᠯᠡᠪᠡᠯ᠂ ᠠᠳᠠᠯᠢ ᠪᠤᠰᠤ  ᠠᠵᠢᠯ ᠮᠡᠷᠭᠡᠵᠢᠯ ᠲᠠᠢ ᠬᠦᠮᠦᠰ᠂ ᠠᠳᠠᠯᠢ ᠪᠤᠰᠤ ᠠᠵᠢᠯ ᠤᠨ ᠪᠠᠶᠢᠷᠢ ᠶᠢᠨ ᠠᠵᠢᠯ ᠣᠯᠬᠤ ᠲᠣᠭᠲᠠᠪᠤᠷᠢᠲᠤ ᠴᠢᠨᠠᠷ ᠪᠠ ᠠᠵᠢᠯ ᠤᠨ ᠡᠷᠴᠢᠮ ᠠᠴᠠ ᠠᠪᠴᠤ ᠦᠵᠡᠭᠰᠡᠨ ᠴᠦ ᠲᠡᠷᠡ᠂ ᠡᠰᠡᠬᠦᠯ᠎ᠡ ᠬᠤᠪᠢ ᠬᠥᠮᠦᠨ ᠤ ᠪᠡᠶ᠎ᠡ ᠮᠠᠬᠠᠪᠣᠳ ᠤᠨ ᠪᠠᠶᠢᠳᠠᠯ᠂ ᠭᠡᠷ ᠪᠦᠯᠢ ᠶᠢᠨ ᠬᠡᠷᠡᠭᠴᠡᠭᠡ ᠪᠣᠯᠤᠨ ᠥᠷᠲᠡᠭ ᠤᠨ ᠬᠥᠭᠡᠭᠡᠴᠡᠯᠳᠦᠯ ᠠᠴᠠ ᠦᠵᠡᠭᠰᠡᠨ ᠴᠦ ᠲᠡᠷᠡ᠂ ᠴᠥᠮ ᠨᠡᠯᠢᠶᠡᠳ ᠶᠡᠭᠡ ᠵᠥᠷᠢᠶ᠎ᠡ ᠤᠷᠤᠰᠢᠵᠤ᠂ ᠡᠭᠦᠨ ᠠᠴᠠ ᠪᠤᠯᠤᠬᠰᠠᠨ ᠭᠤᠮᠣᠳᠠᠯ ᠱᠠᠭᠠᠷᠳᠠᠯᠭ᠎ᠠ ᠨᠢ ᠴᠦ ᠠᠳᠠᠯᠢ ᠦᠭᠡᠢ ᠪᠠᠶᠢᠳᠠᠭ᠃ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ  ᠥᠭᠡᠷᠡᠴᠢᠯᠡᠯᠲᠡ ᠨᠢ ᠡᠶᠢᠮᠦᠷᠬᠦ ᠣᠯᠠᠨ ᠡᠰᠢᠴᠢᠯᠡᠭᠰᠡᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠬᠰᠠᠨ ᠶᠤᠮ᠃ ᠨᠢᠭᠡᠳᠦᠯᠲᠡᠢ ᠬᠡᠷᠡᠭᠵᠢᠭᠦᠯᠬᠦ ᠶᠢᠨ ᠰᠠᠭᠤᠷᠢᠨ ᠳᠡᠭᠡᠷ᠎ᠡ᠂ ᠮᠠᠨ ᠤ ᠤᠯᠤᠰ ᠤᠨ ᠪᠣᠳᠠᠲᠤ  ᠪᠠᠶᠢᠳᠠᠯ᠂ ᠰᠣᠶᠣᠯ ᠤᠨ ᠤᠯᠠᠮᠵᠢᠯᠠᠯ ᠪᠣᠯᠤᠨ ᠲᠡᠦᠬᠡ ᠶᠢᠨ ᠤᠯᠠᠷᠢᠯ ᠬᠤᠪᠢᠰᠤᠯ ᠵᠡᠷᠭᠡ ᠪᠠᠶᠢᠳᠠᠯ ᠲᠠᠢ ᠤᠶᠠᠯᠳᠤᠭᠤᠯᠤᠨ᠂ ᠬᠠᠷᠢᠮᠠᠬᠠᠶ ᠴᠢᠨᠠᠷ ᠪᠦᠬᠦᠢ ᠡᠯᠧᠮᠧᠨ᠋ᠲ ᠢ ᠨᠡᠮᠡᠭᠳᠡᠬᠦᠯᠵᠦ᠂  ᠬᠤᠪᠢ  ᠬᠥᠮᠦᠨ ᠥᠪᠡᠷ ᠤᠨ ᠪᠡᠶ᠎ᠡ ᠶᠢᠨ ᠪᠠᠶᠢᠳᠠᠯ ᠪᠣᠯᠤᠨ ᠨᠥᠬᠦᠴᠡᠯ ᠪᠣᠯᠤᠯᠴᠠᠭ᠎ᠠ ᠪᠠᠨ ᠦᠨᠳᠦᠰᠦᠯᠡᠨ᠂ ᠤᠷᠢᠳᠴᠢᠯᠠᠨ ᠠᠵᠢᠯ ᠠᠴᠠ ᠪᠠᠨ‌ᠠᠮᠠᠷᠠᠬᠤ ᠪᠤᠳᠠᠳᠠᠢ ᠴᠠᠭ ᠬᠤᠭᠤᠴᠠᠭ᠎ᠠ ᠪᠠᠨ ᠰᠣᠩᠭᠤᠬᠤ ᠶᠢ ᠵᠦᠪᠰᠢᠶᠡᠷᠡᠵᠦ᠂ ᠥᠭᠡᠷᠡᠴᠢᠯᠡᠯᠲᠡ ᠶᠢᠨ ᠠᠮᠢᠳᠤᠯᠢᠭ ᠴᠢᠨᠠᠷ  ᠪᠣᠯᠤᠨ ᠪᠠᠭᠲᠠᠭᠠᠮᠵᠢᠲᠤ ᠴᠢᠨᠠᠷ ᠢ ᠭᠦᠢᠴᠡᠳ ᠢᠯᠡᠷᠡᠬᠦᠯᠦᠨ᠎ᠡ᠃        ᠠᠳᠠᠯᠢ ᠪᠤᠰᠤ ᠬᠦᠮᠦᠰ ᠤᠨ ᠠᠵᠢᠯ ᠠᠴᠠ ᠪᠠᠨ ᠠᠮᠠᠷᠠᠬᠤ ᠨᠠᠰᠤᠨ ᠤ ᠵᠥᠷᠢᠶ᠎ᠡ ᠶᠢ ᠦᠷᠭᠦᠯᠵᠢᠯᠡᠨ  ᠪᠠᠲᠤᠯᠠᠵᠤ᠂  ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠠᠮᠵᠢᠯᠴᠠᠨ ᠠᠬᠢᠭᠤᠯᠬᠤ ᠴᠢᠬᠤᠯᠠᠲᠠᠢ ᠪᠠᠶᠢᠨ᠎ᠠ              ᠬᠥᠲᠥᠯᠪᠦᠷᠢ ᠳᠤ ᠲᠥᠷᠥᠯ ᠬᠤᠪᠢᠶᠠᠨ ᠠᠬᠢᠭᠤᠯᠬᠤ᠂ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠬᠤ ᠵᠠᠷᠴᠢᠮ ᠢ ᠪᠠᠷᠢᠮᠲᠠᠯᠠᠨ᠎ᠡ ᠬᠡᠵᠦ ᠲᠤᠷᠠᠳᠤᠬᠰᠠᠨ ᠢ ᠬᠡᠷᠬᠢᠨ ᠤᠶᠢᠯᠠᠭᠠᠬᠤ ᠪᠤᠢ︖       ᠶᠢᠨ ᠸᠧᠢ ᠭᠠᠩ ᠤᠨ ᠦᠵᠡᠬᠦ ᠪᠠᠷ᠂ ᠠᠵᠢᠯ ᠲᠥᠷᠥᠯ ᠬᠤᠪᠢᠶᠠᠨ ᠠᠬᠢᠭᠤᠯᠬᠤ ᠬᠡᠳᠡᠭ ᠨᠢ ᠠᠵᠢᠯ ᠠᠴᠠ ᠪᠠᠨ ᠠᠮᠠᠷᠠᠬᠤ ᠴᠠᠭ ᠬᠤᠭᠤᠴᠠᠭ᠎ᠠ ᠶᠢ ᠬᠤᠶᠢᠰᠢᠯᠠᠭᠤᠯᠬᠤ ᠨᠢ  ︽ᠵᠢᠭᠳᠡ ᠠᠯᠬᠤᠮ ᠢᠶᠠᠷ  ᠶᠠᠪᠤᠬᠤ︾  ᠶᠠᠪᠤᠳᠠᠯ  ᠪᠢᠰᠢ᠂ ᠬᠠᠷᠢᠨ ᠣᠳᠣ ᠶᠢᠨ ᠬᠡᠷᠡᠭᠵᠢᠭᠦᠯᠵᠦ ᠪᠠᠶᠢᠭ᠎ᠠ ᠠᠵᠢᠯ ᠠᠴᠠ ᠪᠠᠨ ᠠᠮᠠᠷᠠᠬᠤ ᠲᠥᠷᠥ ᠶᠢᠨ ᠪᠣᠳᠣᠯᠭ᠎ᠠ ᠲᠠᠢ ᠲᠣᠭᠲᠠᠭᠤᠨ ᠢᠶᠠᠷ ᠵᠣᠯᠭᠠᠭᠤᠯᠬᠤ ᠶᠠᠪᠤᠳᠠᠯ ᠪᠤᠯᠤᠨ᠎ᠠ᠃ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠨᠢ ᠡᠷᠡᠭᠲᠡᠢ ᠠᠵᠢᠯᠲᠠᠨ 60 ᠪᠦᠬᠦᠯᠢ ᠨᠠᠰᠤ᠂ ᠡᠮᠡᠭᠲᠡᠢ ᠺᠠᠳ᠋ᠷ 55 ᠨᠠᠰᠤ᠂ ᠡᠮᠡᠭᠲᠡᠢ ᠠᠵᠢᠯᠴᠢᠨ 50  ᠪᠦᠬᠦᠯᠢ ᠨᠠᠰᠤ ᠪᠤᠯᠤᠨ᠎ᠠ᠂ ᠬᠡᠬᠦ ᠳᠡᠭᠡᠨ ᠲᠥᠷᠥ ᠶᠢᠨ ᠪᠣᠳᠣᠯᠭ᠎ᠠ ᠨᠢ ᠠᠳᠠᠯᠢ ᠦᠭᠡᠢ ᠪᠠᠶᠢᠳᠠᠭ᠃ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠥᠭᠡᠷᠡᠴᠢᠯᠡᠯᠲᠡ ᠨᠢ ᠠᠳᠠᠯᠢ ᠪᠤᠰᠤ ᠬᠦᠮᠦᠰ ᠢ ᠢᠯᠭᠠᠵᠤ᠂ ᠵᠣᠬᠢᠰᠲᠠᠢ ᠠᠶᠢᠵᠢᠮ ᠲᠠᠢ ᠪᠠᠶᠢᠯᠭᠠᠬᠤ ᠠᠷᠭ᠎ᠠ ᠶᠢ ᠠᠪᠴᠤ᠂ ᠯᠠᠪᠳᠠᠭᠤᠨ ᠢᠶᠠᠷ ᠬᠡᠷᠡᠭᠵᠢᠬᠦᠯᠵᠦ᠂ ᠠᠯᠬᠤᠮ ᠠᠯᠬᠤᠮ ᠢᠶᠠᠷ ᠪᠤᠳᠠᠳᠠᠶᠢᠵᠢᠭᠤᠯᠬᠤ ᠪᠣᠯᠤᠨ᠎ᠠ᠃ ᠣᠳᠣ ᠶᠢᠨ ᠠᠳᠠᠯᠢ ᠪᠤᠰᠤ ᠠᠵᠢᠯ ᠮᠡᠷᠭᠡᠵᠢᠯ᠂ ᠭᠠᠵᠠᠷ ᠣᠷᠣᠨ᠂ ᠠᠵᠢᠯ ᠤᠨ ᠪᠠᠶᠢᠷᠢ ᠳᠤ ᠣᠷᠣᠰᠢᠵᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠵᠠᠷᠢᠮ ᠵᠥᠷᠢᠶ᠎ᠡ ᠨᠢ ᠥᠭᠡᠷᠡᠴᠢᠯᠡᠯᠲᠡ ᠬᠢᠭᠰᠡᠨ ᠤ ᠳᠠᠷᠠᠭ᠎ᠠ ᠪᠠᠰᠠ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ  ᠴᠢᠨᠠᠷ ᠢ ᠪᠠᠲᠤᠯᠠᠵᠤ᠂ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠠᠴᠠ ᠡᠮᠦᠨᠡᠬᠢ ᠪᠠ ᠬᠤᠶᠢᠨᠠᠬᠢ ᠶᠢ ᠡᠮᠬᠢ ᠳᠠᠷᠠᠭ᠎ᠠ ᠲᠠᠢ ᠵᠤᠯᠭᠠᠭᠤᠯᠵᠤ᠂ ᠲᠣᠭᠲᠠᠭᠤᠨ ᠢᠶᠠᠷ ᠰᠢᠯᠵᠢᠬᠦ ᠶᠢ ᠪᠠᠲᠤᠯᠠᠬᠤ ᠪᠤᠯᠤᠨ᠎ᠠ᠃              ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠬᠤ ᠬᠡᠳᠡᠭ ᠨᠢ ᠲᠠᠷᠤᠢ ᠠᠵᠢᠯ ᠠᠴᠠ ᠪᠠᠨ ᠠᠮᠠᠷᠠᠬᠤ ᠨᠠᠰᠤ  ᠵᠢᠯ ᠢ ᠬᠤᠶᠢᠰᠢᠯᠠᠭᠤᠯᠬᠤ ᠳᠤ᠂ ︽ᠭᠠᠭᠴᠠ ᠴᠡᠷᠢᠭ ᠭᠠᠪᠰᠢᠭᠠᠶᠢᠯᠠᠨ ᠤᠷᠤᠭᠰᠢᠯᠠᠬᠤ︾  ᠶᠠᠪᠤᠳᠠᠯ ᠪᠢᠰᠢ ᠶᠤᠮ᠃ ᠠᠵᠢᠯ ᠠᠴᠠ ᠪᠠᠨ ᠠᠮᠠᠷᠠᠬᠤ ᠨᠠᠰᠤ ᠵᠢᠯ ᠤᠨ ᠠᠰᠠᠭᠤᠳᠠᠯ ᠨᠢ ᠠᠵᠤ ᠠᠬᠤᠢ ᠨᠡᠶᠢᠭᠡᠮ ᠤᠨ ᠡᠯ᠎ᠡ ᠲᠠᠯ᠎ᠠ ᠳᠤ ᠬᠤᠯᠪᠣᠭᠳᠠᠵᠤ ᠪᠠᠶᠢᠳᠠᠭ ᠪᠣᠯᠬᠤᠷ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠥᠭᠡᠷᠡᠴᠢᠯᠡᠯᠲᠡ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠡᠬᠦᠨ ᠲᠠᠢ ᠬᠤᠯᠪᠣᠭᠳᠠᠬᠤ ᠢᠵᠢ ᠪᠦᠷᠢᠳᠦᠬᠦ ᠪᠠ ᠪᠠᠲᠤᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠮᠠᠰᠢ ᠣᠯᠠᠨ ᠪᠠᠶᠢᠬᠤ ᠪᠦᠭᠡᠳ ᠨᠢᠭᠡᠳᠦᠯᠲᠡᠢ ᠲᠥᠯᠥᠪᠯᠡᠵᠦ᠂ ᠬᠠᠮᠲᠤ ᠪᠠᠷ ᠠᠬᠢᠭᠤᠯᠬᠤ ᠴᠢᠬᠤᠯᠠᠲᠠᠢ ᠪᠠᠶᠢᠨ᠎ᠠ᠃ ᠨᠢᠭᠡ ᠲᠠᠯ᠎ᠠ ᠪᠠᠷ ᠠᠵᠢᠯ ᠠᠴᠠ ᠪᠠᠨ ᠠᠮᠠᠷᠠᠬᠤ ᠨᠠᠰᠤ ᠵᠢᠯ ᠲᠠᠢ ᠬᠤᠯᠪᠣᠭᠳᠠᠬᠤ   ᠥᠩᠭᠡᠷᠡᠭᠰᠡᠨ ᠤ ᠵᠠᠷᠢᠮ ᠲᠥᠷᠥ ᠶᠢᠨ ᠪᠣᠳᠣᠯᠭ᠎ᠠ ᠶᠢ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠶᠢ ᠳᠠᠭᠠᠯᠳᠤᠭᠤᠯᠤᠨ ᠵᠣᠬᠢᠴᠠᠩᠭᠤᠢ ᠪᠠᠷ ᠲᠣᠬᠢᠷᠠᠭᠤᠯᠬᠤ ᠬᠡᠷᠡᠭᠲᠡᠢ︔ ᠨᠥᠭᠦᠭᠡ ᠲᠠᠯ᠎ᠠ ᠪᠠᠷ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠥᠭᠡᠷᠡᠴᠢᠯᠡᠯᠲᠡ ᠨᠢ ᠪᠠᠰᠠ ᠵᠠᠷᠢᠮ ᠰᠢᠨ᠎ᠡ ᠠᠵᠠ ᠲᠣᠬᠢᠶᠠᠯ᠂ ᠠᠰᠠᠭᠤᠳᠠᠯ  ᠪᠣᠯᠤᠨ ᠥᠷᠢᠰᠦᠯᠳᠦᠭᠡᠨ ᠢ ᠠᠪᠴᠢᠷᠠᠬᠤ ᠲᠤᠯᠠ  ᠵᠣᠬᠢᠬᠤ  ᠢᠵᠢ  ᠪᠦᠷᠢᠳᠦᠭᠦᠯᠬᠦ  ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠮᠵᠢᠭᠤᠯᠤᠨ ᠠᠪᠬᠤ ᠴᠢᠬᠤᠯᠠᠳᠠᠢ ᠪᠠᠶᠢᠨ᠎ᠠ᠃        ᠵᠢᠱᠢᠶᠡᠯᠡᠪᠡᠯ ᠬᠡᠷᠬᠢᠨ ᠨᠡᠩ ᠴᠢᠭᠯᠡᠭᠦᠯᠦᠯᠳᠦ ᠴᠢᠨᠠᠷᠲᠠᠢ ᠪᠠᠷ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ  ᠳᠠᠮᠵᠢᠭᠤᠯᠤᠨ  ᠶᠡᠭᠡ ᠨᠠᠰᠤᠨ ᠤ ᠬᠥᠳᠡᠯᠮᠦᠷᠢᠴᠢᠳ ᠤᠨ ᠠᠵᠢᠯ ᠣᠯᠬᠤ ᠪᠠ ᠠᠵᠢᠯ ᠤᠯᠵᠤ ᠦᠢᠯᠡᠰ ᠪᠤᠰᠬᠠᠬᠤ ᠶᠢ ᠠᠬᠢᠭᠤᠯᠬᠤ︔ ᠨᠥᠬᠦᠴᠡᠯ ᠳᠤ ᠨᠡᠶᠢᠴᠡᠬᠦ ᠠᠵᠢᠯ ᠣᠯᠬᠤ ᠳᠤ ᠬᠦᠴᠢᠷᠲᠡᠢ ᠬᠥᠮᠦᠰ ᠢᠯᠠᠩᠭᠤᠶ᠎ᠠ  ᠠᠮᠢᠳᠤᠯᠢᠭ ᠢᠶᠠᠷ ᠠᠵᠢᠯ ᠣᠯᠤᠭᠰᠠᠨ ᠬᠥᠮᠦᠰ ᠲᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠬᠡᠷᠬᠢᠨ ᠨᠡᠩ ᠶᠡᠭᠡ ᠪᠠᠷ ᠣᠯᠭᠤᠵᠦ᠂ ᠲᠡᠳᠡᠨ ᠤ ᠲᠠᠬᠢᠨ ᠠᠵᠢᠯ ᠤᠯᠬᠤ ᠶᠢ ᠬᠠᠪᠰᠤᠷᠬᠤ ᠵᠡᠷᠭᠡ ᠪᠤᠯᠤᠨ᠎ᠠ᠃      
ᠢᠷᠡᠯᠲᠡ᠄ ᠠᠷᠠᠳ ᠤᠨ ᠰᠦᠯᠵᠢᠶ᠎ᠡ