ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠭᠧᠷᠮᠠᠨ ᠤ | ᠶᠡᠷᠦᠩᠬᠡᠢ ᠰᠠᠶᠢᠳ ᠮᠤᠺᠧᠷ ᠲᠠᠢ ᠬᠠᠮᠲᠤ ᠪᠠᠷ ᠵᠢᠷᠭᠤᠳᠤᠭᠠᠷ ᠡᠭᠡᠯᠵᠢ ᠶᠢᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠶᠢ ᠡᠷᠬᠢᠯᠡᠬᠦ | ᠬᠤᠭᠤᠴᠠᠭᠠᠨ ᠳᠤ᠂ ᠸᠢᠳᠢᠣ᠋ ᠶᠢᠨ ᠬᠡᠯᠪᠡᠷᠢ ᠪᠠᠷ ᠠᠷᠪᠠᠳᠤᠭᠠᠷ ᠬᠤᠭᠤᠴᠠᠭᠠᠨ ᠤ ᠳᠤᠮᠳᠠᠳᠤ ᠭᠧᠷᠮᠠᠨ ᠤ ᠠᠵᠤ ᠠᠬᠤᠢ ᠮᠡᠷᠭᠡᠵᠢᠯ ᠤᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠳᠤ ᠣᠷᠣᠯᠴᠠᠭᠰᠠᠨ ᠬᠤᠶᠠᠷ ᠤᠯᠤᠰ ᠤᠨ ᠠᠵᠤ ᠠᠬᠤᠢ ᠶᠢᠨ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠪᠠ᠃ ᠬᠤᠶᠠᠷ ᠤᠯᠤᠰ ᠤᠨ ᠶᠡᠷᠦᠩᠬᠡᠢ | ᠰᠠᠶᠢᠳ ᠳᠤᠮᠳᠠᠳᠤ ᠤᠯᠤᠰ ᠤᠨ ᠪᠠᠢ ᠳ᠋ᠦ᠋᠂ ᠨᠠᠨ ᠹᠠᠩ ᠴᠠᠬᠢᠯᠭᠠᠨ ᠲᠣᠣᠷ᠂ ᠰᠠᠨ ᠰᠢᠶᠠ ᠪᠦᠯᠦᠭᠯᠡᠯ ᠪᠣᠯᠤᠨ ᠭᠧᠷᠮᠠᠨ ᠤ ᠲᠠᠯ᠎ᠠ ᠶᠢᠨ ᠰᠢ ᠮᠧᠨ ᠽᠢ᠂ ᠺᠧ ᠯᠧ | ᠱᠸᠦ᠂ ᠪᠦᠦ ᠮᠠ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠶᠠᠷᠢᠶ᠎ᠠ ᠶᠢ ᠰᠣᠨᠣᠰᠤᠭᠰᠠᠨ ᠪᠥᠭᠡᠳ ᠲᠡᠳᠡᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | | | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠭᠧᠷᠮᠠᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠵᠦ ᠪᠠᠶᠢᠨ᠎ᠠ | ᠃ ᠨᠢᠳᠤᠨᠤᠨ ᠬᠢᠵᠢᠭ ᠤᠨ ᠪᠠᠶᠢᠳᠠᠯ ᠤᠨ ᠲᠠᠭᠠᠷᠢᠯᠳᠠ ᠳᠤ ᠤᠴᠠᠷᠠᠭᠰᠠᠨ ᠪᠣᠯᠪᠠᠴᠤ᠂ ᠬᠤᠶᠠᠷ ᠤᠯᠤᠰ ᠤᠨ ᠠᠷᠠᠯᠵᠢᠶᠠᠨ ᠤ ᠬᠡᠮᠵᠢᠶ᠎ᠡ ᠮᠥᠨ ᠬᠦ ᠤᠷᠤᠰᠬᠠᠯ ᠰᠥᠷᠥᠨ | ᠨᠡᠮᠡᠭᠳᠡᠵᠦ᠂ ᠡᠨᠡ ᠵᠢᠯ ᠤᠨ ᠨᠢᠭᠡᠳᠦᠭᠡᠷ ᠤᠯᠠᠷᠢᠯ ᠳᠤ ᠨᠡᠩ ᠴᠤ ᠠᠳᠠᠯᠢ ᠬᠤᠭᠤᠴᠠᠭᠠᠨ ᠤ ᠬᠢ ᠠᠴᠠ 41. 5% ᠪᠠᠷ ᠨᠡᠮᠡᠭᠳᠡᠵᠦ᠂ ᠳᠤᠮᠳᠠᠳᠤ ᠭᠧᠷᠮᠠᠨ ᠤ | ᠬᠠᠮᠲᠤᠷᠠᠯᠴᠠᠭ᠎ᠠ ᠶᠢᠨ ᠥᠨᠳᠥᠷ ᠲᠦᠪᠰᠢᠨ ᠪᠠ ᠯᠤᠲᠤ ᠶᠡᠭᠡ ᠲᠠᠯᠳᠠ ᠬᠦᠴᠦᠨ ᠢ ᠭᠦᠢᠴᠡᠳ ᠢᠯᠡᠷᠡᠭᠦᠯᠵᠡᠢ᠃ ᠣᠳᠣᠬᠠᠨ ᠳᠤ ᠳᠤᠮᠳᠠᠳᠤ ᠤᠯᠤᠰ ᠲᠤ ᠪᠠᠶᠢᠭ᠎ᠠ | ᠭᠧᠷᠮᠠᠨ ᠤ 7000 ᠭᠠᠷᠤᠢ ᠠᠵᠤ ᠠᠬᠤᠶᠢᠯᠠᠯ ᠪᠣᠯᠤᠨ ᠭᠧᠷᠮᠠᠨ ᠳᠤ ᠪᠠᠶᠢᠭ᠎ᠠ ᠳᠤᠮᠳᠠᠳᠤ ᠤᠯᠤᠰ ᠤᠨ 2000 ᠭᠠᠷᠤᠢ ᠠᠵᠤ ᠠᠬᠤᠶᠢᠯᠠᠯ ᠨᠢ ᠨᠢᠭᠡᠨᠲᠡ ᠬᠤᠶᠠᠷ | ᠤᠯᠤᠰ ᠤᠨ ᠬᠠᠮᠲᠤᠷᠠᠯᠴᠠᠭᠠᠨ ᠤ ︽ᠭᠤᠣᠯ ᠬᠦᠴᠦᠨ︾ ᠪᠣᠯᠤᠭᠰᠠᠨ ᠪᠠᠶᠢᠨ᠎ᠠ ᠭᠡᠵᠡᠢ᠃ | | | | | ᠯᠢ ᠺᠧ ᠴᠢᠶᠠᠩ ᠵᠢᠭᠠᠬᠤ ᠳᠤ ᠪᠠᠨ᠂ ᠣᠳᠣᠬᠠᠨ ᠤ ᠪᠠᠶᠢᠳᠠᠯ ᠳᠣᠣᠷ᠎ᠠ᠂ ᠬᠤᠶᠠᠷ ᠲᠠᠯ᠎ᠠ ᠪᠠᠷ ᠢᠶᠠᠨ ᠬᠢᠵᠢᠭ ᠤᠨ ᠪᠠᠶᠢᠳᠠᠯ ᠢ ᠡᠰᠡᠷᠭᠦᠴᠡᠬᠦ ᠬᠠᠮᠲᠤᠷᠠᠯᠴᠠᠭ᠎ᠠ ᠪᠠᠨ | ᠴᠢᠩᠭᠠᠳᠬᠠᠵᠤ᠂ ᠬᠢᠵᠢᠭ ᠢ ᠴᠢᠩᠭ᠎ᠠ ᠰᠡᠷᠭᠡᠶᠢᠯᠡᠭᠰᠡᠨ ᠤᠷᠢᠲᠠᠯ ᠳᠣᠣᠷ᠎ᠠ ᠬᠥᠮᠦᠰ ᠤᠨ ᠬᠠᠷᠢᠯᠴᠠᠭ᠎ᠠ ᠶᠠᠪᠤᠯᠴᠠᠭ᠎ᠠ ᠳᠤ ᠤᠯᠠᠮ ᠴᠢᠨᠠᠭᠰᠢᠳᠠ ᠲᠦᠬᠦᠮ ᠦᠵᠡᠭᠦᠯᠬᠦ ᠶᠢ | ᠬᠦᠰᠡᠵᠦ ᠪᠠᠶᠢᠨ᠎ᠠ᠃ ᠸᠠᠺᠼᠢᠨ ᠪᠠ ᠣᠯᠠᠨ ᠤᠯᠤᠰ ᠤᠨ ᠡᠷᠡᠭᠦᠯ ᠮᠡᠨᠳᠦ ᠶᠢᠨ ᠺᠣᠳ᠋ ᠢ ᠬᠠᠷᠢᠯᠴᠠᠨ ᠮᠡᠳᠡᠷᠡᠬᠦ ᠶᠢ ᠢᠳᠡᠪᠬᠢᠲᠡᠶ ᠰᠦᠪᠡᠭᠴᠢᠯᠡᠵᠦ᠂ ᠠᠵᠤ | ᠠᠬᠤᠶᠢᠯᠠᠯ ᠤᠨ ᠬᠡᠪ ᠤᠨ ᠡᠵᠡᠩᠨᠡᠯᠲᠡ ᠶᠢ ᠦᠨᠡᠨ ᠬᠦ ᠪᠠᠲᠤᠯᠠᠬᠤ᠂ ᠪᠥᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ | ᠲᠣᠭᠲᠠᠭᠤᠨ ᠪᠠᠶᠢᠳᠠᠯ ᠢ ᠬᠠᠮᠠᠭᠠᠯᠠᠬᠤ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠶᠢ ᠳᠡᠮᠵᠢᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠶᠢ ᠬᠦᠰᠡᠵᠦ | ᠪᠠᠶᠢᠨ᠎ᠠ ᠭᠡᠵᠡᠢ᠃ | | | | | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠳᠤᠮᠳᠠᠳᠤ ᠤᠯᠤᠰ ᠦᠷᠭᠦᠯᠵᠢᠯᠡᠨ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠠᠶᠠᠭᠠᠷᠰᠢᠭᠰᠠᠨ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠪᠠᠷ ᠴᠢᠷᠮᠠᠶᠢᠵᠤ᠂ ᠳᠣᠲᠣᠭᠠᠳᠤ ᠭᠠᠳᠠᠭᠠᠳᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠳᠤ ᠠᠳᠠᠯᠢᠬᠠᠨ | ᠬᠠᠨᠳᠤᠵᠤ᠂ ᠭᠧᠷᠮᠠᠨ ᠢ ᠪᠠᠭᠲᠠᠭᠠᠭᠰᠠᠨ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠵᠤ᠂ | ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠠᠰᠢᠭ ᠬᠦᠷᠳᠡᠬᠦ ᠶᠢ ᠨᠡᠩ ᠰᠠᠶᠢᠲᠤᠷ ᠪᠡᠶᠡᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠡᠢ᠃ | | ᠮᠤᠺᠧᠷ ᠢᠯᠡᠷᠬᠡᠶᠢᠯᠡᠬᠦ ᠳᠤ ᠪᠠᠨ᠂ ᠭᠧᠷᠮᠠᠨ ᠳᠤᠮᠳᠠᠳᠤ ᠶᠢᠨ ᠦᠢᠯᠡᠳᠬᠡᠯ ᠤᠨ ᠦᠢᠯᠡᠰ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠲᠦᠢᠯ ᠤᠨ ᠨᠢᠭᠲᠠ ᠪᠣᠯᠵᠤ᠂ | ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠬᠦᠰᠡᠵᠦ ᠪᠠᠶᠢᠨ᠎ᠠ᠃ ᠭᠧᠷᠮᠠᠨ ᠤ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ | ᠬᠠᠷᠢᠯᠴᠠᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠᠨ ᠥᠷᠭᠡᠳᠬᠡᠬᠦ᠂ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠡᠷᠲᠡ | ᠡᠳᠦᠷ ᠬᠦᠴᠦᠨ ᠲᠠᠢ ᠪᠣᠯᠬᠤ ᠶᠢ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠣᠶᠢᠯᠠᠭᠠᠯᠴᠠᠭ᠎ᠠ ᠨᠡᠪᠲᠡᠷᠡᠯᠴᠡᠭᠡ ᠪᠠᠨ ᠪᠠᠲᠤᠯᠠᠵᠤ᠂ ᠸᠠᠺᠼᠢᠨ ᠢ ᠬᠠᠷᠢᠯᠴᠠᠨ | ᠮᠠᠭᠠᠳᠯᠠᠨ ᠲᠣᠭᠲᠠᠭᠠᠬᠤ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠡᠯ᠎ᠡ ᠬᠦᠷᠢᠶ᠎ᠡ ᠣᠨᠴᠠᠭᠠᠶᠢᠯᠠᠨ ᠠᠵᠤ ᠠᠬᠤᠢ ᠶᠢᠨ ᠡᠲᠡᠭᠡᠳ ᠤᠨ | ᠬᠥᠮᠦᠰ ᠤᠨ ᠬᠡᠪ ᠤᠨ ᠶᠠᠪᠤᠯᠴᠠᠭ᠎ᠠ ᠶᠢ ᠪᠠᠲᠤᠯᠠᠨ᠎ᠠ᠃ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠣᠴᠢᠵᠤ ᠪᠡᠯᠡ ᠣᠷᠣᠭᠤᠯᠬᠤ ᠶᠢ ᠪᠠᠶᠠᠷᠯᠠᠨ | ᠤᠭᠲᠤᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠶᠢᠨ ᠲᠠᠰᠤᠷᠠᠯᠲᠠ | ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠸᠠᠩ ᠢ᠂ ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |