ᠶᠡᠭᠡ ᠵᠡᠬᠡᠯᠢ᠂ ᠪᠠᠭ᠎ᠠ ᠭᠤᠳᠤᠮᠵᠢ ᠪᠠᠷ ᠬᠡᠵᠢᠶᠡᠳᠡ ᠬᠠᠭᠤᠴᠢᠷᠠᠵᠤ ᠡᠪᠳᠡᠷᠡᠭᠰᠡᠨ ᠲᠠᠷᠭᠡ ᠬᠠᠷᠠᠭᠳᠠᠵᠤ᠂ ᠵᠠᠷᠢᠮ ᠨᠢ ᠨᠢᠬᠡᠨᠳᠡ ᠬᠠᠶᠠᠭᠳᠠᠮᠠᠯ ᠲᠡᠮᠦᠷᠯᠢᠭ ᠲᠠᠳᠦᠢ | ᠦᠯᠡᠳᠡᠵᠦ ᠮᠠᠭᠤᠬᠠᠢ ᠦᠵᠡᠭᠳᠡᠬᠦ ᠪᠠᠷ ᠪᠠᠷᠠᠬᠤ ᠦᠬᠡᠢ ᠪᠠᠰᠠ ᠣᠯᠠᠨ ᠨᠡᠶᠢᠳᠡ ᠶᠢᠨ ᠲᠠᠷᠭᠡᠨ ᠵᠤᠭᠰᠤᠭᠠᠯ ᠢ ᠡᠵᠡᠯᠡᠵᠦ ᠪᠠᠶᠢᠬᠤ ᠪᠠ ᠵᠠᠷᠢᠮ ᠳᠠᠭᠠᠨ ᠪᠠᠰᠠ | ᠠᠶᠠᠨᠳᠠᠭᠠᠨ ᠰᠢᠳᠠᠬᠤ ᠠᠶᠤᠯ ᠲᠠᠢ ᠪᠠᠶᠢᠳᠠᠭ᠃ | 3 ᠰᠠᠷᠠᠶᠢᠨ 20 ᠠᠴᠠ ᠡᠬᠢᠯᠡᠵᠦ᠂ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠵᠠᠮ ᠬᠠᠷᠢᠯᠴᠠᠭᠠᠨ ᠤ | ᠲᠤᠪᠴᠢᠶ᠎ᠠ ᠲᠠᠢ ᠬᠠᠮᠳᠤᠪᠠᠷ ᠬᠠᠷᠢᠶᠠᠳᠣ ᠣᠷᠣᠨ ᠤ ᠲᠤᠳᠤᠷᠠᠬᠢ ᠦᠬᠦᠰᠢᠷᠡᠮᠡᠯ ᠲᠠᠷᠬᠡ ᠪᠠ ᠣᠯᠠᠨ ᠨᠡᠶᠢᠳᠡ ᠶᠢᠨ ᠲᠡᠷᠭᠡᠨ ᠵᠤᠭᠰᠣᠭᠠᠯ ᠢ ᠡᠵᠡᠯᠡᠵᠦ ᠪᠠᠶᠢᠭ᠎ᠠ | ᠬᠠᠭᠤᠴᠢᠨ ᠲᠡᠷᠭᠡ ᠳᠤ ᠨᠢᠬᠡᠳᠦᠯᠳᠡᠢ ᠪᠠᠶᠢᠴᠠᠭᠠᠯᠳᠠ ᠬᠢᠪᠡ᠃ ᠨᠢᠬᠡ ᠳᠤ ᠲᠡᠷᠭᠡᠨ ᠡᠵᠡᠨ ᠨᠢ ᠪᠠᠶᠢᠪᠠᠯ ᠬᠤᠭᠤᠴᠠᠭ᠎ᠠ ᠲᠤᠭᠳᠠᠭᠠᠨ ᠴᠡᠪᠡᠷᠯᠡᠬᠦᠯᠪᠡ᠃ ᠬᠤᠶᠠᠷ ᠲᠤ | ᠲᠡᠷᠭᠡᠨ ᠡᠵᠡᠨ ᠨᠢ ᠤᠯᠳᠠᠬᠤ ᠦᠬᠡᠢ ᠪᠤᠯ ᠬᠠᠤᠯᠢ ᠶᠤᠰᠤᠭᠠᠷ ᠴᠢᠷᠴᠦ ᠵᠠᠶᠢᠯᠠᠭᠤᠯᠪᠠ᠃ ᠡᠬᠦᠨ ᠤ ᠬᠠᠮᠳᠤ ᠬᠠᠤᠯᠢ ᠬᠡᠷᠡᠭᠵᠢᠬᠦᠯᠬᠦ ᠶᠡᠭᠡ ᠠᠩᠭᠢ ᠨᠢ ᠬᠠᠭᠤᠴᠢᠨ | ᠲᠡᠷᠭᠡ ᠡᠵᠡᠩᠨᠡᠭᠴᠢᠳ ᠲᠤ ᠬᠤᠯᠪᠤᠭᠳᠠᠯ ᠪᠦᠬᠦᠢ ᠲᠦᠷᠢᠮ ᠲᠤᠭᠳᠠᠭᠠᠯ ᠢ ᠲᠠᠶᠢᠯᠪᠤᠷᠢᠯᠠᠨ ᠦᠭᠴᠦ᠂ ᠲᠠᠳᠠᠨ ᠤ ᠤᠶᠢᠯᠠᠭᠠᠯᠳᠠ ᠲᠡᠮᠵᠢᠯᠬᠡ ᠶᠢ ᠤᠯᠵᠠᠢ᠃ | ᠨᠢᠬᠡᠳᠦᠬᠡᠷ ᠬᠤᠭᠤᠴᠠᠭᠠᠨ ᠳᠤ 20 ᠦᠬᠦᠰᠢᠷᠡᠮᠡᠯ ᠲᠠᠷᠭᠡ ᠶᠢ ᠪᠠᠶᠢᠴᠠᠭᠠᠨ ᠢᠯᠡᠷᠡᠭᠦᠯᠵᠦ᠂ 12 ᠲᠡᠷᠭᠡ ᠶᠢ ᠦᠪᠡᠷ ᠢᠶᠠᠨ ᠰᠡᠢᠳᠪᠦᠷᠢᠯᠡᠵᠦ᠂ 5 ᠲᠡᠷᠭᠡ ᠶᠢ | ᠠᠯᠪᠠᠳᠠᠯᠭ᠎ᠠ ᠪᠠᠷ ᠰᠢᠯᠵᠢᠬᠦᠯᠪᠡ᠃ | ᠲᠠᠷᠠᠭᠠᠴᠢ ᠪᠠᠷ ᠡᠨᠡᠬᠦ ᠴᠡᠭᠴᠡᠯᠡᠯᠳᠡ ᠶᠢᠨ ᠠᠵᠢᠯᠯᠠᠭ᠎ᠠ ᠶᠢ ᠪᠦᠬᠦ ᠬᠤᠰᠢᠭᠤᠨ ᠤ ᠬᠡᠪᠴᠢᠶᠡᠨ ᠳᠤ ᠶᠠᠪᠤᠭᠳᠠᠭᠤᠯᠵᠤ᠂ ᠤᠷᠳᠤ ᠬᠤᠭᠤᠴᠠᠭᠠᠳᠤ ᠬᠠᠮᠢᠶᠠᠷᠤᠯᠳᠠ | ᠶᠢᠨ ᠵᠤᠬᠢᠴᠠᠮᠵᠢ ᠭᠠᠷᠭᠠᠵᠤ᠂ ᠴᠠᠭᠳᠠᠨ ᠪᠠᠶᠢᠴᠠᠭᠠᠬᠤ ᠬᠦᠴᠦᠯᠢᠭ ᠢᠶᠠᠨ ᠶᠡᠭᠡᠳᠬᠡᠵᠦ᠂ ᠬᠠᠤᠯᠢ ᠪᠤᠰᠤ ᠪᠠᠷ ᠵᠠᠮ ᠡᠵᠡᠯᠡᠨ ᠵᠤᠭᠰᠤᠭᠰᠠᠨ ᠲᠡᠷᠭᠡ ᠶᠢ ᠦᠬᠡᠷ᠎ᠡ | ᠲᠠᠯᠠᠪᠠᠢ ᠳᠤ ᠰᠢᠯᠵᠢᠬᠦᠯᠦᠨ ᠠᠪᠠᠴᠢᠵᠤ᠂ ᠣᠯᠠᠨ ᠨᠡᠶᠢᠳᠡ ᠶᠢᠨ ᠲᠡᠷᠭᠡᠨ ᠵᠤᠭᠰᠤᠭᠠᠯ ᠢ ᠰᠤᠯᠠᠯᠠᠵᠤ᠂ ᠬᠤᠳᠠ ᠶᠢᠨ ᠠᠷᠠᠳ ᠲᠤ ᠲᠦᠬᠦᠮ ᠦᠵᠡᠭᠦᠯᠦᠨ᠎ᠡ᠃ | ᠤᠷᠳᠤ ᠬᠤᠭᠤᠴᠠᠭ᠎ᠠ ᠪᠠᠷ ᠵᠠᠮ ᠡᠵᠡᠯᠡᠨ ᠵᠤᠭᠰᠣᠭᠰᠠᠨ ᠲᠠᠷᠭᠡ ᠪᠠᠶᠢᠬᠤ ᠶᠢ ᠮᠡᠳᠡᠪᠡᠯ ᠲᠤᠰ ᠨᠣᠮᠧᠷ ᠲᠤ ᠤᠳᠠᠰᠤᠳᠤᠭᠠᠷᠠᠢ᠄ 0478 —3225006 | ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠲᠤᠪᠴᠢᠶ᠎ᠠ | |