ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/7
   ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠬᠤᠷᠠᠯ ᠬᠤᠷᠠᠯᠳᠤᠭᠤᠯᠪᠠ    ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠦ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢᠨ ᠭᠤᠤᠯ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠦ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠤᠨ ᠲᠦᠷᠢᠮ︾ ᠢ ᠬᠢᠨᠡᠨ ᠵᠦᠪᠯᠡᠪᠡ᠃    ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 4 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠦ᠂ ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ︔ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢᠨ ᠭᠤᠤᠯ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠪᠠ︔ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠤᠨ ᠲᠦᠷᠢᠮ︾ ᠢ ᠬᠢᠨᠡᠨ ᠵᠦᠪᠯᠡᠪᠡ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃    ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠦ᠂ ᠬᠤᠷᠸ᠎ᠠ ᠲᠦᠷᠦ ᠶᠢᠨ ᠪᠤᠳᠤᠯᠭ᠎ᠠ ᠶᠢ ᠡᠷᠴᠢᠮᠳᠠᠢ ᠭᠡᠷᠡᠭᠵᠢᠬᠦᠯᠦᠨ᠂ ᠮᠠᠨ ᠤ ᠤᠯᠤᠰ ᠤᠨ ᠠᠵᠤ ᠠᠬᠤᠢ ᠶᠢᠨ ᠰᠡᠷᠬᠦᠯᠳᠠ ᠮᠡᠳᠡᠭᠳᠡᠮ᠎ᠠ ᠦᠷ᠎ᠠ ᠪᠦᠲᠦᠮᠵᠢ ᠤᠯᠬᠤ ᠶᠢ ᠠᠬᠢᠭᠤᠯᠵᠦ᠂ ᠠᠵᠤ ᠠᠬᠤᠢ ᠶᠢᠨ ᠡᠷᠬᠢᠯᠳᠡ ᠰᠠᠶᠢᠨ ᠰᠠᠶᠢᠬᠠᠨ ᠡᠬᠢᠯᠡᠯᠳᠠ ᠲᠠᠢ ᠪᠤᠯᠵᠤ᠂ ᠴᠢᠨᠠᠷ ᠰᠠᠶᠢᠳᠠᠢ ᠬᠦᠭᠵᠢᠯᠳᠠ ᠰᠢᠨ᠎ᠠ ᠦᠷ᠎ᠠ ᠪᠦᠳᠦᠮᠵᠢ ᠤᠯᠵᠠᠢ ᠭᠡᠵᠦ ᠦᠵᠡᠪᠡ᠃    ᠬᠤᠷᠠᠯ ᠠᠴᠠ᠂ ᠲᠦᠷᠦᠬᠦᠦ ᠤᠯᠠᠷᠢᠯ ᠤᠨ ᠠᠵᠤ ᠠᠬᠤᠢ ᠶᠢᠨ ᠲᠤᠭ᠎ᠠ ᠪᠠᠷᠢᠮᠳᠠ ᠶᠢ ᠬᠤᠪᠢᠰᠤᠩᠭᠤᠢ ᠪᠠᠷ ᠦᠵᠡᠬᠦ ᠭᠡᠷᠡᠭᠲᠡᠢ᠂ ᠤᠳᠤᠬᠠᠨ ᠤ ᠠᠵᠤ ᠠᠬᠤᠢ ᠶᠢᠨ ᠰᠡᠷᠬᠦᠯᠳᠠ ᠲᠡᠩᠴᠡᠬᠦᠷᠢ ᠦᠭᠡᠢ᠂ ᠰᠠᠭᠤᠷᠢ ᠲᠤᠭᠳᠠᠭᠤᠨ ᠪᠤᠰᠤ ᠪᠠᠶᠢᠨ᠎ᠠ᠃ ᠨᠡᠮᠡᠭᠳᠡᠯ ᠢ ᠲᠤᠬᠳᠠᠪᠤᠷᠢᠵᠢᠭᠤᠯᠬᠤ ᠳᠠᠷᠤᠯᠳᠠ ᠨᠡᠯᠢᠶᠡᠳ ᠪᠠᠭ᠎ᠠ ᠪᠠᠶᠢᠬᠤ ᠴᠤᠩᠬᠤᠪᠴᠢ ᠶᠢᠨ ᠬᠤᠭᠤᠴᠠᠭ᠎ᠠ ᠶᠢ ᠰᠠᠶᠢᠳᠤᠷ ᠠᠰᠢᠬᠯᠠᠨ᠂ ᠠᠵᠤ ᠠᠬᠤᠢ ᠶᠢᠨ ᠲᠤᠭᠳᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠵᠦ᠂ ᠰᠡᠳᠬᠢᠯ ᠢᠶᠠᠨ ᠲᠦᠪᠯᠡᠷᠡᠬᠦᠯᠦᠨ ᠬᠦᠴᠦ ᠪᠠᠨ ᠬᠠᠮᠳᠤᠳᠬᠠᠵᠦ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠡᠬᠦᠯᠦᠨ᠂ ᠤᠯᠤᠰ ᠤᠨ ᠳᠤᠳᠤᠭᠠᠳᠦ ᠶᠢᠨ ᠶᠡᠭᠡ ᠤᠷᠴᠢᠯ᠂ ᠤᠯᠤᠰ ᠤᠨ ᠳᠤᠳᠤᠭᠠᠳᠦ ᠭᠠᠳᠠᠭᠠᠳᠦ ᠶᠢᠨ ᠬᠤᠤᠰ ᠤᠷᠴᠢᠯ ᠤᠨ ᠲᠦᠭᠵᠢᠷᠡᠯ ᠢ ᠨᠡᠪᠳᠡᠷᠡᠬᠦᠯᠵᠦ᠂ ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠳᠤ ᠳᠠᠭᠠᠭᠠᠮᠠᠭᠠᠢ ᠬᠦᠳᠡᠯᠭᠡᠬᠦ ᠬᠦᠴᠦᠨ ᠬᠠᠩᠭᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃    ᠬᠤᠷᠠᠯ ᠠᠴᠠ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠦ᠂ ᠰᠢᠨ᠎ᠠ ᠬᠦᠭᠵᠢᠯᠳᠠ ᠶᠢᠨ ᠱᠠᠳᠤ ᠶᠢ ᠤᠨᠤᠪᠴᠢᠳᠠᠢ ᠡᠵᠡᠮᠳᠡᠨ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠱᠠᠯᠠᠪᠳᠠᠨ ᠪᠠᠶᠢᠭᠤᠯᠵᠦ᠂ ᠴᠢᠨᠠᠷ ᠰᠠᠶᠢᠳᠠᠢ ᠬᠦᠭᠵᠢᠯᠳᠠ ᠶᠢ ᠬᠦᠴᠦᠯᠡᠨ ᠠᠬᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠳᠠ ᠬᠢᠨᠠᠭᠤᠷ ᠪᠤᠯᠭᠤᠮᠵᠢᠳᠠᠢ ᠲᠤᠭᠤᠰᠢᠳᠠᠢ ᠰᠠᠶᠢᠳᠤᠷ ᠠᠳᠬᠤᠬᠤ ᠭᠡᠷᠡᠭᠲᠡᠢ᠃ ᠬᠤᠷᠸ᠎ᠠ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠠ ᠨᠢ ᠭᠡᠷᠡᠭᠵᠢᠬᠦᠯᠵᠦ᠂ ᠬᠤᠷᠸ᠎ᠠ ᠲᠦᠷᠦ ᠶᠢᠨ ᠪᠤᠳᠤᠯᠭ᠎ᠠ ᠶᠢᠨ ᠵᠠᠯᠭᠠᠯᠳᠤᠬᠤ ᠴᠢᠨᠠᠷ᠂ ᠲᠤᠭᠳᠠᠭᠤᠨ ᠴᠢᠨᠠᠷ᠂ ᠦᠷᠬᠦᠯᠵᠢᠯᠡᠬᠦ ᠴᠢᠨᠠᠷ ᠢ ᠪᠠᠳᠤᠯᠠᠨ᠂ ᠪᠠᠴᠢᠮ ᠡᠷᠬᠢᠯᠳᠠ ᠭᠠᠷᠭᠠᠬᠤ ᠦᠭᠡᠢ ᠪᠠᠷ ᠴᠠᠭ ᠭᠡᠮᠵᠢᠶ᠎ᠠ ᠦᠷ᠎ᠠ ᠪᠦᠳᠦᠮᠵᠢ ᠶᠢ ᠰᠠᠶᠢᠳᠤᠷ ᠡᠵᠡᠮᠳᠡᠵᠦ᠂ ᠦᠨᠳᠦᠰᠦ ᠶᠢ ᠪᠠᠬᠢᠵᠢᠬᠦᠯᠦᠨ ᠰᠠᠭᠤᠷᠢ ᠶᠢ ᠪᠠᠳᠤᠳᠬᠠᠵᠦ᠂ ᠵᠢᠱᠢᠯᠳᠠ ᠶᠢ ᠲᠤᠭᠳᠠᠪᠤᠷᠢᠵᠢᠭᠤᠯᠤᠨ᠂ ᠠᠵᠤ ᠠᠬᠤᠢ ᠶᠢᠨ ᠡᠷᠬᠢᠯᠳᠡ ᠶᠢᠨ ᠵᠤᠬᠢᠰᠳᠠᠢ ᠤᠷᠤᠨ ᠵᠠᠢ ᠳᠤ ᠪᠠᠶᠢᠬᠤ ᠶᠢ ᠪᠠᠳᠤᠯᠠᠵᠦ᠂ ᠠᠵᠤ ᠠᠬᠤᠢ ᠶᠢ ᠰᠡᠷᠬᠦᠯᠳᠠ ᠶᠢᠨ ᠳᠤᠮᠳᠠ ᠨᠡᠩ ᠦᠨᠳᠦᠷ ᠲᠦᠪᠰᠢᠨ ᠲᠠᠢ ᠲᠡᠩᠴᠡᠬᠦᠷᠢᠰᠢᠭᠦᠯᠬᠦ ᠭᠡᠷᠡᠭᠲᠡᠢ᠃ ᠢᠳᠡᠪᠬᠢᠳᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠬᠦ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠯᠠᠪᠳᠠᠭᠤᠨ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠵᠦᠢ ᠵᠣᠬᠢᠰᠲᠠᠢ ᠭᠦᠢᠴᠡᠳ ᠬᠦᠳᠡᠯᠦᠩᠭᠦᠢ ᠴᠢᠨᠠᠷ ᠢ ᠪᠠᠲᠤᠯᠠᠵᠤ᠂ ᠪᠣᠳᠠᠲᠤ ᠴᠣᠭᠴᠠ ᠶᠢᠨ ᠠᠵᠤ ᠠᠬᠤᠢ᠂ ᠭᠤᠣᠯᠳᠠᠯᠭ᠎ᠠ ᠲᠠᠢ ᠬᠦᠷᠢᠶ᠎ᠡ᠂ ᠪᠠᠭᠤᠷᠠᠢ ᠭᠤᠭᠴᠤᠭ᠎ᠠ ᠳᠤ ᠦᠵᠡᠭᠦᠯᠬᠦ ᠳᠡᠮᠵᠢᠯᠭᠡ ᠪᠠᠨ ᠴᠢᠩᠭᠠᠳᠬᠠᠬᠤ ᠬᠡᠷᠡᠭᠲᠡᠢ᠃ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠳᠠᠢ ᠭᠡᠵᠤ ᠱᠠᠭᠠᠷᠳᠠᠵᠠᠢ᠃     ᠬᠤᠷᠠᠯ ᠠᠴᠠ᠂ ᠠᠵᠤ ᠦᠢᠯᠡᠰ ᠤᠨ ᠰᠢᠯᠢᠳᠡᠭᠵᠢᠨ ᠲᠠᠰ ᠳᠡᠪᠰᠢᠭᠦ ᠶᠢ ᠬᠥᠲᠥᠯᠥᠨ ᠳᠠᠭᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠢᠳᠡᠪᠬᠢᠲᠡᠶ ᠬᠥᠭᠵᠢᠭᠦᠯᠤᠨ᠂ ᠠᠵᠤ ᠦᠢᠯᠡᠰ ᠤᠨ ᠲᠣᠭᠠᠴᠢᠯᠠᠯᠲᠠ ᠶᠢ ᠲᠦᠷᠭᠡᠳᠬᠡᠬᠦ ᠬᠡᠷᠡᠭᠲᠡᠶ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠰᠢᠨ᠎ᠡ ᠡᠨᠧᠷᠭᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠡᠷᠡᠭᠴᠡᠭᠡ ᠲᠦᠷᠭᠡᠨ ᠰᠡᠷᠭᠦᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠪᠠ ᠠᠷᠠᠳ ᠤᠨ ᠪᠡᠯᠡ ᠣᠷᠣᠭᠤᠯᠤᠯᠲᠠ ᠲᠦᠷᠭᠡᠨ ᠰᠡᠷᠭᠦᠬᠦ ᠶᠢ ᠠᠬᠢᠭᠤᠯᠤᠨ᠂ ᠤᠯᠤᠰ ᠤᠨ ᠴᠢᠬᠤᠯᠠ ᠶᠡᠭᠡ ᠲᠦᠷᠦᠯ ᠵᠦᠢᠯ ᠳᠤ ᠬᠡᠷᠡᠭᠯᠡᠬᠦ ᠭᠠᠵᠠᠷ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠡᠶᠢᠳᠡᠮ ᠨᠡᠮᠡᠭᠳᠡᠬᠦ ᠪᠠᠷ ᠳᠣᠲᠣᠭᠠᠳᠤ ᠬᠡᠷᠡᠭᠴᠡᠭᠡ ᠶᠢ ᠦᠷᠭᠦᠯᠵᠢᠯᠡᠨ ᠥᠷᠭᠡᠳᠬᠡᠬᠦ ᠶᠢ ᠲᠤᠯᠭᠠᠭᠤᠷᠢᠯᠠᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠭᠦᠨᠵᠡᠭᠡᠶ ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠤᠨ᠂ ᠡᠯ᠎ᠡ ᠲᠥᠷᠥᠯ ᠤᠨ ᠥᠨᠳᠥᠷ ᠲᠦᠪᠰᠢᠨ ᠪᠥᠬᠦᠶ ᠨᠡᠭᠡᠭᠡᠯᠲᠡ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠣᠷᠣᠨ ᠨᠤᠲᠤᠭ ᠤᠨ ᠨᠠᠮ ᠵᠠᠰᠠᠭ ᠤᠨ ᠭᠤᠣᠯ ᠤᠳᠤᠷᠢᠳᠤᠯᠭ᠎ᠠ ᠬᠠᠷᠢᠭᠤᠴᠠᠵᠦ ᠪᠠᠶᠢᠭ᠎ᠠ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠲᠠᠪᠴᠠᠩᠳᠦ ᠠᠵᠤ ᠠᠬᠤᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠡᠷ ᠪᠠᠶᠢᠰᠢᠩ ᠪᠤᠯ ᠰᠠᠭᠤᠬᠤ ᠳᠤ ᠵᠤᠷᠢᠭᠤᠯᠤᠭᠰᠠᠨ ᠶᠤᠮ᠂ ᠬᠠᠷᠢᠨ ᠰᠠᠷᠢᠭᠠᠯᠠᠬᠤ ᠳᠤ ᠵᠤᠷᠢᠭᠤᠯᠤᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠ ᠬᠠᠮᠲᠤ ᠶᠢᠨ ᠦᠮᠴᠢᠯᠡᠯ ᠤᠨ ᠡᠷᠬᠡᠳᠦ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠰᠤᠷᠭᠠᠭᠤᠯᠢ ᠶᠢᠨ ᠲᠣᠭᠤᠷᠢᠭ ᠤᠨ ᠭᠡᠷ ᠵᠡᠷᠭᠡ ᠨᠡᠷ᠎ᠡ ᠪᠠᠷ ᠤᠷᠤᠨ ᠰᠠᠭᠤᠴᠠ ᠶᠢᠨ ᠦᠨ᠎ᠡ ᠶᠢ ᠦᠰᠭᠡᠬᠦ ᠶᠢ ᠰᠡᠷᠭᠡᠶᠢᠯᠡᠬᠦ ᠬᠡᠷᠡᠭᠲᠡᠢ᠃ ᠠᠶᠤᠯᠭᠦᠶ ᠦᠢᠯᠡᠳᠪᠦᠷᠢᠯᠡᠯ ᠢ ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠢᠮᠠᠭᠲᠠ ᠴᠢᠩᠭᠠᠯᠠᠨ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠲᠤᠳᠤᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠸᠠᠺᠼᠢᠨ ᠲᠠᠷᠢᠬᠤ ᠠᠵᠢᠯ ᠢ ᠰᠠᠶᠢᠲᠤᠷ ᠠᠳᠬᠤᠨ᠂ ᠬᠢᠵᠢᠭ ᠤᠨ ᠪᠠᠶᠢᠳᠠᠯ ᠢ ᠤᠯᠠᠨ ᠤᠯᠤᠰ ᠢᠶᠠᠷ ᠢᠶᠠᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃     ᠬᠤᠷᠠᠯ ᠠᠴᠠ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠣᠯ ᠣᠶᠢᠷ᠎ᠠ ᠶᠢᠨ ᠵᠢᠯ ᠠᠴᠠ ᠨᠠᠭᠠᠰᠢ ᠥᠷᠨᠢᠭᠦᠯᠦᠭᠰᠡᠨ ᠨᠢᠭᠡ ᠤᠳᠠᠭᠠᠨ ᠤ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠂ ᠪᠠᠰᠠ ᠴᠤ ᠨᠠᠮ ᠪᠤᠯᠤᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ ᠨᠢᠭᠡᠳᠦᠯᠲᠡᠶ ᠥᠷᠨᠢᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ ᠪᠣᠯᠤᠨ᠎ᠠ ᠂ ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠦᠨᠵᠡᠭᠡᠶ ᠵᠠᠳᠠᠯᠵᠤ᠂ ᠴᠢᠭᠯᠡᠭᠦᠯᠦᠯᠲᠦ ᠴᠢᠨᠠᠷᠲᠠᠶ ᠠᠷᠭ᠎ᠠ ᠬᠡᠮᠵᠢᠶ᠎ᠡ ᠠᠪᠴᠤ ᠦᠨᠡᠨ ᠬᠦ ᠰᠢᠢᠳᠪᠦᠷᠢᠯᠡᠬᠦ ᠬᠡᠷᠡᠭᠲᠡᠶ ᠬᠡᠵᠤ ᠵᠢᠭᠠᠵᠤ ᠭᠠᠷᠭᠠᠪᠠ᠃     ᠬᠤᠷᠠᠯ ᠠᠴᠠ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠪᠠᠷᠢᠮᠲᠠᠯᠠᠵᠤ᠂ ᠬᠥᠳᠡᠭᠡ ᠲᠣᠰᠬᠤᠨ ᠤ ᠬᠡᠷᠡᠭᠯᠡᠬᠦ ᠭᠠᠵᠠᠷ ᠤᠨ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠡᠯ᠎ᠡ ᠭᠠᠵᠠᠷ ᠤᠨ ᠲᠠᠷᠢᠶᠠᠨ ᠭᠠᠵᠠᠷ ᠤᠨ ᠬᠡᠮᠵᠢᠶ᠎ᠡ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠲᠣᠭᠲᠠᠭᠠᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠵᠢᠷᠤᠮᠵᠢᠭᠤᠯᠤᠨ᠂ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠠᠰᠢᠬᠯᠠᠵᠤ ᠪᠣᠯᠬᠤ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠳᠠᠭᠢᠵᠤ ᠪᠠᠭᠠᠰᠬᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠤᠶᠤ ᠲᠠᠷᠢᠶᠠᠨ ᠭᠠᠵᠠᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠡᠯ᠎ᠡ ᠵᠦᠢᠯ ᠤᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠠᠴᠠ ᠭᠠᠷᠳᠠᠨ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠬᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ ᠢ ᠬᠠᠮᠠᠭᠠᠯᠠᠬᠤ ᠲᠠᠯ᠎ᠠ ᠪᠠᠷ ᠵᠠᠷᠯᠢᠭ ᠪᠠᠶᠢᠭᠠᠳ ᠬᠡᠷᠡᠭᠵᠢᠭᠦᠯᠬᠦ ᠥᠬᠡᠶ᠂ ᠴᠠᠭᠠᠵᠠ ᠪᠠᠶᠢᠭᠠᠳ ᠵᠤᠬᠰᠤᠬᠤ ᠦᠬᠡᠢ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠢᠰᠲ᠋ᠧᠮᠳᠦ ᠦᠵᠡᠯᠲᠡ ᠶᠢ ᠪᠠᠷᠢᠮᠲᠠᠯᠠᠵᠤ᠂ ᠦᠵᠦ ᠲᠥᠯᠥᠪᠵᠢᠭᠦᠯᠭᠡ ᠶᠢ ᠴᠢᠩᠭᠠᠳᠬᠠᠨ ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠠᠷᠪᠢᠯᠠᠬᠤ ᠡᠷᠴᠢᠮᠵᠢᠭᠦᠯᠬᠦ ᠶᠢ ᠪᠠᠷᠢᠮᠲᠠᠯᠠᠵᠤ᠂ ᠰᠢᠨ᠎ᠡ ᠪᠠᠷ ᠨᠡᠮᠡᠭᠳᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠵᠣᠬᠢᠰᠲᠠᠢ ᠲᠣᠭᠲᠠᠭᠠᠨ᠂ ᠭᠠᠵᠠᠷ ᠰᠢᠷᠣᠢ ᠶᠢ ᠨᠡᠭᠡᠭᠡᠨ ᠠᠰᠢᠬᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠨᠡᠭᠡᠭᠡᠨ ᠠᠰᠢᠬᠯᠠᠬᠤ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ ᠬᠦᠳᠤᠯᠤᠨ ᠵᠢᠯᠤᠭᠤᠳᠴᠤ ᠵᠠᠬ᠎ᠠ ᠳᠡᠯᠭᠡᠭᠦᠷ ᠤᠷᠤᠯᠴᠠᠬᠰᠠᠨ ᠬᠤᠲᠠ ᠪᠠᠯᠭᠠᠰᠤᠨ ᠤ ᠳᠤᠤᠷ᠎ᠠ ᠦᠷ᠎ᠡ ᠠᠰᠢᠭ ᠢᠶᠠᠷ ᠬᠡᠷᠡᠭᠯᠡᠬᠦ ᠭᠠᠵᠠᠷ ᠢ ᠳᠠᠬᠢᠨ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ᠃ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠪᠣᠯᠤᠨ ᠭᠠᠵᠠᠷ ᠰᠢᠷᠤᠢ ᠶᠢ ᠠᠷᠪᠢᠴᠢ ᠭᠠᠮᠳᠠᠢ ᠡᠷᠴᠢᠮᠵᠢᠬᠦᠯᠤᠨ ᠬᠡᠷᠡᠭᠯᠡᠬᠦ ᠦᠨᠡᠯᠡᠯᠲᠡ ᠶᠢ ᠴᠢᠩᠭᠠᠳᠬᠠᠵᠤ᠂ ᠭᠠᠵᠠᠷ ᠰᠢᠷᠤᠢ ᠶᠢ ᠠᠷᠪᠢᠯᠠᠬᠤ ᠵᠠᠭᠪᠤᠷ ᠢ ᠶᠡᠭᠡ ᠪᠠᠷ ᠳᠡᠯᠭᠡᠷᠡᠭᠦᠯᠬᠦ ᠬᠡᠷᠡᠭᠲᠡᠶ᠃ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ ᠬᠡᠷᠡᠭᠯᠡᠬᠦ ᠶᠢ ᠴᠢᠩᠭᠠᠳᠬᠠᠵᠤ᠂ ᠡᠨᠡ ᠬᠦ ᠰᠠᠭᠤᠷᠢᠨ ᠳᠡᠭᠡᠷ᠎ᠡ ᠭᠠᠵᠠᠷ ᠰᠢᠷᠤᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠢ ᠶᠢᠨ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠢ ᠠᠰᠢᠬᠯᠠᠬᠤ ᠬᠢᠵᠠᠭᠠᠷ ᠱᠤᠭᠤᠮ ᠢ ᠲᠤᠬᠢᠷᠠᠭᠤᠯᠬᠤ ᠶᠢᠨ ᠬᠠᠮᠳᠦ ᠤᠯᠠᠮ ᠨᠢᠭᠡ ᠠᠯᠬᠤᠮ ᠲᠣᠳᠣᠷᠬᠠᠢ ᠪᠣᠯᠭᠠᠬᠤ ᠬᠡᠷᠡᠭᠲᠡᠢ᠃ ᠤᠯᠤᠰ ᠤᠨ ᠡᠬᠢ ᠪᠠᠶᠠᠯᠢᠭ ᠤᠨ ᠪᠠᠶᠢᠳᠠᠯ ᠤᠨ ᠲᠤᠬᠠᠢ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠨᠡᠶᠢᠭᠡᠮ ᠳᠠᠶᠠᠭᠠᠷ ᠲᠤ ᠡᠬᠢ ᠪᠠᠶᠠᠯᠢᠭ ᠢ ᠠᠷᠪᠢᠯᠠᠨ ᠠᠰᠢᠠᠠᠯᠠᠬᠤ ᠤᠬᠠᠮᠰᠠᠷ ᠢ ᠪᠠᠲᠤ ᠴᠤᠭᠴᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠳᠠ ᠶᠢᠨ ᠠᠵᠢᠯ ᠤᠨ ᠲᠦᠷᠢᠮ︾ ᠢ ᠲᠣᠭᠲᠠᠭᠠᠨ ᠨᠡᠶᠢᠲᠡᠯᠡᠭᠰᠡᠨ ᠨᠢ ᠵᠣᠬᠢᠶᠠᠨ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠲᠤᠭᠤᠰᠢᠯᠠᠭᠤᠯᠬᠤ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ ᠳᠦᠷᠢᠮᠵᠢᠯᠲᠡ ᠵᠢᠷᠤᠮᠵᠢᠯᠲᠠ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠬᠤ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠦ ᠭᠠᠷᠭᠠᠪᠠ᠃     ᠬᠤᠷᠠᠯ ᠠᠴᠠ᠂ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠱᠤᠭᠤᠮ ᠨᠢ ᠤᠯᠤᠰ ᠲᠦᠷᠦ ᠶᠢᠨ ᠱᠤᠭᠤᠮ ᠳᠤ ᠦᠢᠯᠡᠴᠢᠯᠡᠭᠦ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠵᠣᠬᠢᠶᠠᠨ ᠪᠠᠶᠢᠭᠤᠯᠤᠯᠲᠠ ᠶᠢᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠥᠪᠯᠡᠷᠡᠩᠭᠦᠢ ᠨᠢᠭᠡᠳᠦᠯᠲᠡᠢ ᠵᠣᠬᠢᠶᠠᠨ ᠪᠠᠶᠢᠭᠤᠯᠤᠯᠲᠠ ᠶᠢᠨ ᠲᠦᠷᠢᠮ ᠢ ᠪᠦᠷᠢᠨᠰᠢᠬᠦᠯᠤᠨ ᠬᠠᠮᠠᠭᠠᠯᠠᠵᠤ᠂ ᠳᠡᠭᠡᠳᠦ ᠲᠤᠤᠷᠠᠳᠤ ᠱᠠᠳᠤ ᠶᠢ ᠬᠤᠯᠪᠤᠭᠰᠠᠨ᠂ ᠬᠡᠷᠡᠭᠵᠢᠭᠦᠯᠦᠯᠲᠡ ᠡᠷᠴᠢᠮᠳᠠᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠤᠨ᠂ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠦᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠲᠤᠭᠤᠰᠢᠯᠠᠭᠤᠯᠵᠤ᠂ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠨ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠲᠠᠪᠤᠨ ᠲᠢᠪ ᠲᠦᠷᠪᠡᠨ ᠲᠠᠯᠠᠢ ᠶᠢᠨ ᠡᠷᠳᠡᠮᠲᠡᠨ ᠮᠡᠷᠭᠡᠳ ᠢ ᠬᠡᠷᠡᠭᠯᠡᠬᠦ ᠶᠢ ᠪᠠᠷᠢᠮᠲᠠᠯᠠᠵᠤ᠂ ᠬᠥᠮᠦᠨ ᠢ ᠵᠦᠪ ᠰᠤᠩᠭᠤᠵᠤ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠨ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠥᠨᠳᠥᠷ ᠬᠡᠪ ᠪᠤᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠨᠡᠭᠡᠭᠡᠯᠲᠡᠲᠤ ᠪᠠᠭᠲᠠᠭᠠᠮᠵᠢᠲᠠᠢ᠂ ᠠᠵᠢᠯᠯᠠᠭ᠎ᠠ ᠨᠢ ᠥᠨᠳᠥᠷ ᠪᠦᠲᠦᠮᠵᠢᠲᠡᠢ ᠴᠢᠳᠠᠪᠤᠷᠢᠲᠠᠨ ᠤ ᠬᠥᠭᠵᠢᠯᠲᠡ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠤᠯᠤᠰ ᠢᠶᠠᠨ ᠬᠠᠶᠢᠷᠠᠯᠠᠵᠤ ᠡᠷᠡᠮᠡᠬᠡᠶᠢᠯᠡᠨ ᠲᠡᠮᠡᠴᠡᠬᠦ ᠪᠠᠷ ᠵᠣᠷᠢᠭ ᠰᠢᠭᠤᠳᠤᠭᠰᠠᠨ᠂ ᠵᠣᠷᠢᠭᠲᠠᠢ ᠪᠠᠷ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠰᠢᠯᠢᠳᠡᠭ ᠴᠢᠳᠠᠪᠤᠷᠢᠲᠠᠨ ᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠣᠬᠢᠶᠠᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠤᠳᠤᠷᠢᠳᠬᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠰᠢᠰᠲ᠋ᠧᠮ ᠲᠠᠢ ᠲᠥᠯᠥᠪᠵᠢᠭᠦᠯᠬᠦ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠪᠤᠭᠤᠮᠳᠠ ᠶᠢ ᠰᠠᠬᠢᠨ ᠴᠢᠭᠯᠡᠯ ᠢ ᠲᠤᠭᠳᠠᠭᠠᠬᠤ ᠶᠢ ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢ ᠴᠢᠩᠭᠠᠳᠬᠠᠬᠤ᠂ ᠤᠳᠤᠷᠢᠳᠬᠤ ᠪᠠᠭ ᠢ ᠠᠳᠬᠤᠬᠤ᠂ ᠡᠩᠨᠡᠭᠡ ᠶᠢ ᠳᠠᠭᠠᠭᠤᠯᠬᠤ᠂ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠠᠵᠢᠯ ᠳᠤ ᠰᠠᠶᠢᠨ ᠰᠠᠶᠢᠬᠠᠨ ᠨᠥᠬᠦᠴᠡᠯ ᠡᠭᠦᠳᠴᠦ᠂ ᠰᠠᠶᠢᠨ ᠰᠠᠶᠢᠬᠠᠨ ᠣᠷᠴᠢᠨ ᠡᠭᠦᠳᠴᠤ ᠦᠭᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ