ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 6 ᠤ ᠴᠠᠬᠢᠯᠭᠠᠨ ᠮᠡᠳᠡᠭᠡ 5 ᠰᠠᠷ᠎ᠠ ᠶᠢᠨ 6 ᠤ ᠡᠳᠦᠷ᠂ ᠤᠯᠤᠰ ᠤᠨ ᠲᠡᠷᠢᠬᠦᠯᠡᠭᠴᠢ ᠰᠢ ᠶᠢᠨ ᠫᠢᠩ | ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠡᠷᠡᠭᠯᠡᠭᠡᠨ ᠤ ᠪᠦᠳᠦᠭᠡᠭᠳᠡᠬᠦᠨ ᠤ ᠦᠵᠡᠰᠬᠦᠯᠡᠩ ᠤᠨ ᠴᠤᠬᠯᠠᠭᠠᠨ ᠳᠤ ᠪᠡᠶᠠᠷ ᠤᠨ | ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠤᠯᠤᠰ ᠤᠨ ᠤᠯᠠᠨ ᠤᠯᠤᠰ ᠤᠨ ᠭᠡᠷᠡᠭᠯᠡᠭᠡᠨ ᠤ ᠪᠦᠳᠦᠭᠡᠭᠳᠡᠬᠦᠨ ᠤ ᠦᠵᠡᠰᠬᠦᠯᠡᠩ ᠤᠨ ᠴᠤᠬᠯᠠᠭᠠᠨ ᠢ ᠡᠷᠬᠢᠯᠡᠵᠦ᠂ ᠲᠠᠯᠠᠬᠡᠢ | ᠳ᠋ᠠᠬᠢᠨ ᠳᠤ ᠭᠡᠷᠡᠭᠯᠡᠭᠡᠨ ᠤ ᠰᠤᠳᠤᠨ ᠪᠦᠳᠦᠭᠡᠭᠳᠡᠬᠦᠨ ᠤ ᠦᠵᠡᠬᠦᠯᠭᠡ ᠶᠢᠨ ᠲᠠᠪᠴᠠᠩ ᠬᠠᠩᠭᠠᠵᠦ ᠪᠠᠶᠢᠭ᠎ᠠ ᠨᠢ ᠳᠡᠯᠡᠭᠡᠢ ᠶᠢᠨ ᠡᠯ᠎ᠠ ᠤᠯᠤᠰ ᠤᠨ ᠬᠢᠨ ᠤ ᠳᠤᠮᠳᠠᠳᠤ | ᠤᠯᠤᠰ ᠤᠨ ᠵᠠᠬ᠎ᠠ ᠳᠡᠯᠭᠡᠬᠦᠷ ᠤᠨ ᠠᠵᠠ ᠲᠤᠬᠢᠶᠠᠯ ᠢ ᠬᠠᠮᠳᠤ ᠪᠠᠷ ᠬᠤᠪᠢᠶᠠᠯᠴᠠᠬᠤ ᠳᠤ ᠠᠰᠢᠬᠳᠠᠢ᠂ ᠳᠡᠯᠡᠭᠡᠢ ᠶᠢᠨ ᠠᠵᠤ ᠠᠬᠤᠢ ᠶᠢᠨ ᠰᠡᠷᠬᠦᠯᠳᠠ ᠪᠠ ᠨᠡᠮᠡᠭᠳᠡᠯ ᠳᠤ | ᠠᠰᠢᠬᠳᠠᠢ ᠪᠦᠭᠡᠳ ᠪᠠᠰᠠ ᠳᠤᠮᠳᠠᠳᠤ ᠤᠯᠤᠰ ᠤᠨ ᠳᠡᠯᠡᠭᠡᠢ ᠳ᠋ᠠᠬᠢᠨ ᠳᠤ ᠨᠡᠩ ᠤᠯᠠᠨ ᠰᠢᠯᠢᠳᠡᠭ ᠭᠡᠷᠡᠭᠯᠡᠭᠡᠨ ᠤ ᠪᠦᠳᠦᠭᠡᠭᠳᠡᠬᠦᠨ ᠬᠠᠩᠭᠠᠬᠤ ᠳᠤ ᠴᠦ ᠠᠰᠢᠬᠳᠠᠢ | ᠶᠤᠮ᠃ ᠡᠯ᠎ᠠ ᠤᠯᠤᠰ ᠤᠨ ᠡᠷᠬᠢᠮ ᠵᠤᠴᠢᠳ ᠪᠤᠯᠤᠨ ᠡᠯ᠎ᠠ ᠡᠳᠡᠭᠡᠳ ᠤᠨ ᠬᠦᠮᠦᠰ ᠬᠦᠨᠵᠡᠭᠡᠢ ᠰᠤᠯᠢᠯᠴᠠᠭ᠎ᠠ ᠬᠢᠵᠤ᠂ ᠬᠠᠮᠳᠤᠷᠠᠯᠴᠠᠭ᠎ᠠ ᠶᠢ ᠬᠠᠮᠳᠤ ᠪᠠᠷ ᠵᠦᠪᠳᠡᠯᠴᠡᠨ | ᠂ ᠡᠯ᠎ᠠ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ ᠦᠭᠬᠦ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠳᠠᠶ᠎ᠠ ᠬᠠᠶᠢᠨᠠᠨ ᠤ ᠴᠢᠯᠦᠭᠡᠳᠦ ᠠᠷᠠᠯᠵᠢᠶᠠᠨ ᠤ ᠭᠠᠷᠠᠮ ᠤᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ | ᠪᠤᠯᠤᠨ ᠬᠠᠮᠤᠭ ᠤᠨ ᠦᠨᠳᠦᠷ ᠲᠦᠪᠰᠢᠨ ᠲᠠᠢ ᠨᠡᠭᠡᠭᠡᠯᠳᠠ ᠬᠢᠬᠦ ᠳᠤᠷᠰᠢᠯᠳᠠ ᠶᠢᠨ ᠲᠦᠷᠦ ᠶᠢᠨ ᠪᠤᠳᠤᠯᠭ᠎ᠠ ᠶᠢᠨ ᠲᠠᠪᠠᠭᠤᠯᠢᠭ ᠢ ᠪᠠᠳᠠᠷᠠᠭᠤᠯᠵᠦ᠂ ᠬᠤᠶᠠᠷ ᠲᠠᠯ᠎ᠠ ᠶᠢᠨ | ᠂ ᠤᠯᠠᠨ ᠲᠠᠯ᠎ᠠ ᠶᠢᠨ ᠪᠠ ᠤᠷᠤᠨ ᠪᠦᠰᠡ ᠶᠢᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠦᠨ᠂ ᠡᠯ᠎ᠠ ᠲᠠᠯ᠎ᠠ ᠶᠢᠨ ᠬᠢᠨ ᠲᠠᠢ ᠬᠠᠮᠳᠤ ᠪᠠᠷ ᠬᠦᠮᠦᠨ ᠲᠦᠷᠦᠯᠬᠢᠳᠡᠨ ᠤ ᠨᠡᠩ | ᠰᠠᠶᠢᠨ ᠰᠠᠶᠢᠬᠠᠨ ᠢᠷᠡᠭᠡᠳᠦᠢ ᠶᠢ ᠭᠠᠷ ᠬᠤᠯᠪᠤᠨ ᠴᠤᠬᠴᠠᠯᠠᠨ᠎ᠠ ᠭᠡᠵᠦ ᠴᠢᠬᠤᠯᠠᠴᠢᠯᠠᠪᠠ᠃ | ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠡᠷᠡᠭᠯᠡᠭᠡᠨ ᠤ ᠪᠦᠳᠦᠭᠡᠭᠳᠡᠬᠦᠨ ᠤ ᠦᠵᠡᠰᠬᠦᠯᠡᠩ ᠤᠨ ᠴᠤᠬᠯᠠᠭᠠᠨ ᠲᠤᠰ ᠡᠳᠦᠷ | ᠬᠠᠶᠢᠨᠠᠨ ᠮᠤᠵᠢ ᠶᠢᠨ ᠬᠠᠶᠢᠺᠸᠦ ᠬᠤᠳᠠ ᠳᠤ ᠡᠬᠢᠯᠡᠪᠡ᠂ ᠬᠤᠳᠠᠯᠳᠤᠭᠠᠨ ᠤ ᠶᠠᠪᠤᠳᠠᠯ ᠤᠨ ᠶᠠᠮᠤᠨ ᠪᠤᠯᠤᠨ ᠬᠠᠶᠢᠨᠠᠨ ᠮᠤᠵᠢ ᠶᠢᠨ ᠠᠷᠠᠳ ᠤᠨ ᠵᠠᠰᠠᠭ ᠤᠨ | ᠤᠷᠳᠤᠨ ᠠᠴᠠ ᠬᠠᠮᠳᠤ ᠪᠠᠷ ᠡᠷᠬᠢᠯᠡᠵᠦ᠂ ᠦᠵᠡᠬᠦᠯᠭᠡ ᠶᠢᠨ ᠶᠡᠷᠦᠩᠭᠡᠢ ᠲᠠᠯᠠᠪᠠᠢ ᠨᠢ 8 ᠲᠦᠮᠡᠨ ᠲᠡᠭᠰᠢ ᠲᠦᠷᠪᠡᠯᠵᠢᠨ ᠮᠧᠳ᠋ᠷ ᠲᠤ ᠬᠦᠷᠴᠦ᠂ 70 ᠰᠢᠬᠠᠮ ᠤᠯᠤᠰ | ᠪᠠ ᠭᠠᠵᠠᠷ ᠤᠷᠤᠨ ᠠᠴᠠ ᠢᠷᠡᠭᠰᠡᠨ ᠤᠯᠤᠰ ᠤᠨ ᠳᠤᠳᠤᠭᠠᠳᠦ ᠭᠠᠳᠠᠭᠠᠳᠦ ᠶᠢᠨ 1500 ᠰᠢᠬᠠᠮ ᠠᠵᠤ ᠠᠬᠤᠢᠢᠯᠠᠯ ᠤᠨ ᠬᠢᠨ ᠦᠵᠡᠬᠦᠯᠭᠡ ᠳᠤ ᠤᠷᠤᠯᠴᠠᠵᠠᠢ᠃ | |