ᠳᠤᠮᠳᠠᠳᠤ ᠭᠧᠷᠮᠠᠨ ᠤ 25 ᠶᠠᠮᠤᠨ ᠤ ᠰᠠᠶᠢᠳ ᠤᠨ ︽ᠡᠭᠦᠯᠡᠨ ᠵᠥᠪᠳᠡᠯᠴᠡᠭᠡ︾ ᠪᠠ ᠬᠤᠶᠠᠷ ᠤᠯᠤᠰ ᠤᠨ ᠶᠡᠷᠦᠩᠬᠡᠢ ᠰᠠᠶᠢᠳ ᠤᠨ ᠭᠡᠷᠡᠴᠢᠯᠡᠯᠲᠡ ᠨᠢ ᠶᠠᠮᠠᠷ ᠶᠠᠮᠠᠷ ᠲᠤᠬᠢᠶ᠎ᠠ ᠲᠠᠯᠪᠢᠭᠰᠠᠨ ᠪᠤᠢ︖
ᠨᠡᠶᠢᠲᠡᠯᠡᠭᠰᠡᠨ ᠴᠠᠭ᠄
2021/5/7
   
   4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠲᠤᠮᠤ ᠳᠡᠯᠭᠡᠴᠡ ᠳᠡᠭᠡᠷ᠎ᠡ ᠳᠤᠮᠳᠠᠳᠤ ᠭᠧᠷᠮᠠᠨ ᠬᠤᠶᠠᠷ ᠤᠯᠤᠰ ᠤᠨ ᠬᠠᠷᠢᠯᠴᠠᠭᠠᠨ ᠤ ᠲᠡᠦᠬᠡᠨ ᠳᠡᠭᠡᠷᠡᠬᠢ ᠠᠩᠬᠠᠳᠠᠭᠴᠢ ︽ᠡᠭᠦᠯᠡᠨ ᠳᠡᠭᠡᠷᠡᠬᠢ︾ ᠵᠠᠰᠠᠭ ᠤᠨ ᠣᠷᠳᠣᠨ ᠤ ᠵᠥᠪᠳᠡᠯᠴᠡᠭᠡ ᠶᠠᠪᠤᠭᠳᠠᠭᠰᠠᠨ ᠢ ᠭᠡᠷᠡᠴᠢᠯᠡᠪᠡ᠄ ᠬᠤᠶᠠᠷ ᠤᠯᠤᠰ ᠤᠨ ᠶᠡᠷᠦᠩᠬᠡᠢ ᠰᠠᠶᠢᠳ ᠡᠩ ᠲᠡᠷᠢᠭᠦᠨ ᠳᠤ ᠪᠠᠭ᠎ᠠ ᠬᠡᠪᠴᠢᠶᠡᠨ ᠤ ᠬᠡᠯᠡᠯᠴᠡᠭᠡ ᠬᠢᠵᠦ᠂ ᠵᠠᠯᠭᠠᠭᠠᠳ ᠳᠠᠬᠢᠨ ᠬᠤᠶᠠᠷ ᠲᠠᠯ᠎ᠠ ᠶᠢᠨ 25 ᠶᠠᠮᠤᠨ ᠤ ᠰᠠᠶᠢᠳ ᠲᠠᠢ ᠳᠡᠯᠭᠡᠴᠡ ᠶᠢᠨ ᠬᠤᠶᠠᠷ ᠲᠠᠯ᠎ᠠ ᠳᠤ ᠨᠢᠭᠡ ᠲᠠᠩᠬᠢᠮ ᠳᠤ ᠴᠤᠭᠯᠠᠷᠠᠭᠰᠠᠨ ᠨᠢ ᠤᠷᠢᠳ ᠡᠮᠦᠨ᠎ᠡ ᠪᠠᠶᠢᠭ᠎ᠠ ᠦᠭᠡᠢ ᠰᠦᠷ ᠳᠠᠯᠠᠶᠢᠴᠠᠲᠠᠢ ᠪᠠᠶᠢᠪᠠ᠃    ᠲᠤᠰ ᠡᠳᠦᠷ ᠤᠨ ᠦᠳᠡ ᠶᠢᠨ ᠬᠤᠶᠢᠨ᠎ᠠ᠂ ᠯᠢ ᠺᠧ ᠴᠢᠶᠠᠩ ᠸᠢᠳᠢᠣ᠋ ᠶᠢᠨ ᠬᠡᠯᠪᠡᠷᠢ ᠪᠠᠷ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠬᠠᠮᠲᠤ ᠪᠠᠷ ᠵᠢᠷᠭᠤᠳᠤᠭᠠᠷ ᠡᠭᠡᠯᠵᠢ ᠶᠢᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠶᠢ ᠡᠷᠬᠢᠯᠡᠪᠡ᠃    10 ᠵᠢᠯ ᠤᠨ ᠡᠮᠦᠨ᠎ᠡ᠂ ᠮᠤᠺᠧᠷ ᠠᠴᠠ ᠳᠤᠮᠳᠠᠳᠤ ᠭᠧᠷᠮᠠᠨ ᠬᠤᠶᠠᠷ ᠤᠯᠤᠰ ᠤᠨ ᠵᠠᠰᠠᠭ ᠤᠨ ᠣᠷᠳᠣᠨ ᠤ ᠵᠥᠪᠳᠡᠯᠴᠡᠭᠡ ᠬᠢᠬᠦ ᠲᠣᠭᠲᠠᠴᠠ ᠶᠢ ᠪᠠᠶᠢᠭᠤᠯᠬᠤ ᠳᠤᠷᠠᠳᠤᠯᠭ᠎ᠠ ᠭᠠᠷᠭᠠᠪᠠ᠂ ᠡᠨᠡ ᠪᠣᠯ ᠳᠤᠮᠳᠠᠳᠤ ᠤᠯᠤᠰ ᠤᠨ ᠪᠤᠰᠤᠳ ᠤᠯᠤᠰ ᠯᠤᠭ᠎ᠠ ᠪᠠᠶᠢᠭᠤᠯᠤᠭᠰᠠᠨ ᠠᠩᠬᠠᠳᠠᠭᠴᠢ ᠠᠳᠠᠯᠢᠪᠲᠤᠷ ᠲᠣᠭᠲᠠᠴᠠ ᠪᠣᠯᠤᠨ᠎ᠠ᠃   ᠯᠢ ᠺᠧ ᠴᠢᠶᠠᠩ ᠵᠥᠪᠳᠡᠯᠴᠡᠭᠡ ᠡᠬᠢᠯᠡᠬᠦ ᠦᠭᠡ ᠳᠤ ᠪᠠᠨ ︽ᠮᠢᠨᠦ ᠮᠡᠳᠡᠵᠦ ᠪᠠᠶᠢᠬᠤ ᠪᠠᠷ᠂ ᠶᠡᠷᠦᠩᠬᠡᠶ ᠰᠠᠶᠢᠳ ᠮᠤᠺᠧᠷ ᠪᠣᠯ ᠣᠳᠣ ᠪᠣᠯᠲᠠᠯᠠᠬᠢ ᠵᠢᠷᠭᠤᠭᠠᠨ ᠡᠭᠡᠯᠵᠢ ᠶᠢᠨ ᠵᠥᠪᠳᠡᠯᠴᠡᠭᠡ ᠳᠤ ᠴᠥᠮ ᠣᠷᠣᠯᠴᠠᠭᠰᠠᠨ ᠴᠣᠷ ᠤᠨ ᠭᠠᠭᠴᠠ ᠶᠡᠷᠦᠩᠬᠡᠶ ᠰᠠᠶᠢᠳ ᠮᠥᠨ᠂ ᠲᠠᠨ ᠤ ᠠᠵᠢᠯ ᠢ ᠪᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ︾᠂ ︽ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠬᠢᠬᠦ ᠲᠣᠭᠲᠠᠴᠠ ᠪᠠᠶᠢᠭᠤᠯᠤᠭᠳᠠᠭᠰᠠᠨ 10 ᠵᠢᠯ ᠤᠨ ᠲᠤᠷᠰᠢ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠬᠢᠭᠰᠡᠨ ᠬᠡᠪᠴᠢᠶ᠎ᠡ ᠪᠠ ᠥᠷᠭᠡᠴᠡ ᠶᠢ ᠠᠬᠢᠭᠤᠯᠵᠤ᠂ ︿ᠳᠡᠰ ᠠᠴᠠ ᠳᠠᠪᠠᠭᠰᠠᠨ ᠬᠥᠳᠡᠯᠭᠡᠭᠦᠷ ᠮᠠᠰᠢᠨ﹀ ᠤ ᠦᠢᠯᠡᠳᠦᠯ ᠢ ᠪᠠᠳᠠᠷᠠᠭᠤᠯᠤᠭᠰᠠᠨ ᠭᠡᠵᠦ ᠬᠡᠯᠡᠵᠦ ᠪᠣᠯᠤᠨ᠎ᠠ︾ ᠭᠡᠵᠦ ᠬᠡᠯᠡᠪᠡ᠃   ᠮᠤᠺᠧᠷ ᠢᠯᠡᠷᠬᠡᠶᠢᠯᠡᠬᠦ ᠳᠤ ᠪᠠᠨ᠄ ︽ᠬᠤᠶᠠᠷ ᠤᠯᠤᠰ ᠤᠨ ᠬᠠᠮᠲᠤᠷᠠᠯᠴᠠᠭ᠎ᠠ ᠰᠢᠨ᠎ᠡ ᠥᠷᠭᠡᠴᠡ ᠪᠠ ᠭᠦᠨᠴᠡ ᠳᠤ ᠬᠦᠷᠦᠭᠰᠡᠨ ᠢ ᠲᠤᠰ ᠡᠭᠡᠯᠵᠢ ᠶᠢᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠳᠠᠬᠢᠨᠲᠠ ᠭᠡᠷᠡᠴᠢᠯᠡᠪᠡ᠂ ᠡᠨᠡ ᠬᠦ ᠲᠣᠭᠲᠠᠴᠠ ᠶᠢ ᠦᠷᠭᠦᠯᠵᠢᠯᠡᠭᠦᠯᠬᠦ ᠶᠢᠨ ᠬᠠᠮᠲᠤ ᠡᠯ᠎ᠡ ᠲᠠᠯ᠎ᠠ ᠪᠠᠷ ᠰᠢᠨ᠎ᠡ ᠠᠬᠢᠴᠠ ᠲᠠᠢ ᠪᠣᠯᠬᠤ ᠶᠢ ᠬᠦᠰᠡᠵᠦ ᠪᠠᠶᠢᠨ᠎ᠠ︾ ᠭᠡᠵᠡᠢ᠃    ᠳᠤᠮᠳᠠᠳᠤ ᠭᠧᠷᠮᠠᠨ ᠬᠤᠶᠠᠷ ᠲᠠᠯ᠎ᠠ ᠪᠠᠷ ᠢᠶᠠᠨ ᠨᠡᠩ ᠢᠯᠡᠭᠦᠦ ᠭᠠᠷ ᠭᠠᠷ ᠢᠶᠠᠨ ᠬᠤᠯᠪᠣᠯᠴᠠᠨ ᠬᠠᠮᠲᠤᠷᠠᠯᠴᠠᠵᠤ᠂ ᠬᠠᠮᠲᠤ ᠶᠢᠨ ᠠᠰᠢᠭ ᠲᠤᠰᠠ ᠪᠠᠨ ᠥᠷᠭᠡᠳᠬᠡᠬᠦ ᠬᠡᠷᠡᠭᠲᠡᠢ    ᠬᠤᠶᠠᠷ ᠤᠯᠤᠰ ᠤᠨ ᠶᠡᠷᠦᠩᠬᠡᠶ ᠰᠠᠶᠢᠳ ᠬᠠᠮᠲᠤ ᠪᠠᠷ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭ᠎ᠠ᠂ ᠠᠵᠤ ᠠᠬᠤᠶ ᠠᠷᠠᠯᠵᠢᠶ᠎ᠠ᠂ ᠬᠠᠤᠯᠢ ᠴᠠᠭᠠᠵᠠ᠂ ᠡᠳ᠋ ᠤᠨ ᠵᠠᠰᠠᠭ᠂ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ᠂ ᠲᠠᠷᠢᠶᠠᠯᠠᠩ ᠠᠵᠤ ᠠᠬᠤᠢ᠂ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠶ᠃     ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠣᠳᠣᠬᠠᠨ ᠤ ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠪᠠᠶᠢᠵᠤ᠂ ᠬᠢᠵᠢᠭ ᠤᠨ ᠪᠠᠶᠢᠳᠠᠯ ᠦᠷᠭᠦᠯᠵᠢᠯᠡᠨ ᠥᠷᠭᠡᠳᠴᠦ᠂ ᠬᠠᠮᠠᠭᠠᠯᠠᠬᠤ ᠦᠵᠡᠯ ᠮᠥᠨ ᠬᠦ ᠣᠷᠣᠰᠢᠭᠰᠠᠭᠠᠷ ᠪᠠᠶᠢᠨ᠎ᠠ᠃     ︽ᠡᠶᠢᠮᠦᠷᠬᠦ ᠪᠠᠶᠢᠳᠠᠯ ᠳᠣᠣᠷ᠎ᠠ᠂ ᠳᠤᠮᠳᠠᠳᠤ ᠭᠧᠷᠮᠠᠨ ᠬᠤᠶᠠᠷ ᠲᠠᠯ᠎ᠠ ᠪᠠᠷ ᠢᠶᠠᠨ ᠨᠡᠩ ᠢᠯᠡᠭᠦᠦ ᠭᠠᠷ ᠭᠠᠷ ᠢᠶᠠᠨ ᠬᠤᠯᠪᠣᠯᠴᠠᠨ ᠬᠠᠮᠲᠤᠷᠠᠯᠴᠠᠵᠤ᠂ ᠬᠠᠮᠲᠤ ᠶᠢᠨ ᠠᠰᠢᠭ ᠲᠤᠰᠠ ᠪᠠᠨ ᠥᠷᠭᠡᠳᠬᠡᠵᠦ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠦᠯᠡᠳᠡᠭᠡᠵᠦ᠂ ᠳᠡᠯᠡᠬᠡᠢ ᠳ᠋ᠠᠬᠢᠨ ᠳᠤ ᠤᠯᠠᠨ ᠲᠠᠯᠠᠲᠤ ᠦᠵᠡᠯ᠂ ᠴᠢᠯᠥᠭᠡᠲᠦ ᠠᠷᠠᠯᠵᠢᠶ᠎ᠠ ᠪᠣᠯᠤᠨ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠢᠳᠡᠪᠬᠢᠲᠡᠢ ᠲᠤᠬᠢᠶ᠎ᠠ ᠶᠢ ᠬᠠᠮᠲᠤ ᠪᠠᠷ ᠳᠠᠮᠵᠢᠭᠤᠯᠪᠠᠯ ᠵᠣᠬᠢᠨ᠎ᠠ︾ ᠭᠡᠵᠡᠢ᠃    ᠲᠡᠷᠡ ᠢᠯᠡᠷᠬᠡᠶᠢᠯᠡᠬᠦ ᠳᠤ ᠪᠠᠨ᠂ ᠳᠤᠮᠳᠠᠳᠤ ᠭᠧᠷᠮᠠᠨ ᠬᠤᠶᠠᠷ ᠲᠠᠯ᠎ᠠ ᠪᠠᠷ ᠢᠶᠠᠨ ᠵᠠᠷᠢᠮ ᠠᠰᠠᠭᠤᠳᠠᠯ ᠳᠤ ᠠᠳᠠᠯᠢ ᠪᠤᠰᠤ ᠦᠵᠡᠯᠲᠡ ᠪᠤᠶᠤ ᠲᠠᠨᠢᠯᠲᠠ ᠲᠠᠢ ᠪᠠᠶᠢᠬᠤ ᠶᠢ ᠪᠢᠳᠡ ᠦᠭᠡᠶᠢᠰᠬᠡᠬᠦ ᠦᠭᠡᠢ ᠭᠡᠵᠡᠢ᠃   ᠯᠢ ᠺᠧ ᠴᠢᠶᠠᠩ ︽ᠬᠤᠶᠠᠷ ᠲᠠᠯ᠎ᠠ ᠪᠠᠷ ᠢᠶᠠᠨ ᠨᠦᠬᠦᠬᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠦᠨᠳᠦᠳᠬᠡᠵᠦ᠂ ᠬᠠᠷᠢᠯᠴᠠᠨ ᠡᠷᠬᠡ ᠲᠡᠭᠰᠢ ᠪᠠᠷ ᠬᠠᠨᠳᠤᠵᠤ᠂ ᠬᠠᠷᠢᠯᠴᠠᠨ ᠳᠣᠲᠣᠭᠠᠳᠤ ᠵᠠᠰᠠᠭ ᠲᠤ ᠭᠠᠷ ᠦᠯᠦ ᠲᠦᠷᠦᠭᠦ ᠰᠠᠭᠤᠷᠢᠨ ᠳᠡᠭᠡᠷ᠎ᠡ ᠣᠶᠢᠯᠠᠭᠠᠯᠴᠠᠭ᠎ᠠ ᠰᠣᠯᠢᠯᠴᠠᠭ᠎ᠠ ᠬᠢᠵᠦ᠂ ᠢᠲᠡᠭᠡᠯᠴᠡᠭᠡ ᠪᠠᠨ ᠨᠡᠮᠡᠭᠳᠡᠭᠦᠯᠦᠨ ᠡᠷᠡᠭᠡᠯᠵᠡᠭᠡ ᠰᠡᠵᠢᠭᠯᠡᠯ ᠢᠶᠠᠨ ᠲᠠᠶᠢᠯᠵᠤ᠂ ᠵᠥᠷᠢᠯᠳᠦᠭᠡᠨ ᠢᠶᠠᠨ ᠪᠠᠭᠠᠰᠬᠠᠵᠤ᠂ ᠬᠠᠮᠲᠤᠷᠠᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠳᠡᠭ ᠯᠡ ᠶᠤᠮ ᠪᠣᠯ ᠶᠠᠷᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠤᠷᠤᠭᠰᠢᠲᠠᠢ ᠥᠷᠨᠢᠭᠦᠯᠬᠦ ᠳᠤ ᠠᠰᠢᠭᠲᠠᠢ ᠨᠥᠬᠦᠴᠡᠯ ᠢ ᠡᠭᠦᠳᠴᠦ᠂ ᠬᠤᠶᠠᠷ ᠤᠯᠤᠰ ᠤᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠵᠤ ᠴᠢᠳᠠᠨ᠎ᠠ︾ ᠭᠡᠵᠦ ᠬᠡᠯᠡᠪᠡ᠃    ᠮᠤᠺᠧᠷ ᠢᠯᠡᠷᠬᠡᠶᠢᠯᠡᠬᠦ ᠳᠤ ᠪᠠᠨ᠂ ᠥᠨᠥᠳᠦᠷ ᠤᠨ ᠬᠢ ᠲᠠᠢ ᠠᠳᠠᠯᠢ ᠪᠠᠷ᠂ ᠬᠡᠷᠪᠡ ᠪᠢᠳᠡᠨ ᠤ ᠬᠤᠭᠤᠷᠣᠨᠳᠤᠬᠢ ᠵᠥᠷᠢᠯᠳᠦᠭᠡᠨ ᠢᠶᠠᠨ ᠰᠢᠭᠤᠳ ᠬᠠᠨᠳᠤᠨ ᠠᠷᠭᠠᠴᠠᠭᠠᠵᠤ᠂ ᠰᠠᠨᠠᠯ ᠢᠶᠠᠨ ᠦᠨᠡᠨᠴᠢ ᠪᠠᠷ ᠬᠡᠯᠡᠵᠦ᠂ ᠶᠠᠷᠢᠯᠴᠠᠭ᠎ᠠ ᠵᠥᠪᠳᠡᠯᠴᠡᠭᠡ ᠬᠢᠬᠦ ᠪᠠᠷ ᠳᠠᠮᠵᠢᠭᠤᠯᠤᠨ ᠰᠢᠢᠳᠪᠦᠷᠢᠯᠡᠬᠦ ᠨᠢ ᠵᠥᠪ ᠬᠢᠳᠡᠯ ᠪᠣᠯᠣᠨ᠎ᠠ ᠭᠡᠵᠡᠢ᠃     ᠲᠡᠷᠡ ᠶᠠᠷᠢᠬᠤ ᠳᠤ ᠪᠠᠨ᠂ ᠢᠷᠡᠬᠦ ᠵᠢᠯ ᠪᠣᠯ ᠭᠧᠷᠮᠠᠨ ᠳᠤᠮᠳᠠᠳᠤ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠤᠨ᠎ᠠ᠂ ᠭᠧᠷᠮᠠᠨ ᠤ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠴᠢᠨᠠᠭᠰᠢᠳᠠ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ ᠭᠡᠵᠡᠢ᠃ ᠳᠤᠮᠳᠠᠳᠤ ᠭᠧᠷᠮᠠᠨ ᠬᠤᠶᠠᠷ ᠲᠠᠯ᠎ᠠ ᠪᠠᠷ ᠢᠶᠠᠨ ᠨᠡᠭᠡᠭᠡᠯᠲᠡ ᠬᠢᠬᠦ ᠶᠢ ᠪᠠᠷᠢᠮᠲᠠᠯᠠᠨ ᠠᠬᠢᠭᠤᠯᠬᠤ ᠳᠤᠷ᠎ᠠ ᠲᠠᠢ ᠠᠴᠠ ᠪᠢᠰᠢ᠂ ᠪᠢᠲᠡᠭᠦᠮᠵᠢᠯᠡᠨ ᠲᠥᠭᠵᠢᠬᠦ ᠶᠢ ᠬᠦᠰᠡᠬᠦ ᠦᠭᠡᠢ    ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠭᠧᠷᠮᠠᠨ ᠬᠤᠶᠠᠷ ᠲᠠᠯ᠎ᠠ ᠪᠠᠷ ᠢᠶᠠᠨ ᠬᠤᠣᠰ ᠴᠢᠭᠯᠡᠯ ᠢᠶᠠᠷ ᠨᠡᠬᠡᠬᠡᠯᠳᠡ ᠬᠢᠬᠦ ᠶᠢ ᠦᠷᠭᠦᠯᠵᠢᠯᠡᠨ ᠥᠷᠭᠡᠳᠬᠡᠵᠦ᠂ ᠨᠡᠬᠡᠬᠡᠯᠳᠡ ᠶᠢᠨ ᠳᠤᠮᠳᠠ ᠴᠢᠯᠥᠭᠡᠲᠦ ᠠᠷᠠᠯᠵᠢᠶ᠎ᠠ ᠶᠢ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢ ᠠᠬᠢᠭᠤᠯᠪᠠᠯ ᠵᠣᠬᠢᠨ᠎ᠠ᠃    ︽ᠳᠤᠮᠳᠠᠳᠤ ᠤᠯᠤᠰ ᠭᠠᠳᠠᠭᠠᠳᠤ ᠨᠡᠬᠡᠬᠡᠯᠳᠡ ᠬᠢᠭᠰᠡᠨ ᠪᠠ ᠭᠧᠷᠮᠠᠨ ᠧᠦ᠋ᠷᠣᠫᠠ ᠶᠢᠨ ᠨᠢᠭᠡ ᠴᠣᠭᠴᠠᠵᠢᠭᠤᠯᠤᠯᠲᠠ ᠶᠢᠨ ᠠᠬᠢᠴᠠ ᠳᠤ ᠣᠷᠣᠯᠴᠠᠭᠰᠠᠨ ᠦᠢᠯᠡᠳᠦᠯᠭᠡ ᠶᠢᠨ ᠭᠡᠷᠡᠴᠢᠯᠡᠭᠰᠡᠨ ᠨᠢ᠂ ᠳᠤᠮᠳᠠᠳᠤ ᠭᠧᠷᠮᠠᠨ ᠴᠥᠮ ᠨᠡᠬᠡᠬᠡᠯᠳᠡ ᠬᠢᠬᠦ ᠶᠢ ᠪᠠᠷᠢᠮᠲᠠᠯᠠᠵᠤ᠂ ᠪᠢᠲᠡᠭᠦᠮᠵᠢᠯᠡᠨ ᠲᠥᠭᠵᠢᠬᠦ ᠶᠢ ᠬᠦᠰᠡᠬᠦ ᠦᠭᠡᠢ ᠪᠠᠶᠢᠨ᠎ᠠ᠂ ᠡᠨᠡ ᠨᠢ ᠬᠤᠶᠠᠷ ᠲᠠᠯ᠎ᠠ ᠳᠤ ᠪᠦᠷ ᠠᠰᠢᠭᠲᠠᠢ ᠶᠤᠮ︾ ᠭᠡᠵᠡᠢ᠃   ᠯᠢ ᠺᠧ ᠴᠢᠶᠠᠩ ᠶᠠᠷᠢᠬᠤ ᠳᠤ ᠪᠠᠨ᠂ ︽ᠳᠤᠮᠳᠠᠳᠤ ᠤᠯᠤᠰ ᠭᠠᠳᠠᠭᠠᠳᠤ ᠨᠡᠬᠡᠬᠡᠯᠳᠡ ᠪᠠᠨ ᠴᠢᠨᠠᠭᠰᠢᠳᠠ ᠥᠷᠭᠡᠳᠬᠡᠵᠦ᠂ ᠳᠤᠷᠠᠲᠠᠶ᠎ᠠ ᠭᠧᠷᠮᠠᠨ ᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠠᠢ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠨ᠎ᠡ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠧᠦ᠋ᠷᠣᠫᠠ ᠲᠢᠪ ᠤᠨ ᠬᠤᠯᠪᠣᠭᠠᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠧᠦ᠋ᠷᠣᠫᠠ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠤ ᠡᠷᠲᠡ ᠡᠳᠦᠷ ᠭᠠᠷ ᠤᠨ ᠦᠰᠦᠭ ᠵᠢᠷᠤᠵᠤ ᠬᠦᠴᠦᠨ ᠲᠠᠢ ᠪᠣᠯᠬᠤ ᠶᠢ ᠠᠬᠢᠭᠤᠯᠵᠤ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ︾ ᠭᠡᠵᠡᠢ᠃     ᠪᠢᠳᠡ ᠡᠭᠦᠳᠡ ᠪᠠᠨ ᠲᠦᠭᠵᠢᠵᠦ ᠪᠢᠲᠡᠭᠦᠮᠵᠢᠯᠡᠵᠦ ᠪᠣᠯᠬᠤ ᠦᠭᠡᠢ᠂ ᠨᠡᠬᠡᠬᠡᠯᠳᠡ ᠬᠢᠵᠦ ᠬᠠᠮᠲᠤᠷᠠᠯᠴᠠᠬᠤ ᠶᠢ ᠵᠣᠷᠢᠵᠤ᠂ ᠬᠠᠮᠠᠭᠠᠯᠠᠬᠤ ᠦᠵᠡᠯ ᠢ ᠡᠰᠡᠷᠭᠦᠴᠡᠨ᠎ᠡ ᠭᠡᠵᠦ ᠮᠤᠺᠧᠷ ᠲᠣᠳᠣᠷᠬᠠᠢ ᠢᠯᠡᠷᠬᠡᠶᠢᠯᠡᠪᠡ᠃    ᠲᠡᠷᠡ ᠶᠠᠷᠢᠬᠤ ᠳᠤ ᠪᠠᠨ᠂ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠨᠢ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠳᠤ ᠲᠦᠢᠯ ᠤᠨ ᠴᠢᠬᠤᠯᠠ ᠶᠤᠮ᠂ ᠬᠤᠶᠠᠷ ᠲᠠᠯ᠎ᠠ ᠪᠠᠷ ᠢᠶᠠᠨ ᠬᠡᠯᠡᠯᠴᠡᠭᠡᠷ ᠤᠨ ᠡᠷᠲᠡ ᠡᠳᠦᠷ ᠬᠦᠴᠦᠨ ᠲᠠᠢ ᠪᠣᠯᠬᠤ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      ᠭᠠᠭᠴᠠ ᠬᠦ ᠡᠯ᠎ᠡ ᠤᠯᠤᠰ ᠬᠠᠮᠲᠤᠷᠠᠯᠴᠠᠨ ᠬᠢᠵᠢᠭ ᠢ ᠡᠰᠡᠷᠭᠦᠴᠡᠪᠡᠯ ᠰᠠᠶ᠋ᠢ ᠬᠢᠵᠢᠭ ᠤᠨ ᠪᠠᠶᠢᠳᠠᠯ ᠢ ᠡᠴᠦᠰ ᠲᠤ ᠪᠠᠨ ᠢᠯᠠᠵᠤ ᠴᠢᠳᠠᠨ᠎ᠠ     ᠯᠢ ᠺᠧ ᠴᠢᠶᠠᠩ ᠬᠡᠯᠡᠬᠦ ᠳᠤ ᠪᠠᠨ ︽ᠪᠦᠬᠦ ᠳᠡᠯᠡᠬᠡᠶ ᠶᠢᠨ ᠬᠢᠵᠢᠭ ᠤᠨ ᠪᠠᠶᠢᠳᠠᠯ ᠤᠨ ᠳᠣᠣᠷ᠎ᠠ᠂ ᠠᠯᠢ ᠴᠤ ᠤᠯᠤᠰ ᠭᠡᠳ ᠵᠥᠪᠬᠡᠨ ᠥᠪᠡᠷ ᠢ ᠪᠠᠨ ᠪᠣᠳᠣᠯᠬᠢᠯᠠᠵᠤ ᠴᠢᠳᠠᠬᠤ ᠦᠭᠡᠶ ᠶᠤᠮ᠂ ᠭᠠᠭᠴᠠ ᠬᠦ ᠡᠯ᠎ᠡ ᠤᠯᠤᠰ ᠪᠦᠯᠬᠦᠮᠳᠡᠵᠦ ᠪᠠᠶᠢᠭᠠᠳ ᠬᠢᠵᠢᠭ ᠢ ᠡᠰᠡᠷᠭᠦᠴᠡᠪᠡᠯ ᠰᠠᠶ᠋ᠢ ᠬᠢᠵᠢᠭ ᠤᠨ ᠪᠠᠶᠢᠳᠠᠯ ᠢ ᠡᠴᠦᠰ ᠲᠤ ᠪᠠᠨ ᠢᠯᠠᠵᠤ ᠴᠢᠳᠠᠨ᠎ᠠ᠃ ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠭᠧᠷᠮᠠᠨ ᠬᠤᠶᠠᠷ ᠲᠠᠯ᠎ᠠ ᠪᠠᠷ ᠢᠶᠠᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠯᠬᠦᠮᠳᠡᠨ ᠬᠠᠮᠵᠢᠯᠴᠠᠵᠤ᠂ ᠳᠡᠯᠡᠬᠡᠢ ᠨᠡᠶᠢᠭᠡᠮ ᠤᠨ ᠡᠮᠬᠢ ᠳᠢᠭᠯᠢᠮ ᠤᠨ ᠠᠯᠬᠤᠮ ᠠᠯᠬᠤᠮ ᠢᠶᠠᠷ ᠬᠡᠪ ᠤᠨ ᠪᠠᠶᠢᠳᠠᠯ ᠳᠤ ᠪᠠᠨ ᠣᠷᠣᠬᠤ ᠶᠢ ᠬᠠᠮᠲᠤ ᠪᠠᠷ ᠠᠬᠢᠭᠤᠯᠬᠤ ᠬᠡᠷᠡᠭᠲᠡᠢ︾ ᠭᠡᠪᠡ᠃     ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠶᠢᠨ ᠲᠠᠯ᠎ᠠ ᠶᠢᠨ ᠬᠢᠨ ᠸᠠᠺᠼᠢᠨ ᠢ ᠡᠷᠬᠡ ᠲᠡᠭᠰᠢ ᠵᠦᠢ ᠵᠣᠬᠢᠰᠲᠠᠢ ᠬᠤᠪᠢᠶᠠᠷᠢᠯᠠᠬᠤ ᠶᠢ ᠠᠬᠢᠭᠤᠯᠵᠤ᠂ ︽ᠸᠠᠺᠼᠢᠨ ᠤ ᠦᠨᠳᠦᠰᠦᠲᠡᠨ ᠤ ᠦᠵᠡᠯ︾ ᠢ ᠡᠰᠡᠷᠭᠦᠴᠡᠨ᠎ᠡ᠃ ᠳᠤᠮᠳᠠᠳᠤ ᠭᠧᠷᠮᠠᠨ ᠤ ︽ᠲᠦᠷᠭᠡᠨ ᠨᠡᠪᠲᠡᠷᠡᠬᠦ ᠵᠠᠮ︾ ᠢ ᠰᠠᠶᠢᠲᠤᠷ ᠠᠰᠢᠭᠯᠠᠵᠤ᠂ ᠬᠤᠶᠠᠷ ᠲᠠᠯ᠎ᠠ ᠶᠢᠨ ᠴᠢᠬᠤᠯᠠ ᠪᠦᠬᠦᠢ ᠬᠥᠮᠦᠰ ᠤᠨ ᠶᠠᠪᠤᠯᠴᠠᠭ᠎ᠠ ᠳᠤ ᠲᠦᠬᠦᠮ ᠦᠵᠡᠭᠦᠯᠵᠦ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠨ᠎ᠠ ᠭᠡᠵᠡᠢ᠃      ᠮᠤᠺᠧᠷ ᠶᠠᠷᠢᠬᠤ ᠳᠤ ᠪᠠᠨ᠄ ︽ᠣᠳᠣᠬᠠᠨ ᠤ ᠬᠥᠮᠦᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ ᠪᠠᠶᠢᠭ᠎ᠠ ᠭᠤᠣᠯ ᠡᠭᠦᠷᠭᠡ ᠪᠣᠯ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠶᠠᠪᠤᠳᠠᠯ ᠪᠣᠯᠤᠨ᠎ᠠ︾ ᠭᠡᠵᠡᠶ᠃    ᠲᠡᠷᠡ ᠢᠯᠡᠷᠬᠡᠶᠢᠯᠡᠬᠦ ᠳᠤ ᠪᠠᠨ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ︽ᠲᠦᠷᠭᠡᠨ ᠨᠡᠪᠲᠡᠷᠡᠬᠦ ᠵᠠᠮ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠮᠦᠰ ᠤᠨ ᠡᠮᠬᠢ ᠵᠢᠷᠤᠮ ᠲᠠᠢ ᠬᠠᠷᠢᠯᠴᠠᠭ᠎ᠠ ᠶᠠᠪᠤᠯᠴᠠᠭ᠎ᠠ ᠶᠢ ᠪᠠᠲᠤᠯᠠᠵᠤ᠂ ᠸᠠᠺᠼᠢᠨ ᠤ ᠦᠢᠯᠡᠳᠪᠦᠷᠢᠯᠡᠯ ᠪᠣᠯᠤᠨ ᠬᠠᠷᠢᠯᠴᠠᠨ ᠮᠠᠭᠠᠳᠯᠠᠨ ᠲᠣᠭᠲᠠᠭᠠᠬᠤ ᠬᠠᠮᠲᠤᠷᠠᠯᠴᠠᠭ᠎ᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      ᠰᠢᠨᠵᠢᠯᠡᠬᠦ ᠤᠬᠠᠭᠠᠨᠲᠠᠳ ᠤᠨ ᠴᠢᠯᠥᠭᠡᠲᠡᠶ ᠪᠠᠷ ᠬᠠᠶᠢᠨ ᠰᠦᠪᠡᠭᠴᠢᠯᠡᠵᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠦᠷ᠎ᠡ ᠪᠦᠲᠦᠭᠡᠯ ᠢ ᠬᠥᠨᠳᠦᠳᠭᠡᠬᠦ ᠶᠢ ᠵᠣᠷᠢᠭᠵᠢᠭᠤᠯᠬᠤ ᠬᠡᠷᠡᠭᠲᠡᠢ    ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠭᠧᠷᠮᠠᠨ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡᠯ ᠵᠣᠬᠢᠨ᠎ᠠ ᠭᠡᠵᠡᠢ᠃    ︽ᠰᠢᠨᠵᠢᠯᠡᠬᠦ ᠤᠬᠠᠭᠠᠨ ᠳᠤ ᠤᠯᠤᠰ ᠤᠨ ᠵᠠᠭᠠᠭ ᠱᠣᠭᠤᠮ ᠭᠡᠵᠦ ᠪᠠᠶᠢᠳᠠᠭ ᠦᠭᠡᠶ᠃ ᠳᠤᠮᠳᠠᠳᠤ ᠤᠯᠤᠰ ᠤᠨ ᠬᠢᠨ ᠶᠡᠷᠦ ᠠᠴᠠ ᠪᠠᠨ ᠰᠢᠨᠵᠢᠯᠡᠬᠦ ᠤᠬᠠᠭᠠᠨ ᠤ ᠰᠤᠳᠤᠯᠭᠠᠨ ᠤ ᠣᠯᠠᠨ ᠤᠯᠤᠰ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠴᠢᠩᠭ᠎ᠠ ᠬᠠᠮᠠᠭᠠᠯᠠᠬᠤ ᠶᠠᠪᠤᠴᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠᠨ ᠠᠬᠢᠭᠤᠯᠬᠤ ᠶᠢ ᠪᠠᠷᠢᠮᠲᠠᠯᠠᠭᠰᠠᠭᠠᠷ ᠢᠷᠡᠵᠡᠢ︾ ᠭᠡᠵᠦ ᠬᠡᠯᠡᠬᠦ ᠳᠤ ᠪᠠᠨ᠄ ︽ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠯᠲᠡ ᠳᠤ ᠬᠤᠷᠢᠭᠠᠲᠤ ᠣᠷᠣᠨ ᠭᠡᠵᠦ ᠪᠠᠶᠢᠳᠠᠭ ᠦᠭᠡᠶ᠃ ᠰᠢᠨᠵᠢᠯᠡᠬᠦ ᠤᠬᠠᠭᠠᠨᠲᠠᠳ ᠤᠨ ᠴᠢᠯᠥᠭᠡᠲᠡᠶ ᠪᠠᠷ ᠬᠠᠶᠢᠨ ᠰᠦᠪᠡᠭᠴᠢᠯᠡᠵᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠦᠷ᠎ᠡ ᠪᠦᠲᠦᠭᠡᠯ ᠢ ᠬᠦᠨᠳᠦᠳᠬᠡᠬᠦ ᠶᠢ ᠵᠣᠷᠢᠭᠵᠢᠭᠤᠯᠬᠤ ᠬᠡᠷᠡᠭᠲᠡᠶ︾ ᠭᠡᠵᠡᠶ᠃     ᠯᠢ ᠺᠧ ᠴᠢᠶᠠᠩ ᠶᠠᠷᠢᠬᠤ ᠳᠤ ᠪᠠᠨ᠂ ᠳᠤᠮᠳᠠᠳᠤ ᠭᠧᠷᠮᠠᠨ ᠬᠤᠶᠠᠷ ᠲᠠᠯ᠎ᠠ ᠶᠢᠨ ᠬᠢᠨ ᠳᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠲᠡᠷᠢᠭᠦᠨ ᠤ ᠦᠢᠯᠡᠳᠬᠡᠯ ᠤᠨ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠤᠯᠠᠨ ᠬᠦᠷᠢᠶᠡᠨ ᠳᠤ ᠴᠥᠮ ᠥᠷᠭᠡᠨ ᠳᠡᠯᠭᠡᠷ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ︽ᠣᠳᠣᠬᠠᠨ ᠳᠤ ᠬᠤᠶᠠᠷ ᠲᠠᠯ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠠᠨᠠᠯ ᠢᠶᠠᠨ ᠰᠣᠯᠢᠯᠴᠠᠵᠤ᠂ ᠬᠢᠵᠢᠭ ᠤᠨ ᠪᠠᠶᠢᠳᠠᠯ ᠳᠠᠭᠤᠰᠬᠤ ᠠᠴᠠ ᠡᠮᠦᠨ᠎ᠡ ᠰᠠᠶᠢᠲᠤᠷ ᠪᠡᠯᠡᠳᠬᠡᠯ ᠬᠢᠵᠦ᠂ ᠬᠢᠵᠢᠭ ᠤᠨ ᠪᠠᠶᠢᠳᠠᠯ ᠳᠠᠭᠤᠰᠤᠭᠰᠠᠭᠠᠷ ᠳᠤᠮᠳᠠᠳᠤ ᠭᠧᠷᠮᠠᠨ ᠤ ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠨᠢ ᠳᠠᠷᠤᠢ ᠳᠡᠯᠡᠬᠡᠶ ᠶᠢᠨ ᠡᠯ᠎ᠡ ᠤᠯᠤᠰ ᠤᠨ ᠬᠠᠮᠲᠤᠷᠠᠯᠴᠠᠭᠠᠨ ᠤ ᠡᠮᠦᠨ᠎ᠡ ᠡᠩᠨᠡᠭᠡᠨ ᠳᠤ ᠭᠠᠪᠰᠢᠭᠠᠶᠢᠯᠠᠬᠤ ᠶᠢ ᠬᠦᠰᠡᠵᠦ ᠪᠠᠶᠢᠨ᠎ᠠ︾ ᠭᠡᠵᠡᠢ᠃    ᠮᠤᠺᠧᠷ᠄ ︽ᠲᠤᠰ ᠡᠭᠡᠯᠵᠢ ᠶᠢᠨ ᠭᠧᠷᠮᠠᠨ ᠳᠤᠮᠳᠠᠳᠤ ᠶᠢᠨ ᠵᠠᠰᠠᠭ ᠤᠨ ᠣᠷᠳᠣᠨ ᠤ ᠵᠥᠪᠳᠡᠯᠴᠡᠭᠡᠨ ᠤ ᠪᠣᠳᠠᠲᠠᠢ ᠶᠢ ᠡᠷᠬᠢᠮᠯᠡᠬᠦ ᠦᠷ᠎ᠡ ᠪᠦᠲᠦᠭᠡᠯ ᠨᠢ ᠬᠤᠶᠠᠷ ᠤᠯᠤᠰ ᠤᠨ ᠬᠠᠮᠲᠤᠷᠠᠯᠴᠠᠭᠠᠨ ᠤ ᠬᠦᠷᠢᠶᠡᠨ ᠳᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠶᠢᠬᠤ ᠪᠠᠷ ᠪᠠᠷᠠᠬᠤ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠵᠡᠷᠭᠡ ᠤᠯᠠᠨ ᠲᠠᠯ᠎ᠠ᠂ ᠪᠦᠬᠦ ᠲᠠᠯ᠎ᠠ ᠶᠢᠨ ᠬᠠᠮᠲᠤᠷᠠᠯᠴᠠᠭ᠎ᠠ ᠪᠠᠶᠢᠬᠤ ᠶᠢ ᠭᠡᠷᠡᠴᠢᠯᠡᠪᠡ︾ ᠭᠡᠵᠦ ᠬᠠᠷᠢᠭᠤ ᠬᠡᠯᠡᠭᠰᠡᠨ ᠪᠠᠶᠢᠨ᠎ᠠ᠃     ᠪᠢᠳᠡ ᠶᠠᠷᠢᠯᠴᠠᠭᠠᠨ ᠤ ᠳᠤᠮᠳᠠ ᠵᠥᠷᠢᠯᠳᠦᠭᠡᠨ ᠠᠴᠠ ᠵᠠᠶᠢᠯᠠᠭᠰᠠᠨ ᠦᠭᠡᠢ᠂ ᠬᠠᠷᠢᠨ ᠰᠠᠨᠠᠯ ᠢᠶᠠᠨ ᠭᠦᠢᠴᠡᠳ ᠰᠣᠯᠢᠯᠴᠠᠵᠤ᠂ ᠨᠡᠩ ᠣᠯᠠᠨ ᠬᠠᠮᠲᠤ ᠶᠢᠨ ᠲᠠᠨᠢᠯᠲᠠ ᠲᠠᠢ ᠪᠣᠯᠵᠠᠶ    4 ᠴᠠᠭ ᠰᠢᠬᠠᠮ ᠶᠠᠪᠤᠭᠳᠠᠭᠰᠠᠨ ᠳᠤᠮᠳᠠᠳᠤ ᠭᠧᠷᠮᠠᠨ ᠤ ᠵᠢᠷᠭᠤᠳᠤᠭᠠᠷ ᠡᠭᠡᠯᠵᠢ ᠶᠢᠨ ᠵᠠᠰᠠᠭ ᠤᠨ ᠣᠷᠳᠣᠨ ᠤ ᠵᠥᠪᠳᠡᠯᠴᠡᠭᠡ ᠳᠠᠭᠤᠰᠬᠤ ᠠᠴᠠ ᠡᠮᠦᠨ᠎ᠡ᠂ ᠬᠤᠶᠠᠷ ᠤᠯᠤᠰ ᠤᠨ ᠶᠡᠷᠦᠩᠬᠡᠢ ᠰᠠᠶᠢᠳ ᠲᠤᠰ ᠡᠭᠡᠯᠵᠢ ᠶᠢᠨ ᠵᠥᠪᠳᠡᠯᠴᠡᠭᠡ ︽ᠠᠮᠵᠢᠯᠲᠠ ᠲᠠᠢ ᠳᠠᠭᠤᠰᠴᠤ︾᠂ ︽ᠮᠠᠰᠢ ᠣᠯᠠᠨ ᠦᠷ᠎ᠡ ᠪᠦᠲᠦᠭᠡᠯ ᠤᠯᠪᠠ︾ ᠭᠡᠵᠦ ᠦᠨᠡᠯᠡᠪᠡ᠃   ᠯᠢ ᠺᠧ ᠴᠢᠶᠠᠩ ᠶᠠᠷᠢᠬᠤ ᠳᠤ ᠪᠠᠨ᠄ ︽ᠪᠢᠳᠡ ᠶᠠᠷᠢᠯᠴᠠᠭᠠᠨ ᠤ ᠳᠤᠮᠳᠠ ᠵᠥᠷᠢᠯᠳᠦᠭᠡᠨ ᠠᠴᠠ ᠵᠠᠶᠢᠯᠠᠭᠰᠠᠨ ᠦᠭᠡᠶ᠂ ᠬᠠᠷᠢᠨ ᠰᠠᠨᠠᠯ ᠢᠶᠠᠨ ᠭᠦᠢᠴᠡᠳ ᠰᠣᠯᠢᠯᠴᠠᠵᠤ᠂ ᠨᠡᠩ ᠣᠯᠠᠨ ᠬᠠᠮᠲᠤ ᠶᠢᠨ ᠲᠠᠨᠢᠯᠲᠠ ᠲᠠᠢ ᠪᠣᠯᠵᠤ᠂ ᠳᠡᠯᠡᠬᠡᠶ ᠨᠡᠶᠢᠲᠡ ᠳᠤ ᠢᠳᠡᠪᠬᠢᠲᠡᠶ ᠳᠣᠬᠢᠶ᠎ᠠ ᠥᠭᠭᠦᠭᠰᠡᠨ ᠪᠠᠶᠢᠨ᠎ᠠ︾ ᠭᠡᠵᠡᠶ᠃   ᠲᠡᠷᠡ ᠢᠯᠡᠷᠬᠡᠶᠢᠯᠡᠬᠦ ᠳᠤ ᠪᠠᠨ᠂ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠨᠢᠭᠡᠨᠲᠡ 10 ᠵᠢᠯ ᠤᠨ ᠲᠡᠦᠬᠡ ᠲᠠᠢ ᠪᠣᠯᠵᠠᠢ᠃ ᠲᠤᠰ ᠡᠭᠡᠯᠵᠢ ᠶᠢᠨ ᠵᠥᠪᠳᠡᠯᠴᠡᠭᠡ ᠪᠣᠯ ᠨᠢᠭᠡᠨ ᠤᠳᠠᠭᠠᠨ ᠤ ᠠᠮᠵᠢᠯᠲᠠ ᠲᠠᠢ ᠲᠡᠭᠦᠰᠬᠡᠯ ᠪᠣᠯᠬᠤ ᠮᠥᠷᠲᠡᠭᠡᠨ ᠨᠢᠭᠡᠨ ᠤᠳᠠᠭᠠᠨ ᠤ ᠰᠢᠨ᠎ᠡ ᠡᠬᠢᠯᠡᠯᠲᠡ ᠪᠣᠯᠬᠤ ᠶᠢ ᠬᠦᠰᠡᠵᠦ ᠪᠠᠶᠢᠨ᠎ᠠ ᠭᠡᠵᠡᠢ᠃   ᠮᠤᠺᠧᠷ ᠶᠠᠷᠢᠬᠤ ᠳᠤ ᠪᠠᠨ᠄ ︽ᠡᠨᠡ ᠪᠣᠯ ᠮᠢᠨᠦ ᠬᠠᠮᠤᠭ ᠰᠡᠭᠦᠯᠴᠢ ᠶᠢᠨ ᠤᠳᠠᠭ᠎ᠠ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠳᠤ ᠣᠷᠣᠯᠴᠠᠵᠤ ᠪᠠᠶᠢᠭ᠎ᠠ ᠶᠠᠪᠤᠳᠠᠯ ᠪᠣᠯᠤᠨ᠎ᠠ᠂ ᠲᠤᠰ ᠡᠭᠡᠯᠵᠢ ᠶᠢᠨ ᠵᠥᠪᠳᠡᠯᠴᠡᠭᠡ ᠨᠢ ᠳᠤᠮᠳᠠᠳᠤ ᠭᠧᠷᠮᠠᠨ ᠤ ᠬᠠᠮᠲᠤᠷᠠᠯᠴᠠᠭ᠎ᠠ ᠶᠢᠨ ᠥᠷᠭᠡᠴᠡ ᠪᠠ ᠭᠦᠨᠴᠡ ᠶᠢ ᠳᠠᠬᠢᠨᠲᠠ ᠭᠡᠷᠡᠴᠢᠯᠡᠪᠡ᠂ ᠬᠤᠶᠢᠰᠢᠳᠠ ᠵᠥᠪᠳᠡᠯᠴᠡᠭᠡᠨ ᠤ ᠨᠡᠩ ᠤᠯᠠᠨ ᠦᠷ᠎ᠡ ᠪᠦᠲᠦᠭᠡᠯ ᠢ ᠠᠮᠵᠢᠯᠲᠠ ᠲᠠᠢ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ︾ ᠭᠡᠪᠡ᠃    ᠵᠥᠪᠳᠡᠯᠴᠡᠭᠡ ᠳᠠᠭᠤᠰᠤᠭᠰᠠᠨ ᠤ ᠲᠠᠷᠠᠭ᠎ᠠ᠂ ᠬᠤᠶᠠᠷ ᠤᠯᠤᠰ ᠤᠨ ᠶᠡᠷᠦᠩᠬᠡᠢ ᠰᠠᠶᠢᠳ ︽ᠡᠭᠦᠯᠡᠨ ᠭᠡᠷ᠎ᠡ ᠲᠣᠭᠲᠠᠬᠤ︾ ᠶᠣᠰᠣᠯᠠᠯ ᠳᠤ ᠣᠷᠣᠯᠴᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ 7 ᠬᠤᠪᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠢ ᠭᠡᠷᠡᠴᠢᠯᠡᠪᠡ᠂ ᠡᠭᠦᠨ ᠳᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠢᠳᠡᠭᠡᠨ ᠤ ᠠᠮᠤᠷ ᠲᠦᠪᠰᠢᠨ᠂ ᠤᠯᠠᠨ ᠤᠯᠤᠰ ᠤᠨ ᠬᠥᠭᠵᠢᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠦᠷᠭᠦᠯᠵᠢᠯᠡᠬᠦ᠋ᠢᠴᠡ ᠬᠥᠭᠵᠢᠯᠲᠡ ᠵᠡᠷᠭᠡ ᠤᠯᠠᠨ ᠬᠦᠷᠢᠶ᠎ᠡ ᠪᠠᠭᠲᠠᠨ᠎ᠠ᠃     ᠲᠤᠮᠤ ᠳᠡᠯᠭᠡᠴᠡᠨ ᠳᠤ᠄ ᠬᠤᠶᠠᠷ ᠤᠯᠤᠰ ᠤᠨ ᠶᠡᠷᠦᠩᠬᠡᠢ ᠰᠠᠶᠢᠳ ᠤᠨ ᠭᠡᠷᠡᠴᠢᠯᠡᠭᠡ ᠪᠠᠷ᠂ ᠬᠤᠶᠠᠷ ᠲᠠᠯ᠎ᠠ ᠶᠢᠨ ᠶᠠᠮᠤᠨ ᠤ ᠰᠠᠶᠢᠳ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠳᠡᠭᠡᠭᠰᠢ ᠡᠷᠭᠦᠵᠦ ᠨᠦᠬᠦᠬᠡ ᠡᠲᠡᠭᠡᠳ ᠲᠤ ᠪᠠᠨ ᠳᠡᠯᠭᠡᠨ ᠦᠵᠡᠭᠦᠯᠵᠦ᠂ ᠲᠦᠮᠡᠨ ᠭᠠᠵᠠᠷ ᠠᠯᠤᠰᠯᠠᠵᠤ ᠪᠠᠶᠢᠭ᠎ᠠ ᠬᠤᠷᠠᠯ ᠤᠨ ᠲᠠᠯᠠᠪᠠᠢ ᠳᠤ ᠪᠠᠶᠢᠨ ᠪᠠᠶᠢᠨ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠭᠰᠡᠨ ᠡᠨᠡ ᠬᠦ ᠲᠡᠦᠬᠡᠨ ᠠᠭᠱᠠᠨ ᠢ ᠳᠠᠬᠢᠨᠲᠠ ᠦᠯᠡᠳᠡᠭᠡᠨ ᠭᠡᠷᠡᠴᠢᠯᠡᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ