ᠨᠢᠭᠡ᠂ ᠨᠡᠶᠢᠲᠡᠯᠡᠭᠰᠡᠨ ᠠᠬᠤᠶ ᠪᠠᠶᠢᠳᠠᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ᠵᠢᠴᠢ ︽ᠡᠷᠡᠭᠦᠯ ᠡᠩᠬᠡ | ᠳᠤᠮᠳᠠᠳᠤ ᠤᠯᠤᠰ ᠤᠨ ᠠᠵᠢᠯᠯᠠᠭ᠎ᠠ ︵2019-2030︶︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠡᠷᠡᠭᠦᠯ ᠡᠩᠬᠡ ᠥᠪᠥᠷ ᠮᠣᠩᠭᠤᠯ ᠤᠨ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠭᠦᠨᠵᠡᠭᠡᠶ ᠬᠡᠷᠡᠭᠵᠢᠭᠦᠯᠬᠦ ᠶᠢ ᠠᠭᠢᠭᠤᠯᠤᠨ᠂ ᠡᠮᠡᠭᠲᠡᠶᠢᠴᠦᠳ ᠬᠡᠦᠬᠡᠳ ᠤᠨ ᠣᠯᠠᠨ ᠲᠠᠰ ᠳᠠᠪᠬᠤᠷᠭ᠎ᠠ᠂ ᠣᠯᠠᠨ | ᠶᠠᠩᠵᠤ ᠶᠢᠨ ᠡᠷᠡᠭᠦᠯ ᠮᠡᠨᠳᠦ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠪᠦᠬᠦ ᠣᠷᠣᠨ ᠤ ᠡᠮᠡᠭᠲᠡᠶᠢᠴᠦᠳ ᠬᠡᠦᠬᠡᠳ ᠤᠨ ᠡᠷᠡᠭᠦᠯ ᠴᠢᠭᠢᠷᠠᠭ ᠤᠨ ᠬᠢᠷᠢ | ᠬᠡᠮᠵᠢᠶ᠎ᠡ ᠶᠢ ᠦᠨᠡᠨ ᠬᠦ ᠳᠡᠭᠡᠭᠰᠢᠯᠡᠬᠦᠯᠬᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ︽ᠡᠬᠡ ᠨᠢᠯᠬᠠᠰ ᠤᠨ ᠡᠷᠡᠭᠦᠯ | ᠮᠡᠨᠳᠦ ᠶᠢᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ | ᠲᠣᠭᠲᠠᠭᠠᠵᠤ ᠨᠡᠶᠢᠲᠡᠯᠡᠪᠡ᠃ | ᠬᠤᠶᠠᠷ᠂ ︽ᠰᠠᠨᠠᠯ︾ ᠢ ᠲᠣᠭᠲᠠᠭᠠᠭᠰᠠᠨ ᠴᠢᠬᠤᠯᠠ ᠴᠢᠨᠠᠷ | ᠶᠡᠷᠦᠩᠬᠡᠶ ᠱᠦᠵᠢ ᠰᠢ ᠶᠢᠨ ᠫᠢᠩ ᠪᠥᠬᠦ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠶᠡᠭᠡ ᠬᠤᠷᠠᠯ ᠳᠡᠭᠡᠷ᠎ᠡ᠄ ︽ᠡᠬᠡ ᠨᠢᠯᠬᠠᠰ ᠤᠨ ᠡᠷᠡᠭᠦᠯ | ᠮᠡᠨᠳᠦ ᠶᠢ ᠪᠠᠲᠤᠯᠠᠵᠤ᠂ ᠦᠢᠯᠡᠴᠢᠯᠡᠭᠡᠨ ᠤ ᠡᠬᠢ ᠪᠠᠶᠠᠯᠢᠭ ᠢ ᠵᠦᠶ ᠵᠣᠬᠢᠰᠲᠠᠶ ᠲᠣᠬᠢᠷᠠᠭᠤᠯᠵᠤ᠂ ᠬᠥᠩᠭᠡᠵᠢᠯᠲᠡ ᠶᠢᠨ ᠭᠠᠵᠠᠷ᠂ ᠬᠡᠦᠬᠡᠳ ᠰᠠᠭᠠᠲᠠᠭᠤᠯᠬᠤ ᠵᠡᠷᠭᠡ | ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠴᠢᠭᠢᠷᠠᠭ ᠳᠦᠷᠦᠵᠦ ᠲᠣᠷᠨᠢᠭᠤᠨ ᠥᠰᠬᠡᠬᠦ ᠶᠢ ᠰᠠᠨᠠᠭᠠᠴᠢᠯᠠᠵᠤ᠂ ᠵᠡᠷᠡᠮᠳᠡᠭ ᠲᠦᠷᠦᠭᠦ᠂ | ᠰᠢᠮ᠎ᠡ ᠲᠡᠵᠢᠭᠡᠯ ᠤᠨ ᠴᠢᠨᠠᠷᠲᠠᠶ ᠡᠪᠡᠳᠴᠢᠨ ᠡᠮᠭᠡᠭ᠂ ᠬᠦᠨᠳᠦ ᠲᠦᠭᠰᠢᠭᠦᠷᠢᠲᠡᠶ ᠡᠪᠡᠳᠴᠢᠨ ᠵᠡᠷᠭᠡ ᠡᠮᠡᠭᠲᠡᠶᠢᠴᠦᠳ ᠪᠠ ᠨᠢᠯᠬ᠎ᠠ ᠬᠡᠦᠬᠡᠳ ᠤᠨ ᠡᠷᠡᠭᠦᠯ ᠮᠡᠨᠳᠦ ᠶᠢ | ᠰᠦᠷᠳᠡᠭᠦᠯᠵᠦ ᠪᠠᠶᠢᠭ᠎ᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠣᠪᠤᠶᠢᠮ᠎ᠠ ᠠᠰᠠᠭᠤᠳᠠᠯ ᠤᠳ ᠢ ᠰᠠᠶᠢᠲᠤᠷ ᠰᠢᠢᠳᠪᠦᠷᠢᠯᠡᠵᠤ᠂ ᠬᠥᠳᠡᠭᠡ ᠲᠣᠰᠬᠤᠨ ᠤ ︿ | ᠬᠤᠶᠠᠷ ᠥᠮᠡᠨ﹀ ᠢ ᠰᠢᠭᠰᠢᠨ ᠪᠠᠶᠢᠴᠠᠭᠠᠬᠤ ᠶᠢ ᠰᠠᠶᠢᠲᠤᠷ ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠲᠣᠤᠷ ᠢ ᠪᠠᠲᠤ ᠴᠣᠭᠴᠠᠯᠠᠬᠤ | ᠬᠡᠷᠡᠭᠲᠡᠶ ᠭᠡᠵᠦ ᠴᠢᠬᠤᠯᠠᠴᠢᠯᠠᠵᠠᠢ᠃ ᠶᠡᠷᠦᠩᠬᠡᠶ ᠰᠠᠶᠢᠳ ᠯᠢ ᠺᠧ ᠴᠢᠶᠠᠩ ᠪᠥᠬᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠳᠡᠭᠡᠷ᠎ᠡ᠂ | ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠲᠡᠩᠴᠡᠭᠦᠷᠢ ᠥᠬᠡᠶ ᠠᠰᠠᠭᠤᠳᠠᠯ ᠢ ᠨᠠᠩ ᠬᠦᠴᠦᠲᠡᠶ ᠠᠷᠭ᠎ᠠ ᠬᠡᠮᠵᠢᠶ᠎ᠡ ᠪᠠᠷ | ᠰᠢᠢᠳᠪᠦᠷᠢᠯᠡᠬᠦ ᠶᠢ ᠠᠬᠢᠭᠤᠯᠵᠤ᠂ ᠡᠮᠡᠭᠲᠡᠶᠢᠴᠦᠳ ᠬᠡᠦᠬᠡᠳ ᠤᠨ ᠦᠢᠯᠡᠰ ᠪᠣᠯᠤᠨ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠨᠠᠩ ᠥᠨᠳᠥᠷ | ᠲᠦᠪᠰᠢᠨ ᠳᠤ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠭᠰᠠᠨ ᠪᠠᠶᠢᠨ᠎ᠠ᠃ | 2020 ᠣᠨ ᠤ 6 ᠳ᠋ᠤᠭᠠᠷ ᠰᠠᠷ᠎ᠠ ᠶᠢᠨ 1 ᠤ ᠡᠳᠦᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠡᠮᠨᠡᠯᠭᠡ ᠡᠮᠴᠢᠯᠡᠭᠡ ᠡᠷᠡᠭᠦᠯ | ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠵᠦ᠂ ︽ᠤᠯᠤᠰ ᠠᠴᠠ ᠡᠬᠡ ᠨᠢᠯᠬᠠᠰ ᠤᠨ ᠡᠷᠡᠭᠦᠯ ᠮᠡᠨᠳᠦ ᠶᠢ | ᠬᠠᠮᠠᠭᠠᠯᠠᠬᠤ ᠦᠢᠯᠡᠰ ᠢ ᠬᠥᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠡᠮᠡᠭᠲᠡᠶᠢᠴᠦᠳ᠂ ᠬᠡᠦᠬᠡᠳ ᠲᠤ ᠡᠷᠡᠭᠦᠯ ᠮᠡᠨᠳᠦ ᠶᠢ ᠬᠠᠮᠠᠭᠠᠯᠠᠬᠤ ᠵᠢᠴᠢ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠵᠠᠰᠠᠬᠤ ᠦᠢᠯᠡᠴᠢᠯᠡᠭᠡ ᠬᠠᠩᠭᠠᠵᠤ᠂ | ᠡᠮᠡᠭᠲᠡᠶᠢᠴᠦᠳ᠂ ᠬᠡᠦᠬᠡᠳ ᠤᠨ ᠡᠷᠡᠭᠦᠯ ᠮᠡᠨᠳᠦ ᠶᠢ ᠪᠠᠲᠤᠯᠠᠨ᠎ᠠ︾ ᠭᠡᠵᠦ ᠲᠣᠳᠤᠷᠬᠠᠢ ᠲᠣᠭᠲᠠᠭᠠᠭᠰᠠᠨ ᠪᠠᠶᠢᠨ᠎ᠠ᠃ ︽ᠡᠷᠡᠭᠦᠯ ᠡᠩᠬᠡ ᠳᠤᠮᠳᠠᠳᠤ ᠤᠯᠤᠰ ᠤᠨ | 2030 ᠣᠨ ᠤ ᠲᠥᠯᠥᠪᠵᠢᠭᠦᠯᠭᠡ ᠶᠢᠨ ᠬᠥᠲᠥᠯᠪᠦᠷᠢ︾᠂ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019-2030︶︾ ᠪᠠ ︽︿ᠡᠷᠡᠭᠦᠯ | ᠡᠩᠬᠡ ᠥᠪᠥᠷ ᠮᠣᠩᠭᠤᠯ 2030﹀ ᠶᠢᠨ ᠬᠡᠷᠡᠭᠵᠢᠭᠦᠯᠬᠦ ᠲᠥᠰᠦᠯ︾᠂ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠨᠢ | ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠳᠤ ᠴᠥᠮ ᠰᠢᠨ᠎ᠡ ᠪᠠᠷ ᠪᠣᠳᠠᠲᠠᠶ | ᠱᠠᠭᠠᠷᠳᠠᠯᠭ᠎ᠠ ᠳᠤᠷᠠᠳᠴᠠᠢ᠃ | ᠭᠤᠷᠪᠠ᠂ ︽ᠰᠠᠨᠠᠯ︾ ᠤᠨ ᠭᠤᠤᠯ ᠠᠭᠤᠯᠭ᠎ᠠ | ︽ᠰᠠᠨᠠᠯ︾ ᠳᠤ 7 ᠬᠡᠰᠡᠭ ᠠᠭᠤᠯᠭ᠎ᠠ ᠪᠠᠭᠲᠠᠨ᠎ᠠ᠄ ᠨᠢᠭᠡ ᠳᠤ ᠶᠡᠷᠦᠩᠬᠡᠶ ᠱᠠᠭᠠᠷᠳᠠᠯᠭ᠎ᠠ᠃ | ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ | ᠱᠠᠲᠤᠨ ᠳᠤ ᠴᠥᠮ ᠨᠢᠭᠡ ᠪᠠᠷᠢᠮᠵᠢᠶᠠᠵᠢᠭᠰᠠᠨ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠪᠠᠶᠢᠭᠤᠯᠬᠤ ᠪᠠᠷ ᠴᠢᠷᠮᠠᠶᠢᠨ᠎ᠠ᠃ ᠬᠤᠶᠠᠷ ᠲᠤ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ᠂ ᠲᠤᠰᠬᠠᠢ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ᠂ ᠦᠢᠯᠡᠴᠢᠯᠡᠭᠡᠨ ᠤ ᠲᠣᠣᠷ ᠤᠨ | ᠰᠠᠭᠤᠷᠢ ᠶᠢᠨ ᠪᠦᠲᠦᠭᠡᠨ ᠪᠠᠶᠢᠭᠤᠯᠤᠯᠲᠠ ᠵᠡᠷᠭᠡ ᠳᠦᠷᠪᠡᠨ ᠲᠠᠯ᠎ᠠ ᠪᠠᠷ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ ᠲᠣᠳᠣᠷᠬᠠᠶᠢᠯᠠᠪᠠ᠃ ᠭᠤᠷᠪᠠ ᠳᠤ ᠡᠬᠡ | ᠨᠢᠯᠬᠠᠰ ᠤᠨ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠠ᠃ ᠴᠢᠳᠠᠪᠤᠷᠢᠲᠠᠳ ᠢ ᠬᠥᠮᠦᠵᠢᠭᠦᠯᠬᠦ᠂ | ᠴᠢᠳᠠᠪᠤᠷᠢᠲᠠᠳ ᠤᠷᠢᠨ ᠵᠠᠯᠠᠬᠤ ᠶᠢ ᠴᠢᠩᠭᠠᠳᠬᠠᠬᠤ᠂ ᠴᠠᠯᠢᠩ ᠬᠥᠯᠥᠰᠥ ᠶᠢᠨ ᠤᠷᠮᠠᠰᠢᠭᠤᠯᠤᠯ ᠢ ᠴᠢᠩᠭᠠᠳᠬᠠᠬᠤ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠢ ᠠᠷᠭ᠎ᠠ | ᠬᠡᠮᠵᠢᠶ᠎ᠡ ᠳᠤᠷᠠᠳᠪᠠ᠃ ᠳᠥᠷᠪᠡ ᠳᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠭᠤᠣᠯᠳᠠᠭᠤ | ᠬᠦᠨᠳᠦ ᠡᠪᠡᠳᠴᠢᠲᠡᠨ ᠢ ᠡᠮᠨᠡᠨ ᠠᠪᠤᠷᠠᠬᠤ᠂ ᠡᠬᠡ ᠨᠢᠯᠬᠠᠰ ᠤᠨ ᠡᠮᠴᠢᠯᠡᠭᠡᠨ ᠤ ᠦᠶ᠋ᠯᠡᠴᠢᠯᠡᠭᠡ᠂ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡ᠂ ᠡᠮᠡᠭᠲᠡᠶᠢᠴᠦᠳ | ᠬᠡᠦᠬᠡᠳ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠬᠡ ᠨᠢᠯᠬᠠᠰ ᠤᠨ ᠡᠷᠡᠭᠦᠯ ᠮᠡᠨᠳᠦ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠲᠠᠪᠤ ᠳᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠪᠰᠢᠨ ᠢ ᠴᠢᠩᠭᠠᠳᠬᠠᠨ᠎ᠠ᠃ ᠡᠬᠡ ᠨᠢᠯᠬᠠᠰ ᠤᠨ | ᠡᠷᠡᠭᠦᠯᠵᠢᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ᠂ ᠡᠬᠡ ᠨᠢᠯᠬᠠᠰ ᠤᠨ | ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠴᠢᠨᠠᠷ ᠰᠠᠶᠢᠲᠠᠶ ᠦᠢᠯᠡᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠵᠡᠷᠭᠡ ᠲᠠᠯ᠎ᠠ ᠪᠠᠷ | ᠲᠣᠳᠣᠷᠬᠠᠶᠢᠯᠠᠵᠤ ᠨᠠᠷᠢᠯᠢᠬᠵᠢᠭᠤᠯᠪᠠ᠃ ᠵᠢᠷᠭᠤᠭ᠎ᠠ ᠳᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠯᠠᠭᠠᠨ ᠤ | ᠲᠣᠭᠲᠠᠴᠠ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠳᠤᠮᠳᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠬᠡᠷᠬᠢᠨ ᠠᠬᠢᠭᠤᠯᠬᠤ ᠪᠠ ᠠᠵᠢᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠵᠡᠷᠭᠡ | ᠠᠭᠤᠯᠭ᠎ᠠ ᠶᠢ ᠲᠣᠳᠣᠷᠬᠠᠶᠢᠯᠠᠪᠠ᠃ ᠳᠣᠯᠤᠭ᠎ᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠬᠤ ᠰᠢᠯᠭᠠᠨ ᠬᠢᠨᠠᠬᠤ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ | ᠭᠤᠷᠪᠠᠨ ᠲᠠᠯ᠎ᠠ ᠪᠠᠷ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠭᠤᠤᠯ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠤᠯᠠᠮ ᠨᠢᠭᠡ ᠠᠯᠬᠤᠮ | ᠲᠣᠳᠣᠷᠬᠠᠶᠢᠯᠠᠪᠠ᠃ | ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠦᠢᠯᠡᠰ ᠶᠤᠮ᠂ ᠡᠬᠡ ᠨᠢᠯᠬᠠᠰ ᠤᠨ ᠡᠷᠡᠭᠦᠯ ᠮᠡᠨᠳᠦ ᠨᠢ | ᠪᠥᠬᠦ ᠣᠷᠣᠨ ᠤ ᠭᠤᠷᠪᠠᠨ ᠤ ᠬᠤᠶᠠᠷ ᠠᠴᠠ ᠳᠡᠭᠡᠭᠰᠢᠬᠢ ᠣᠯᠠᠨ ᠲᠦᠮᠡᠨ ᠲᠠᠢ ᠬᠤᠯᠪᠤᠭᠳᠠᠬᠤ ᠲᠤᠯᠠ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ | ᠳᠣᠤᠷ᠎ᠠ᠂ ᠨᠢᠭᠡᠳᠦᠯᠲᠡᠶ ᠲᠥᠯᠥᠪᠵᠢᠭᠦᠯᠦᠨ᠂ ᠠᠵᠢᠯ ᠬᠤᠪᠢᠶᠠᠷᠢᠯᠠᠨ ᠬᠠᠮᠵᠢᠯᠴᠠᠵᠤ᠂ ᠳᠡᠭᠡᠳᠦ ᠬᠡᠮᠵᠢᠶ᠎ᠡ ᠪᠠᠷ ᠠᠬᠢᠭᠤᠯᠬᠤ ᠴᠢᠬᠤᠯᠠ ᠲᠠᠢ ᠪᠠᠶᠢᠨ᠎ᠠ᠃ | |