ᠥᠪᠡᠷᠲᠡᠭᠡᠨ ᠵᠠᠰᠠᠬᠤ ᠣᠷᠣᠨ ᠤ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢᠳᠡᠪᠬᠢᠲᠡᠶ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2021/5/8
   ᠥᠪᠡᠷᠲᠡᠭᠡᠨ ᠵᠠᠰᠠᠬᠤ ᠣᠷᠣᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠪᠥᠬᠦ ᠬᠦᠴᠦᠨ ᠢᠶᠠᠷ ᠠᠬᠢᠭᠤᠯᠵᠤ᠂ ᠲᠤᠰᠬᠠᠶ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ ᠪᠠᠶᠢᠨ᠎ᠠ᠄    ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠦᠭᠰᠡᠨ ᠤ ᠬᠠᠮᠲᠤ ᠵᠠᠷᠴᠢᠮ ᠳᠡᠭᠡᠷ᠎ᠡ ᠪᠠᠨ ᠪᠠᠲᠤᠯᠠᠭᠠᠳ᠂ ᠶᠠᠭ ᠪᠠᠶᠢᠩᠭᠤ ᠶᠢᠨ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠨ ᠬᠤᠯᠪᠣᠭᠳᠠᠯ ᠪᠦᠬᠦᠢ ᠠᠭᠤᠯᠭ᠎ᠠ ᠶᠢ ᠲᠡᠭᠦᠯᠳᠡᠷᠵᠢᠭᠦᠯᠵᠦ ᠪᠤᠢ᠃ ᠤᠢᠢᠷ᠎ᠠ ᠶᠢᠨ ᠡᠳᠦᠷ ᠲᠤ ᠨᠢᠭᠡᠨᠲᠡ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠡᠷ᠎ᠡ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠲᠥᠯᠥᠪᠵᠢᠭᠦᠯᠭᠡ ᠶᠢ ᠬᠢᠨᠠᠨ ᠵᠥᠪᠯᠡᠭᠦᠯᠬᠦ ᠮᠡᠳᠡᠭᠦᠯᠦᠯᠲᠡ ᠪᠠᠨ ᠳᠡᠪᠰᠢᠭᠦᠯᠵᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠨ ᠵᠥᠪᠯᠡᠬᠦ ᠲᠠᠯ᠎ᠠ ᠪᠠᠷ ᠨᠢᠭᠡᠨᠲᠡ ᠨᠠᠶᠢᠷᠠᠭᠤᠯᠤᠨ ᠵᠣᠬᠢᠶᠠᠬᠤ ᠲᠣᠳᠣᠷᠬᠠᠶᠢᠯᠠᠯᠲᠠ ᠶᠢ ᠲᠤᠭᠤᠷᠪᠢᠨ ᠳᠠᠭᠤᠰᠬᠠᠵᠤ᠂ ᠬᠤᠷᠠᠯ ᠤᠨ ᠪᠡᠯᠡᠳᠬᠡᠯ ᠵᠦᠢᠯᠡᠰ ᠢ ᠵᠣᠯᠭᠠᠭᠤᠯᠵᠤ ᠪᠠᠶᠢᠨ᠎ᠠ᠃ ᠡᠭᠦᠨ ᠤ ᠬᠠᠮᠲᠤ᠂ ᠠᠶᠢᠮᠠᠭ ᠬᠤᠲᠠ ᠬᠤᠰᠢᠭᠤ ᠰᠢᠶᠠᠨ ᠤ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠵᠦ ᠬᠢᠨᠠᠨ ᠪᠠᠶᠢᠴᠠᠭᠠᠬᠤ ᠠᠷᠭ᠎ᠠ ᠶᠢ ᠰᠤᠳᠤᠯᠤᠨ ᠲᠣᠭᠲᠠᠭᠠᠵᠤ᠂ ᠶᠠᠭ ᠰᠠᠶ᠋ᠢᠬᠠᠨ ᠠᠶᠢᠮᠠᠭ ᠬᠤᠲᠠ ᠬᠤᠰᠢᠭᠤ ᠰᠢᠶᠠᠨ ᠤ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠲᠤᠰᠬᠠᠶ ᠰᠡᠳᠦᠪᠲᠦ ᠪᠣᠯᠪᠠᠰᠤᠷᠠᠯ ᠬᠢᠬᠦ ᠪᠠᠷ ᠪᠡᠯᠡᠳᠬᠡᠵᠦ ᠪᠠᠶᠢᠨ᠎ᠠ᠃    ᠬᠤᠶᠠᠷ ᠲᠤ᠂ ᠬᠠᠲᠤᠨ ᠭᠤᠤᠯ ᠤᠨ ᠰᠠᠪᠠ ᠭᠠᠵᠠᠷ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠦᠷᠢᠶᠡᠯᠡᠩ ᠪᠠ ᠨᠠᠨᠵᠢᠩ ᠶᠡᠭᠡ ᠰᠤᠷᠭᠠᠭᠤᠯᠢ ᠶᠢ ᠨᠠᠶᠢᠷᠠᠭᠤᠯᠤᠨ ᠵᠣᠬᠢᠶᠠᠬᠤ ᠨᠢᠭᠡᠴᠢ ᠪᠠᠷ ᠲᠣᠭᠲᠠᠭᠠᠵᠤ᠂ ᠡᠨᠡ ᠵᠢᠯ ᠤᠨ 3 ᠳ᠋ᠤᠭᠠᠷ ᠰᠠᠷ᠎ᠠ ᠳᠤ ᠾᠧᠨᠠᠨ ᠮᠤᠵᠢ᠂ ᠭᠠᠨᠰᠦ ᠮᠤᠵᠢ ᠪᠠ ᠣᠷᠣᠨ ᠤ ᠳᠣᠲᠣᠷᠠᠬᠢ ᠬᠠᠲᠤᠨ ᠭᠤᠤᠯ ᠳᠠᠭᠠᠤ 7 ᠠᠶᠢᠮᠠᠭ ᠬᠤᠲᠠ ᠶᠢᠨ 17 ᠬᠤᠰᠢᠭᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ︽ᠶᠡᠷᠦᠩᠬᠡᠶᠢᠯᠡᠭᠰᠡᠨ ᠲᠤᠰᠬᠠᠶ ᠰᠡᠳᠦᠪᠲᠦ ᠰᠤᠳᠤᠯᠭᠠᠨ︾᠂ ︽ᠲᠥᠯᠥᠪᠵᠢᠭᠦᠯᠭᠡ ᠶᠢᠨ ᠬᠥᠲᠥᠯᠪᠦᠷᠢ︾ ᠶᠢᠨ ᠡᠬᠡ ᠨᠣᠤᠷᠠᠭ ᠢ ᠨᠢᠭᠡᠨᠲᠡ ᠨᠠᠶᠢᠷᠠᠭᠤᠯᠤᠨ ᠵᠣᠬᠢᠶᠠᠵᠤ᠂ ᠣᠲᠣ ᠶᠠᠭ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ ᠪᠠᠶᠢᠨ᠎ᠠ᠃    ᠭᠤᠷᠪᠠ ᠳᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠦᠨᠡᠯᠡᠨ ᠵᠢᠱᠢᠬᠦ ᠪᠠ ᠲᠣᠬᠢᠷᠠᠭᠤᠯᠵᠤ᠂ ᠣᠳᠣᠬᠠᠨ ᠳᠤ ᠶᠠᠭ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠷᠭᠡᠵᠢᠯ ᠤᠨ ᠬᠢᠨᠠᠨ ᠬᠠᠷᠭᠤᠭᠤᠯᠤᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ ᠪᠠᠶᠢᠨ᠎ᠠ᠃ ᠤᠯᠠᠭᠠᠨ ᠱᠤᠭᠤᠮ ᠤᠨ ᠵᠠᠭᠠᠭ ᠢ ᠬᠠᠶᠢᠵᠤ ᠪᠠᠷᠢᠮᠵᠢᠶ᠎ᠠ ᠶᠢ ᠲᠣᠭᠲᠠᠭᠠᠬᠤ ᠳᠤ ᠬᠡᠷᠡᠭᠰᠡᠬᠦ ᠵᠠᠷᠤᠳᠠᠯ ᠢ ᠨᠢᠭᠡᠨᠲᠡ ᠨᠠᠶᠢᠳᠠᠪᠤᠷᠢᠵᠢᠭᠤᠯᠵᠤ᠂ ᠤᠯᠠᠭᠠᠨ ᠱᠤᠭᠤᠮ ᠤᠨ ᠵᠠᠭᠠᠭ ᠢ ᠬᠠᠶᠢᠵᠤ ᠪᠠᠷᠢᠮᠵᠢᠶ᠎ᠠ ᠶᠢ ᠲᠣᠭᠲᠠᠭᠠᠬᠤ ᠪᠡᠯᠡᠳᠬᠡᠯ ᠠᠵᠢᠯ ᠪᠠ ᠠᠵᠢᠯᠯᠠᠬᠤ ᠨᠢᠭᠡᠴᠢ ᠶᠢ ᠲᠣᠭᠲᠠᠭᠠᠬᠤ ᠠᠵᠢᠯ ᠢ ᠥᠷᠨᠢᠭᠦᠯᠵᠦ᠂ ᠤᠯᠤᠰ ᠠᠴᠠ ᠤᠯᠠᠭᠠᠨ ᠱᠤᠭᠤᠮ ᠢ ᠲᠣᠬᠢᠷᠠᠭᠤᠯᠬᠤ ᠲᠥᠰᠦᠯ ᠢ ᠴᠤᠬᠤᠯᠠᠪᠤᠷᠢᠯᠠᠨ ᠬᠠᠷᠢᠭᠤᠯᠤᠭᠰᠠᠨ ᠤ ᠳᠠᠷᠠᠭ᠎ᠠ᠂ ᠤᠯᠠᠭᠠᠨ ᠱᠤᠭᠤᠮ ᠤᠨ ᠵᠠᠭᠠᠭ ᠢ ᠬᠠᠶᠢᠵᠤ ᠪᠠᠷᠢᠮᠵᠢᠶ᠎ᠠ ᠶᠢ ᠲᠣᠭᠲᠠᠭᠠᠬᠤ ᠶᠢ ᠪᠥᠬᠦ ᠲᠠᠯ᠎ᠠ ᠪᠠᠷ ᠡᠬᠢᠯᠡᠭᠦᠯᠦᠨ᠎ᠡ᠃    ᠳᠥᠷᠪᠡ ᠳᠤ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠢᠯᠢ ᠶᠢ ᠬᠤᠪᠢᠶᠠᠷᠢᠯᠠᠨ ᠲᠣᠭᠲᠠᠭᠠᠵᠤ᠂ ᠬᠤᠶᠠᠷ ᠡᠭᠡᠯᠵᠢ ᠶᠢᠨ ᠬᠤᠪᠢᠶᠠᠷᠢᠯᠠᠨ ᠲᠣᠭᠲᠠᠭᠠᠬᠤ ᠲᠥᠰᠦᠯ ᠤᠨ ᠬᠢᠨᠠᠨ ᠪᠠᠶᠢᠴᠠᠭᠠᠯᠲᠠ ᠶᠢ ᠨᠢᠭᠡᠨᠲᠡ ᠪᠡᠶᠡᠯᠡᠭᠦᠯᠵᠦ᠂ 4 ᠳ᠋ᠦ᠋ᠭᠡᠷ ᠰᠠᠷ᠎ᠠ ᠶᠢᠨ 16 ᠤ ᠡᠳᠦᠷ ᠡᠯ᠎ᠡ ᠠᠶᠢᠮᠠᠭ ᠬᠤᠲᠠ ᠳᠤ ᠪᠠᠭᠤᠯᠭᠠᠵᠤ ᠭᠤᠷᠪᠠᠳᠤᠭᠠᠷ ᠡᠭᠡᠯᠵᠢ ᠶᠢᠨ ᠨᠡᠭᠡᠭᠡᠨ ᠬᠥᠭᠵᠢᠭᠦᠯᠬᠦ ᠬᠢᠯᠢ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠠᠵᠢᠯ ᠢ ᠥᠷᠨᠢᠭᠦᠯᠪᠡ᠃ ᠲᠠᠪᠤ ᠳᠤ᠂ ︽ᠠᠶᠢᠯ ᠲᠣᠰᠬᠤᠨ ᠤ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ᠢ ᠲᠦᠷᠦᠭᠦᠯᠡᠨ ᠲᠤᠭᠤᠷᠪᠢᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠤᠯᠪᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ