ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠦ ᠬᠥᠮᠦᠨ ᠪᠤᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠣᠳᠣᠬᠢᠴᠢᠯᠠᠯᠲᠠ ᠶᠢ ᠴᠢᠷᠮᠠᠶᠢᠨ ᠪᠠᠶᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2021/5/7
    ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠡ 4 ᠰᠠᠷ᠎ᠠ ᠶᠢᠨ 30 ᠤ ᠦᠳᠡ ᠶᠢᠨ ᠬᠤᠶᠢᠨ᠎ᠠ ᠰᠢᠨ᠎ᠡ ᠪᠠᠶᠢᠳᠠᠯ ᠳᠣᠣᠷᠠᠬᠢ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠤᠷᠢ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠬᠦ ᠳᠡᠭᠡᠨ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠪᠣᠯᠤᠨ ᠠᠵᠤ ᠠᠬᠤᠶ ᠶᠢ ᠬᠦᠭᠵᠢᠬᠦᠯᠬᠦ ᠪᠣᠯ ᠬᠤᠪᠢᠰᠤᠩᠭᠤᠶ ᠨᠢᠭᠡᠳᠦᠯᠲᠡᠶ ᠪᠦᠭᠡᠳ ᠬᠠᠷᠢᠯᠴᠠᠨ ᠨᠥᠬᠦᠴᠡᠯᠳᠦᠵᠦ ᠪᠠᠶᠢᠳᠠᠭ᠂ ᠠᠮᠢ ᠠᠬᠤᠶ ᠶᠢᠨ ᠪᠣᠯᠪᠠᠰᠤᠨ ᠢ ᠪᠠᠶᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠤ ᠬᠥᠭᠵᠢᠯᠲᠡ ᠶᠢ ᠠᠬᠢᠭᠤᠯᠬᠤ ᠨᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠵᠡᠰᠬᠦᠯᠡᠩᠲᠦ ᠰᠠᠶᠢᠬᠠᠨ ᠠᠮᠢ ᠠᠬᠤᠶ ᠣᠷᠴᠢᠨ ᠲᠣᠭᠤᠷᠢᠨ ᠤ ᠬᠡᠷᠡᠭᠴᠡᠭᠡ ᠶᠢ ᠬᠠᠩᠭᠠᠬᠤ ᠪᠠᠷ ᠪᠠᠷᠠᠬᠤ ᠥᠬᠡᠶ᠂ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ ᠳᠠᠭᠠᠭᠠᠮᠠᠭᠠᠢ᠂ ᠨᠠᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠵᠠᠮᠨᠠᠭᠤᠯᠵᠦ ᠴᠢᠳᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠭᠤᠤᠯ ᠪᠠᠶᠢᠯᠳᠤᠬᠤ ᠪᠣᠳᠣᠯᠭ᠎ᠠ ᠶᠢᠨ ᠴᠢᠭᠯᠡᠯ ᠪᠣᠯᠭᠠᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠥᠷᠭᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠦ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠮᠦᠨ ᠪᠤᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠦᠨᠳᠦᠷᠴᠡ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠥᠯᠥᠪᠵᠢᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠵᠦ᠂ ᠪᠣᠬᠢᠷᠲᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠬᠥᠮᠦᠨ ᠪᠤᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠣᠳᠣᠬᠢᠴᠢᠯᠠᠯᠲᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠠᠮᠢ ᠠᠬᠤᠢ ᠣᠷᠴᠢᠨ ᠲᠣᠭᠤᠷᠢᠨ ᠤ ᠶᠠᠮᠤᠨ ᠤ ᠣᠷᠴᠢᠨ ᠲᠣᠭᠤᠷᠢᠨ ᠤ ᠲᠥᠯᠥᠪᠵᠢᠭᠦᠯᠭᠡ ᠶᠢᠨ ᠬᠦᠷᠢᠶᠡᠯᠡᠩ ᠤᠨ ᠳᠠᠷᠤᠭ᠎ᠠ ᠸᠠᠩ ᠶᠢᠨ ᠨᠠᠨ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠡᠭᠦᠨ ᠤ ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃     ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠶᠢᠨ ᠠᠵᠢᠯ ᠤᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠵᠠᠰᠠᠵᠤ᠂ ᠠᠯᠢ ᠣᠯᠠᠨ ᠦᠨᠳᠦᠰᠦᠨ ᠴᠢᠨᠠᠷᠲᠠᠶ᠂ ᠪᠦᠲᠦᠭᠡᠯᠴᠢ ᠴᠢᠨᠠᠷᠲᠠᠶ᠂ ᠠᠯᠤᠰ ᠬᠡᠲᠦ ᠶᠢᠨ ᠴᠢᠨᠠᠷᠲᠠᠶ ᠠᠵᠢᠯ ᠢ ᠥᠷᠨᠢᠭᠦᠯᠵᠦ᠂ ᠰᠢᠢᠳᠮᠡᠭ ᠵᠣᠷᠢᠭ ᠤᠨ ᠶᠡᠭᠡ᠂ ᠡᠷᠴᠢᠮ ᠤᠨ ᠶᠡᠭᠡ᠂ ᠦᠷ᠎ᠡ ᠪᠦᠲᠦᠮᠵᠢ ᠶᠢᠨ ᠶᠡᠭᠡ ᠪᠠᠶᠢᠳᠠᠭ ᠢᠶᠠᠷ ᠢᠶᠠᠨ ᠤᠷᠢᠳ ᠡᠮᠦᠨ᠎ᠡ ᠪᠠᠶᠢᠭ᠎ᠠ ᠥᠬᠡᠶ ᠶᠤᠮ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠲᠠᠨᠢᠯᠲᠠ ᠠᠴᠠ ᠦᠢᠯᠡᠳᠦᠯᠭᠡ ᠬᠦᠷᠲᠡᠯ᠎ᠡ ᠪᠦᠷ ᠲᠡᠦᠬᠡᠲᠦ ᠴᠢᠨᠠᠷᠲᠠᠶ᠂ ᠡᠷᠭᠢᠯᠲᠡ ᠶᠢᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ ᠬᠤᠪᠢᠷᠠᠯᠲᠠ ᠭᠠᠷᠤᠭᠰᠠᠨ ᠤ ᠬᠠᠮᠲᠤ᠂ ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠮᠥᠨ ᠬᠦ ᠮᠠᠰᠢ ᠣᠯᠠᠨ ᠵᠥᠷᠢᠴᠡᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠢ ᠵᠠᠰᠠᠨ ᠰᠡᠷᠭᠦᠭᠡᠬᠦ ᠪᠠ ᠰᠠᠶᠢᠵᠢᠷᠠᠭᠤᠯᠬᠤ ᠪᠣᠯ ᠨᠢᠭᠡᠨ ᠤᠷᠳᠤ ᠬᠤᠭᠤᠴᠠᠭᠠᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠴᠢᠬᠤᠯᠠᠲᠠᠢ ᠶᠠᠪᠤᠴᠠ ᠮᠥᠨ᠂ ᠠᠪᠤᠨ ᠳᠣᠣᠷ᠎ᠠ ᠪᠠᠨ ᠪᠦᠲᠦᠬᠡᠭᠡᠳ ᠲᠡᠶᠢᠯᠴᠢᠬᠡᠳᠡᠭ ᠶᠠᠪᠤᠲᠠᠯ ᠪᠢᠰᠢ ᠶᠤᠮ᠂ ᠡᠷᠬᠡᠪᠰᠢ ᠴᠥᠬᠦᠷᠡᠰᠢ ᠦᠭᠡᠢ ᠴᠢᠷᠮᠠᠶᠢᠵᠤ᠂ ᠲᠡᠷᠢᠬᠦᠨ ᠳᠤ ᠤᠷᠤᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠵᠢᠭᠠᠵᠦ ᠭᠠᠷᠭᠠᠪᠠ᠃     ᠰᠢ ᠶᠢᠨ ᠫᠢᠩ᠂ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠳᠦᠬᠡᠨ ᠪᠠᠶᠢᠭᠤᠯᠬᠤ ᠳᠤ ᠮᠠᠰᠢ ᠤᠯᠠᠨ ᠴᠢᠬᠤᠯᠠ ᠣᠨᠴᠠᠯᠢᠭ ᠲᠠᠢ ᠶᠤᠮ᠂ ᠡᠭᠦᠨ ᠤ ᠲᠤᠲᠤᠷᠠᠬᠢ ᠨᠢᠭᠡ ᠤᠨᠴᠠᠯᠢᠭ ᠨᠢ ᠲᠠᠷᠤᠢ ᠮᠠᠨ ᠤ ᠤᠯᠤᠰ ᠤᠨ ᠣᠳᠣᠬᠢᠴᠢᠯᠠᠯᠲᠠ ᠪᠣᠯ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠣᠳᠣᠬᠢᠴᠢᠯᠠᠯᠲᠠ ᠮᠦᠨ᠂ ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠵᠡᠷᠭᠡ ᠪᠠᠷ ᠠᠬᠢᠭᠤᠯᠬᠤ ᠶᠢ ᠴᠢᠬᠤᠯᠠᠴᠢᠯᠠᠲᠠᠭ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠴᠥᠬᠦᠷᠡᠰᠢ ᠦᠭᠡᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠲᠤᠯ ᠦᠭᠡᠢ ᠪᠤᠯᠭᠠᠵᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠲᠤᠯ ᠦᠭᠡᠢ ᠪᠤᠯᠭᠠᠵᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠡᠷᠦᠩᠬᠡᠢ ᠭᠠᠷᠳᠠᠴᠠ ᠪᠣᠯᠭᠠᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠭᠠᠵᠠᠷ ᠰᠢᠷᠣᠢ ᠬᠡᠷᠡᠭᠯᠡᠬᠦ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠪᠠ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ ᠂ ᠠᠮᠢ ᠠᠬᠤᠢ ᠶᠢᠨ ᠬᠠᠮᠠᠭᠠᠯᠠᠯᠲᠠ᠂ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠵᠡᠷᠭᠡ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠤᠨ ᠵᠠᠭᠠᠭ ᠬᠢᠵᠠᠭᠠᠷ ᠢ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠶᠢᠨ ᠬᠠᠮᠲᠤ ᠴᠢᠩᠭ᠎ᠠ ᠰᠠᠬᠢᠬᠤ ᠬᠡᠷᠡᠭᠲᠡᠢ᠃ ᠡᠬᠢ ᠪᠠᠶᠠᠯᠢᠭ ᠢ ᠠᠰᠢᠬᠯᠠᠬᠤ ᠡᠨᠡ ᠬᠦ ᠡᠬᠢ ᠡᠬᠦᠰᠦᠯ ᠢ ᠠᠳᠬᠤᠵᠤ᠂ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ᠂ ᠪᠦᠬᠦ ᠲᠠᠯ᠎ᠠ ᠪᠠᠷ ᠠᠷᠪᠢᠯᠠᠬᠤ᠂ ᠡᠷᠬᠢᠯᠳᠦᠬᠦᠯᠦᠨ ᠠᠰᠢᠬᠯᠠᠬᠤ ᠶᠢ ᠠᠬᠢᠭᠤᠯᠵᠤ᠂ ᠡᠬᠢ ᠪᠠᠶᠠᠯᠢᠭ ᠢ ᠠᠰᠢᠬᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠡᠨᠡ ᠬᠦ ᠵᠠᠩᠭᠢᠯᠠᠭ᠎ᠠ ᠶᠢ ᠠᠳᠬᠤᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠮᠡᠷᠭᠡᠵᠢᠯ ᠤᠨ ᠠᠵᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠡᠨᠧᠷᠭᠢ ᠶᠢ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠠᠮᠤᠷ ᠲᠦᠪᠰᠢᠨ ᠥᠨᠳᠥᠷ ᠪᠦᠲᠦᠮᠵᠢᠲᠡᠢ ᠠᠰᠢᠬᠯᠠᠬᠤ ᠶᠢ ᠠᠬᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠭᠡᠮᠵᠢᠶ᠎ᠠ ᠶᠢ ᠦᠷᠭᠦᠯᠵᠢᠯᠡᠨ ᠪᠠᠭᠤᠷᠠᠭᠤᠯᠬᠤ ᠬᠡᠷᠡᠭᠲᠡᠢ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠳᠡᠮᠵᠢᠵᠦ᠂ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠤᠷᠬᠢᠯ ᠭᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ ᠮᠠᠨ ᠤ ᠤᠯᠤᠰ ᠤᠨ ᠳᠡᠯᠡᠬᠡᠢ ᠳ᠋ᠠᠬᠢᠨ ᠳᠤ ᠠᠮᠠᠯᠳᠠᠭᠰᠠᠨ ᠲᠥᠪ ᠴᠢᠩᠭ᠎ᠠ ᠠᠮᠠᠯᠠᠯᠲᠠ ᠮᠥᠨ᠂ ᠪᠠᠰᠠ ᠴᠤ ᠨᠢᠭᠡ ᠤᠳᠠᠭ᠎ᠠ ᠶᠢᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠠᠵᠤ ᠠᠬᠤᠢ ᠨᠡᠶᠢᠭᠡᠮ ᠤᠨ ᠬᠤᠪᠢᠰᠤᠯᠲᠠ ᠮᠥᠨ᠂ ᠡᠭᠦᠨ ᠢ ᠬᠢᠯᠪᠠᠷᠬᠠᠨ ᠢᠶᠠᠷ ᠪᠡᠶᠡᠯᠡᠭᠦᠯᠦᠭᠡᠳ ᠳᠡᠶᠢᠯᠴᠢᠬᠡᠳᠡᠭ ᠪᠢᠰᠢ ᠶᠤᠮ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠡᠮᠦᠷ ᠪᠠᠷᠢᠪᠠᠯ ᠤᠷᠤᠮ ᠲᠠᠢ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ ᠪᠠᠶᠢᠬᠤ ᠡᠷᠴᠢ ᠵᠣᠷᠢᠭ ᠢᠶᠠᠷ ᠴᠠᠭ ᠤᠨ ᠬᠦᠰᠦᠨᠦᠭᠲᠦ᠂ ᠱᠤᠭᠤᠮ ᠤᠨ ᠵᠢᠷᠤᠭ᠂ ᠪᠠᠷᠢᠯᠭ᠎ᠠ ᠶᠢᠨ ᠵᠢᠷᠤᠭ ᠢ ᠲᠣᠳᠣᠷᠬᠠᠶᠢᠯᠠᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠬᠯᠠᠬᠤ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠠᠭᠤᠷᠢᠨ ᠳᠡᠭᠡᠷ᠎ᠡ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠱᠠᠭᠠᠷᠳᠠᠯᠭ᠎ᠠ ᠳᠤ ᠨᠡᠶᠢᠴᠡᠬᠦ ᠦᠭᠡᠢ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠲᠦᠷᠦᠯ ᠵᠦᠢᠯ ᠢ ᠡᠷᠡᠰ ᠢᠶᠠᠷ ᠠᠪᠴᠤ ᠬᠠᠶᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃     ᠰᠢ ᠶᠢᠨ ᠫᠢᠩ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠤᠯᠠᠨ ᠲᠦᠮᠡᠨ ᠳᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠰᠠᠶᠢᠵᠢᠷᠠᠭᠰᠠᠨ ᠢ ᠦᠨᠡᠨ ᠬᠦ ᠮᠡᠳᠡᠷᠡᠭᠦᠯᠬᠦ ᠬᠡᠷᠡᠭᠲᠡᠢ᠃ ᠪᠣᠬᠢᠷᠲᠤᠯ ᠢ ᠤᠨᠤᠴᠠᠳᠠᠢ ᠵᠠᠰᠠᠬᠤ᠂ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠵᠠᠰᠠᠬᠤ᠂ ᠪᠣᠬᠢᠷᠲᠤᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠬᠦᠴᠦᠯᠡᠴᠡ ᠪᠠᠨ ᠪᠠᠲᠤᠯᠠᠵᠤ᠂ ᠭᠦᠨᠴᠡ ᠪᠠᠨ ᠬᠦᠨᠵᠡᠬᠡᠶᠢᠷᠡᠬᠦᠯᠵᠤ᠂ ᠥᠷᠭᠡᠴᠡ ᠪᠠᠨ ᠥᠷᠭᠡᠳᠬᠡᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠤᠯᠠᠨ ᠵᠦᠢᠯ ᠤᠨ ᠪᠣᠬᠢᠷᠲᠤᠯ ᠪᠣᠳᠠᠰ ᠢ ᠬᠠᠮᠵᠢᠯᠴᠠᠨ ᠡᠵᠡᠮᠳᠡᠬᠦ ᠪᠠ ᠣᠷᠣᠨ ᠪᠦᠰᠡ ᠶᠢ ᠬᠠᠮᠵᠢᠯᠴᠠᠭᠤᠯᠤᠨ ᠵᠠᠰᠠᠬᠤ ᠶᠢ ᠴᠢᠩᠭᠠᠳᠬᠠᠵᠤ᠂ ᠲᠤᠭᠤᠰᠤᠨᠴᠢᠷ ᠪᠣᠳᠠᠰ ᠪᠠ ᠣᠽᠣᠨ ᠢ ᠬᠠᠮᠵᠢᠯᠴᠠᠨ ᠡᠵᠡᠮᠳᠡᠬᠦ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠦᠨᠳᠦᠰᠦᠨ ᠳᠡᠭᠡᠨ ᠠᠷᠢᠯᠭᠠᠬᠤ ᠬᠡᠷᠡᠭᠲᠡᠢ᠃ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠦᠲᠦᠮᠵᠢᠲᠡᠢ ᠬᠠᠮᠠᠭᠠᠯᠠᠵᠤ᠂ ᠬᠤᠳᠠ ᠶᠢᠨ ᠪᠣᠬᠢᠷ ᠦᠮᠡᠬᠡᠢ ᠤᠰᠤᠨ ᠴᠣᠭᠴᠠ ᠶᠢ ᠡᠷᠡᠰ ᠵᠠᠰᠠᠬᠤ ᠬᠡᠷᠡᠭᠲᠡᠢ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠬᠦ ᠬᠡᠷᠡᠭᠲᠡᠢ᠃ ᠬᠤᠭ ᠨᠣᠪᠰᠢ ᠶᠢ ᠠᠩᠬᠢᠯᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠬᠡᠷᠡᠭᠵᠢᠭᠦᠯᠵᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠶᠢ ᠴᠢᠬᠤᠯᠠᠴᠢᠯᠠᠬᠤ ᠬᠡᠷᠡᠭᠲᠡᠢ᠃ ᠪᠣᠬᠢᠷᠲᠤᠯ ᠢ ᠵᠠᠰᠠᠬᠤ ᠠᠵᠢᠯ ᠢ ᠰᠢᠶᠠᠩ ᠪᠠᠯᠭᠠᠰᠤ᠂ ᠬᠥᠳᠡᠭᠡ ᠲᠣᠰᠬᠤᠨ ᠲᠡᠶᠢᠰᠢ ᠥᠷᠭᠡᠵᠢᠭᠦᠯᠬᠦ ᠶᠢ ᠠᠬᠢᠭᠤᠯᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃     ᠰᠢ ᠶᠢᠨ ᠫᠢᠩ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠵᠦ᠂ ᠰᠢᠰᠲ᠋ᠧᠮᠳᠦ ᠦᠵᠡᠯᠳᠠ ᠶᠢ ᠪᠠᠷᠢᠮᠲᠠᠯᠠᠨ᠂ ᠠᠮᠢ ᠠᠬᠤᠶ ᠶᠢᠨ ᠰᠢᠰᠲ᠋ᠧᠮ ᠤᠨ ᠪᠦᠬᠦᠯᠢ ᠴᠣᠭᠴᠠᠲᠤ ᠴᠢᠨᠠᠷ ᠠᠴᠠ ᠡᠭᠦᠰᠴᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠠᠬᠢᠭᠤᠯᠵᠤ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠠᠩ ᠴᠢᠬᠤᠯᠠᠴᠢᠯᠠᠬᠤ ᠬᠡᠷᠡᠭᠲᠡᠶ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠳᠤ ᠵᠣᠬᠢᠰᠲᠠᠢ ᠬᠠᠷᠢᠭᠤ ᠠᠰᠢᠭ ᠬᠦᠷᠲᠡᠭᠡᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠬᠦ ᠳᠤ ᠬᠠᠷᠠᠭᠠᠯᠵᠠᠬᠰᠠᠨ ᠦᠷᠡᠭᠳᠡᠯ ᠭᠠᠷᠭᠠᠯᠭᠠᠬᠤ ᠬᠡᠷᠡᠭᠲᠡᠢ᠃ ᠴᠥᠯᠡᠷᠬᠡᠭᠵᠢᠯ᠂ ᠬᠠᠶᠢᠷᠬᠠᠭ ᠴᠦᠯᠵᠢᠯ᠂ ᠤᠰᠤ ᠬᠦᠷᠦᠰᠦᠨ ᠤ ᠤᠷᠤᠰᠤᠬᠳᠠᠯ ᠢ ᠶᠡᠷᠦᠩᠬᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠢ ᠶᠡᠭᠡ ᠬᠡᠪᠴᠢᠶ᠎ᠠ ᠪᠠᠷ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠨᠤᠳᠤᠭ ᠪᠡᠯᠴᠢᠭᠡᠷ ᠤᠢ ᠰᠢᠭᠤᠢ ᠭᠤᠣᠯ ᠮᠥᠷᠡᠨ ᠨᠠᠭᠤᠷ ᠪᠦᠷᠢᠳᠦ ᠶᠢ ᠰᠡᠷᠭᠦᠭᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠰᠠᠶᠢᠲᠤᠷ ᠬᠡᠷᠡᠭᠵᠢᠭᠦᠯᠵᠦ᠂ ᠲᠠᠷᠢᠶᠠᠨ ᠭᠠᠵᠠᠷ ᠢ ᠰᠡᠯᠭᠦᠨ ᠲᠠᠷᠢᠬᠤ ᠡᠭᠡᠯᠵᠢᠯᠡᠨ ᠲᠠᠷᠢᠬᠤ ᠲᠦᠷᠢᠮ ᠢ ᠪᠦᠷᠢᠨᠰᠢᠬᠦᠯᠬᠦ ᠬᠡᠷᠡᠭᠲᠡᠢ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠭᠠᠳᠠᠨ᠎ᠠ ᠠᠴᠠ ᠢᠷᠡᠭᠰᠡᠨ ᠠᠮᠢᠳᠤ ᠪᠤᠳᠠᠰ ᠤᠷᠭᠤᠮᠠᠯ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠰᠠᠶᠢᠲᠤᠷ ᠡᠷᠬᠢᠯᠡᠬᠦ ᠬᠡᠷᠡᠭᠲᠡᠢ ᠬᠡᠵᠤ ᠵᠢᠭᠠᠵᠤ ᠭᠠᠷᠭᠠᠪᠠ᠃ ᠰᠢ ᠶᠢᠨ ᠫᠢᠩ᠂ ᠪᠦᠬᠦ ᠪᠥᠮᠪᠥᠷᠴᠡᠭ ᠤᠨ ᠦᠷᠭᠦᠯᠵᠢᠯᠡᠬᠦ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠬᠦ ᠪᠥᠮᠪᠥᠷᠴᠡᠭ ᠲᠤ ᠨᠡᠩ ᠤᠯᠠᠨ ᠠᠷᠪᠢᠨ ᠨᠡᠶᠢᠲᠡ ᠶᠢᠨ ᠦᠢᠯᠡᠳᠬᠦᠨ ᠢ ᠬᠠᠩᠭᠠᠵᠤ᠂ ᠮᠠᠨ ᠤ ᠤᠯᠤᠰ ᠤᠨ ᠬᠠᠷᠢᠭᠤᠴᠠᠯᠭ᠎ᠠ ᠲᠠᠢ ᠲᠤᠮᠤ ᠤᠯᠤᠰ ᠤᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠵᠢᠴᠢ ᠡᠷᠬᠢᠨ ᠲᠣᠭᠤᠷᠢᠨ ᠤ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠲᠤ ᠴᠢᠳᠠᠯ ᠤᠨ ᠢᠶᠠᠨ ᠬᠢᠷᠢ ᠪᠠᠷ ᠪᠡᠯᠡ ᠮᠥᠩᠭᠦ᠂ ᠮᠡᠷᠭᠡᠵᠢᠯ ᠤᠨ ᠳᠡᠮᠵᠢᠯᠭᠡ ᠬᠠᠩᠭᠠᠵᠤ᠂ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠨᠢ ᠬᠠᠪᠰᠤᠷᠤᠨ ᠳᠡᠭᠡᠭᠰᠢᠯᠡᠭᠦᠯᠵᠦ᠂ ᠪᠣᠬᠢᠷᠲᠤᠯ ᠦᠭᠡᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠭᠡᠷᠡᠭᠲᠡᠢ᠃ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ᠂ ᠲᠥᠪ ᠭᠤᠣᠯᠴᠢ ᠪᠠᠶᠢᠬᠤ ᠵᠠᠷᠴᠢᠮ ᠪᠠ ᠥᠪᠡᠷ ᠥᠪᠡᠷ ᠤᠨ ᠴᠢᠳᠠᠪᠤᠷᠢ ᠶᠢᠨ ᠵᠠᠷᠴᠢᠮ ᠢ ᠪᠠᠷᠢᠮᠲᠠᠯᠠᠵᠤ᠂ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ ᠮᠠᠨ ᠤ ᠤᠯᠤᠰ ᠤᠨ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ ᠬᠡᠵᠤ ᠴᠢᠬᠤᠯᠠᠴᠢᠯᠠᠪᠠ᠃ ᠰᠢ ᠶᠢᠨ ᠫᠢᠩ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠬᠤᠷᠢᠶ᠎ᠡ ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠵᠢᠯᠤᠭᠤᠳᠤᠬᠰᠠᠨ᠂ ᠠᠵᠤ ᠠᠬᠤᠶᠢᠯᠠᠯ ᠭᠤᠣᠯ ᠴᠣᠭᠴᠠ ᠪᠣᠯᠤᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠤᠯᠠᠨ ᠲᠦᠮᠡᠨ ᠬᠠᠮᠲᠤ ᠪᠠᠷ ᠣᠷᠣᠯᠴᠠᠭᠰᠠᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠨᠢᠭᠡ ᠴᠤᠬᠴᠠᠵᠢᠭᠤᠯᠤᠨ ᠲᠥᠯᠥᠪᠵᠢᠭᠦᠯᠬᠦ᠂ ᠨᠢᠭᠡ ᠴᠤᠬᠴᠠᠵᠢᠭᠤᠯᠤᠨ ᠪᠠᠶᠢᠷᠢᠯᠠᠭᠤᠯᠬᠤ᠂ ᠨᠢᠭᠡ ᠴᠤᠬᠴᠠᠵᠢᠭᠤᠯᠤᠨ ᠠᠬᠢᠭᠤᠯᠬᠤ᠂ ᠨᠢᠭᠡ ᠴᠤᠬᠴᠠᠵᠢᠭᠤᠯᠤᠨ ᠬᠢᠨᠠᠨ ᠰᠢᠯᠭᠠᠬᠤ ᠲᠦᠷᠢᠮ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠬᠠᠤᠯᠢ ᠴᠠᠭᠠᠵᠠ ᠪᠣᠯᠤᠨ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠣᠷᠴᠢᠨ ᠲᠤᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠲᠣᠬᠳᠠᠭᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠡᠷᠬᠡ᠂ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠮᠢ ᠠᠬᠤᠢ ᠶᠢᠨ ᠤᠬᠠᠮᠰᠠᠷ ᠢ ᠴᠢᠩᠭᠠᠳᠬᠠᠵᠤ᠂ ᠠᠷᠪᠢᠲᠠᠢ ᠲᠣᠬᠢᠷᠠᠮᠵᠢᠲᠠᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠶᠢ ᠪᠦᠬᠦ ᠠᠷᠠᠳ ᠤᠨ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠡ ᠪᠣᠯᠤᠨ ᠵᠠᠰᠠᠭ ᠤᠨ ᠣᠷᠳᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠠᠷᠯᠢᠭ ᠴᠠᠭᠠᠵᠠ ᠶᠢ ᠲᠠᠭᠠᠬᠤ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠬᠡᠵᠤ ᠵᠢᠭᠠᠵᠤ ᠭᠠᠷᠭᠠᠪᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ