ᠼᠠᠢ ᠰᠢᠨ ᠭᠠᠷᠠᠭ ᠤᠨ ᠰᠡᠳᠬᠦᠯ᠄ ᠬᠢᠵᠢᠭ ᠤᠨ ᠪᠠᠶᠢᠳᠠᠯ ᠲᠠᠢ ᠵᠢᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠢ ᠳᠠᠬᠢᠨ ᠠᠵᠢᠬᠤ ᠨᠢ
ᠨᠡᠶᠢᠲᠡᠯᠡᠭᠰᠡᠨ ᠴᠠᠭ᠄
2021/5/8
   ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠤᠨ ᠵᠣᠷᠢᠯᠭ᠎ᠠ ᠨᠢ ᠠᠷᠠᠳ ᠢᠷᠭᠡᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠤᠯᠬᠤ ᠶᠢ ᠪᠠᠲᠤᠯᠠᠵᠤ᠂ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠬᠦ ᠶᠠᠪᠤᠳᠠᠯ ᠪᠣᠯᠣᠨ᠎ᠠ᠃ ᠣᠨ ᠤ ᠮᠡᠳᠡᠭᠦᠯᠦᠯᠲᠡ ᠪᠣᠯ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠤᠩᠭᠠᠬᠤ ᠴᠢᠬᠤᠯᠠ ᠴᠣᠩᠬᠤᠪᠴᠢ ᠮᠥᠨ ᠃ ᠲᠦᠷᠦᠭᠦᠬᠡᠨ᠂ ᠪᠥᠬᠦ ᠤᠯᠤᠰ ᠤᠨ 31 ᠮᠤᠵᠢ ᠣᠷᠣᠨ᠂ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠣᠩᠬᠢᠯᠠᠬᠤ ᠣᠯᠠᠨ ᠲᠣᠭᠠᠨ ᠤ ᠪᠦᠷᠢᠯᠳᠦᠬᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠣᠨᠴᠠᠭᠠᠶ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ᠂ ᠬᠡᠷᠡᠭ ᠡᠷᠭᠢᠯᠡᠬᠦ ᠪᠠᠶᠢᠭᠤᠯᠤᠮᠵᠢ᠂ ᠶᠠᠮᠤᠨ ᠵᠥᠪᠯᠡᠯ ᠤᠨ ᠬᠠᠮᠢᠶᠠᠷᠴᠤ ᠪᠠᠶᠢᠭ᠎ᠠ ᠤᠯᠤᠰ ᠤᠨ ᠲᠣᠪᠴᠢᠶ᠎ᠠ ᠴᠥᠮ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ 2020 ᠣᠨ ᠤ ᠮᠡᠳᠡᠭᠦᠯᠦᠯᠲᠡ ︵ᠳᠣᠷᠣᠭᠰᠢ ︽ᠣᠨ ᠤ ᠮᠡᠳᠡᠭᠦᠯᠦᠯᠲᠡ︾ ᠭᠡᠵᠦ ᠲᠣᠪᠴᠢᠯᠠᠨ᠎ᠠ︶ ᠶᠢ ᠲᠣᠭᠲᠠᠭᠰᠠᠨ ᠬᠤᠭᠤᠴᠠᠭᠠᠨ ᠳᠤ ᠨᠡᠶᠢᠲᠡᠯᠡᠭᠰᠡᠨ ᠪᠠᠶᠢᠨ᠎ᠠ᠃    ᠣᠨ ᠤ ᠮᠡᠳᠡᠭᠦᠯᠦᠯᠲᠡ ᠶᠢᠨ ᠨᠡᠶᠢᠲᠡᠯᠡᠯ ᠤᠯᠠᠮ ᠢᠶᠠᠷ ᠵᠢᠷᠤᠮᠵᠢᠵᠤ ᠪᠠᠶᠢᠨ᠎ᠠ    ᠼᠠᠢ ᠰᠢᠨ ᠭᠠᠷᠠᠭ ᠤᠨ ᠰᠡᠳᠬᠦᠯ ᠤᠨ ᠠᠵᠢᠭᠯᠠᠯᠲᠠ ᠶᠢ ᠦᠨᠳᠦᠰᠦᠯᠡᠪᠡᠯ᠂ ᠣᠯᠠᠩᠬᠢ ᠶᠠᠮᠤᠨ ᠵᠥᠪᠯᠡᠯ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠤ ᠣᠨ ᠤ ᠮᠡᠳᠡᠭᠦᠯᠦᠯᠲᠡ ᠪᠠᠨ ᠨᠡᠶᠢᠲᠡᠯᠡᠵᠦ᠂ ᠡᠨᠡ ᠬᠦ ᠠᠵᠢᠯ ᠨᠢ ᠡᠳᠦᠷ ᠢᠷᠡᠬᠦᠶ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠦᠨᠳᠦᠳᠬᠡᠯ ᠢ ᠣᠯᠵᠤ ᠪᠠᠶᠢᠬᠤ ᠶᠢ ᠬᠠᠷᠠᠭᠤᠯᠵᠤ ᠪᠠᠶᠢᠨ᠎ᠠ᠃ 2019 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠪᠥᠬᠦ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠨᠢᠭᠡᠳᠦᠯᠲᠡᠶ ᠵᠠᠭᠪᠤᠷ ᠢ ᠨᠡᠶᠢᠲᠡᠯᠡᠵᠦ᠂ ᠣᠨ ᠤ ᠮᠡᠳᠡᠭᠦᠯᠦᠯᠲᠡ ᠶᠢᠨ ᠨᠡᠶᠢᠲᠡᠯᠡᠯᠲᠡ ᠨᠠᠩ ᠪᠠᠷᠢᠮᠵᠢᠶᠠᠵᠢᠵᠤ᠂ ᠲᠤᠭ᠎ᠠ ᠪᠠᠷᠢᠮᠲᠠᠴᠢᠯᠠᠵᠠᠢ᠃    ᠣᠨ ᠤ ᠮᠡᠳᠡᠭᠦᠯᠦᠯᠲᠡ ᠶᠢᠨ ᠨᠡᠶᠢᠲᠡᠯᠡᠯᠲᠡ ᠶᠢᠨ ᠬᠡᠯᠪᠡᠷᠢᠵᠢᠭᠦᠯᠦᠯᠲᠡ ᠪᠠ ᠵᠢᠷᠤᠮᠵᠢᠭᠤᠯᠤᠯᠲᠠ ᠶᠢ ᠰᠤᠷᠪᠤᠯᠵᠢᠯᠠᠭ᠎ᠠ ᠬᠦᠯᠢᠶᠡᠭᠰᠡᠨ ᠡᠷᠳᠡᠮᠲᠡᠳ ᠴᠥᠮ ᠨᠤᠲᠠᠯᠠᠵᠤ ᠪᠠᠶᠢᠨ᠎ᠠ᠃ ᠪᠡᠭᠡᠵᠢᠩ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠣᠹᠧᠰᠰᠣᠷ ᠸᠠᠩ ᠰᠢ ᠰᠢᠨ ᠼᠠᠢ ᠰᠢᠨ ᠭᠠᠷᠠᠭ ᠤᠨ ᠰᠡᠳᠬᠦᠯ ᠤᠨ ᠰᠤᠷᠪᠤᠯᠵᠢᠯᠠᠭ᠎ᠠ ᠶᠢ ᠬᠦᠯᠢᠶᠡᠬᠦ ᠳᠤ ᠪᠠᠨ᠂ ᠵᠠᠭᠪᠤᠷ ᠤᠨ ᠱᠠᠭᠠᠷᠳᠠᠯᠭ᠎ᠠ ᠳᠤᠷᠠᠳᠤᠭᠳᠠᠭᠰᠠᠨ ᠤ ᠳᠠᠷᠠᠭ᠎ᠠ᠂ ᠣᠨ ᠤ ᠮᠡᠳᠡᠭᠦᠯᠦᠯᠲᠡ ᠶᠢᠨ ᠨᠡᠶᠢᠲᠡᠯᠡᠬᠦ ᠬᠡᠯᠪᠡᠷᠢ ᠶᠢᠨ ᠨᠢᠭᠡᠳᠦᠯᠲᠦ ᠴᠢᠨᠠᠷ ᠲᠤ ᠥᠩᠭᠡᠷᠡᠭᠰᠡᠨ ᠤ ᠬᠢ ᠲᠠᠢ ᠬᠠᠷᠢᠴᠠᠭᠤᠯᠪᠠᠯ ᠮᠠᠰᠢ ᠶᠡᠭᠡ ᠬᠤᠪᠢᠷᠠᠯᠲᠠ ᠭᠠᠷᠴᠠᠶ᠄ ︽ᠥᠩᠭᠡᠷᠡᠭᠰᠡᠨ ᠤ ᠣᠨ ᠤ ᠮᠡᠳᠡᠭᠦᠯᠦᠯᠲᠡ ᠶᠢᠨ ᠪᠡᠶᠡᠴᠢ ᠴᠢᠨᠠᠷ ᠬᠡᠲᠦ ᠥᠨᠳᠥᠷ ᠪᠠᠶᠢᠵᠤ᠂ ᠵᠢᠩᠬᠢᠨᠢ ᠬᠠᠩᠭᠠᠭᠰᠠᠨ ᠪᠦᠲᠦᠮᠵᠢᠲᠡᠶ ᠮᠡᠳᠡᠭᠡ ᠵᠠᠩᠭᠢ ᠶᠢᠨ ᠬᠡᠮᠵᠢᠶ᠎ᠡ ᠬᠦᠷᠦᠯᠴᠡᠬᠦ ᠥᠬᠡᠶ ᠪᠠᠶᠢᠭᠰᠠᠨ ᠠᠴᠠ ᠣᠨ ᠤ ᠮᠡᠳᠡᠭᠦᠯᠦᠯᠲᠡ ᠶᠢᠨ ᠵᠢᠱᠢᠭᠰᠡᠨ ᠦᠢᠯᠡᠳᠦᠯ ᠢ ᠠᠯᠳᠠᠭᠤᠯᠤᠭᠰᠠᠨ ᠪᠠᠶᠢᠨ᠎ᠠ᠃ 2019 ᠣᠨ ᠠᠴᠠ ᠨᠠᠭᠠᠰᠢ᠂ ᠣᠨ ᠤ ᠮᠡᠳᠡᠭᠦᠯᠦᠯᠲᠡ ᠶᠢ ᠨᠡᠶᠢᠲᠡᠯᠡᠬᠦ ᠠᠵᠢᠯ ᠶᠡᠷᠦᠩᠬᠡᠢ ᠳᠤ ᠪᠠᠨ ᠲᠠᠪᠰᠢᠯᠳᠠ ᠲᠠᠢ ᠪᠤᠯᠵᠤ᠂ ᠲᠣᠭᠲᠠᠭᠠᠭᠰᠠᠨ ᠠᠵᠢᠯᠯᠠᠭ᠎ᠠ ᠤᠳ ᠲᠠᠢ ᠪᠣᠯᠵᠠᠢ︾ ᠭᠡᠵᠦ ᠬᠡᠯᠡᠪᠡ᠃     ᠳᠠᠯᠠᠶ ᠳᠠᠭᠠᠤ ᠬᠥᠭᠵᠢᠭᠰᠡᠨ ᠮᠤᠵᠢ ᠣᠷᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠠᠯᠠᠮᠰᠢᠯ ᠥᠨᠳᠥᠷ ᠪᠠᠶᠢᠨ᠎ᠠ     ᠼᠠᠢ ᠰᠢᠨ ᠭᠠᠷᠠᠭ ᠤᠨ ᠰᠡᠳᠬᠦᠯ ᠤᠨ ᠪᠦᠷᠢᠳᠬᠡᠯ ᠢ ᠦᠨᠳᠦᠰᠦᠯᠡᠪᠡᠯ᠂ 2020 ᠣᠨ ᠳᠤ᠂ ᠪᠥᠬᠦ ᠤᠯᠤᠰ ᠤᠨ ᠠᠷᠪᠠᠨ ᠮᠤᠵᠢ ᠣᠷᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠵᠦ ᠠᠪᠤᠭᠰᠠᠨ ᠲᠤᠭ᠎ᠠ ᠲᠦᠮᠡᠨ ᠬᠤᠪᠢ ᠶᠢ ᠳᠠᠪᠠᠵᠤ᠂ ᠥᠨᠳᠥᠷ ᠠᠴᠠ ᠳᠣᠷᠣᠭᠰᠢ ᠵᠢᠭᠰᠠᠭᠠᠪᠠᠯ ᠭᠤᠸᠠᠩᠳᠦ᠋ᠩ ᠂ ᠪᠡᠭᠡᠵᠢᠩ᠂ ᠵᠢᠶᠠᠩᠰᠦ᠂ ᠱᠠᠨᠳᠦ᠋ᠩ᠂ ᠱᠠᠩᠬᠠᠶ᠂ ᠵᠧᠵᠢᠶᠠᠩ᠂ ᠾᠧᠨᠠᠨ᠂ ᠲᠢᠶᠠᠨᠵᠢᠨ᠂ ᠰᠧᠴᠤᠸᠠᠨ᠂ ᠬᠤᠨᠠᠨ ᠪᠣᠯᠤᠨ᠎ᠠ᠃ ᠡᠭᠦᠨ ᠳᠤ᠂ ᠭᠤᠸᠠᠩᠳᠦ᠋ᠩ 2020 ᠣᠨ ᠳᠤ ᠰᠢᠨ᠎ᠡ ᠪᠠᠷ ᠬᠤᠷᠢᠶᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ 4.7641 ᠲᠦᠮᠡᠨ ᠬᠤᠪᠢ ᠪᠠᠶᠢᠵᠤ᠂ ᠪᠥᠬᠦ ᠤᠯᠤᠰ ᠤᠨ ᠡᠯ᠎ᠡ ᠮᠤᠵᠢ ᠣᠷᠣᠨ ᠤ ᠲᠡᠷᠢᠭᠦᠨ ᠳᠤ ᠵᠢᠭᠰᠠᠭᠠᠭᠳᠠᠵᠤ᠂ ᠪᠡᠭᠡᠵᠢᠩ ᠪᠠ ᠵᠢᠶᠠᠩᠰᠦ 3.6988 ᠲᠦᠮᠡᠨ ᠬᠤᠪᠢ ᠪᠠ 3.0513 ᠲᠦᠮᠡᠨ ᠬᠤᠪᠢ ᠭᠤᠶᠤᠴᠢᠯᠠᠯ ᠢᠶᠠᠷ ᠲᠣᠰ ᠲᠣᠰ ᠬᠤᠶᠠᠳᠤᠭᠠᠷ ᠪᠠ ᠭᠤᠳᠠᠭᠠᠷ ᠲᠤ ᠵᠢᠭᠰᠠᠭᠠᠭᠳᠠᠵᠤ᠂ ᠱᠠᠨᠳᠦ᠋ᠩ᠂ ᠱᠠᠩᠬᠠᠶ᠂ ᠵᠧᠵᠢᠶᠠᠩ ᠤᠨ ᠭᠤᠶᠤᠴᠢᠯᠠᠭᠰᠠᠨ ᠬᠥᠮᠦᠨ ᠤ ᠲᠤᠭ᠎ᠠ ᠴᠤ 2.5 ᠲᠦᠮᠡ ᠠᠴᠠ ᠳᠡᠭᠡᠭᠰᠢ ᠪᠠᠶᠢᠨ᠎ᠠ᠃     ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠭᠰᠠᠨ ᠲᠤᠭ᠎ᠠ ᠬᠡᠮᠵᠢᠶ᠎ᠡ ᠨᠢ ᠠᠳᠠᠯᠢ ᠪᠤᠰᠤ ᠮᠤᠵᠢ ᠣᠷᠣᠨ ᠤ ᠬᠤᠭᠤᠷᠣᠨᠳᠣ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠲᠡᠯᠡᠶ ᠳᠠᠭᠠᠤ ᠣᠷᠣᠨ ᠪᠣᠯᠤᠨ ᠬᠥᠭᠵᠢᠭᠰᠡᠨ ᠮᠤᠵᠢ ᠣᠷᠣᠨ ᠤ ᠭᠤᠶᠤᠴᠢᠯᠠᠯ ᠤᠨ ᠬᠠᠯᠠᠮᠰᠢᠯ ᠤᠨ ᠬᠡᠮᠵᠢᠶ᠎ᠡ ᠨᠢ ᠥᠨᠳᠥᠷ ᠪᠠᠶᠢᠨ᠎ᠠ᠃ ᠣᠶᠢᠷ᠎ᠠ ᠶᠢᠨ ᠭᠤᠷᠪᠠᠨ ᠵᠢᠯ ᠤᠨ ᠲᠤᠷᠰᠢ᠂ ᠭᠤᠸᠠᠩᠳᠦ᠋ᠩ᠂ ᠪᠡᠭᠡᠵᠢᠩ᠂ ᠵᠢᠶᠠᠩᠰᠦ᠂ ᠱᠠᠩᠬᠠᠶ᠂ ᠵᠧᠵᠢᠶᠠᠩ᠂ ᠱᠠᠨᠳᠦ᠋ᠩ ᠵᠡᠷᠭᠡ ᠵᠢᠷᠭᠤᠭᠠᠨ ᠮᠤᠵᠢ ᠶᠢᠨ ᠭᠤᠶᠤᠴᠢᠯᠠᠯ ᠤᠨ ᠬᠡᠮᠵᠢᠶ᠎ᠡ ᠵᠢᠯ ᠲᠤᠷᠰᠢ ᠥᠨᠳᠥᠷ ᠬᠡᠮᠵᠢᠶᠡᠨ ᠳᠤ ᠪᠠᠶᠢᠵᠤ᠂ ᠵᠢᠯ ᠤᠨ ᠳᠤᠮᠳᠠᠴᠢ ᠭᠤᠶᠤᠴᠢᠯᠠᠯ ᠤᠨ ᠬᠡᠮᠵᠢᠶ᠎ᠡ ᠨᠢ ᠴᠥᠮ 2.5 ᠲᠦᠮᠡ ᠶᠢ ᠳᠠᠪᠠᠭᠰᠠᠨ ᠪᠠᠶᠢᠨ᠎ᠠ᠃ ᠭᠤᠸᠠᠩᠳᠦ᠋ᠩ ᠤᠨ ᠵᠢᠯ ᠤᠨ ᠳᠤᠮᠳᠠᠴᠢ ᠭᠤᠶᠤᠴᠢᠯᠠᠯ ᠤᠨ ᠬᠡᠮᠵᠢᠶ᠎ᠡ ᠨᠢ 4.8135 ᠲᠦᠮᠡᠨ ᠬᠤᠪᠢ ᠪᠠᠶᠢᠵᠤ᠂ ᠵᠢᠯ ᠤᠨ ᠳᠤᠮᠳᠠᠴᠢ ᠭᠤᠶᠤᠴᠢᠯᠠᠯ ᠤᠨ ᠬᠡᠮᠵᠢᠶ᠎ᠡ ᠨᠢ 4 ᠲᠦᠮᠡᠨ ᠬᠤᠪᠢ ᠶᠢ ᠳᠠᠪᠠᠭᠰᠠᠨ ᠴᠣᠷ ᠤᠨ ᠭᠠᠭᠴᠠ ᠮᠤᠵᠢ ᠪᠣᠯᠤᠨ᠎ᠠ᠃ ᠾᠧᠨᠠᠨ᠂ ᠰᠧᠴᠤᠸᠠᠨ᠂ ᠲᠢᠶᠠᠨᠵᠢᠨ᠂ ᠠᠨᠾᠦ᠋ᠢ᠂ ᠱᠠᠨᠰᠢ ᠵᠡᠷᠭᠡ ᠲᠠᠪᠤᠨ ᠮᠤᠵᠢ ᠣᠷᠣᠨ ᠤ ᠭᠤᠶᠤᠴᠢᠯᠠᠯ ᠭᠠᠷᠭᠠᠭᠰᠠᠨ ᠬᠡᠮᠵᠢᠶ᠎ᠡ ᠶᠡᠷᠦᠩᠬᠡᠶ ᠳᠤ ᠪᠠᠨ ᠳᠤᠮᠳᠠ ᠪᠠᠶᠢᠷᠢᠨ ᠳᠤ ᠪᠠᠶᠢᠵᠤ᠂ ᠵᠢᠯ ᠤᠨ ᠭᠤᠶᠤᠴᠢᠯᠠᠯ ᠭᠠᠷᠭᠠᠭᠰᠠᠨ ᠳᠤᠮᠳᠠᠴᠢ ᠬᠡᠮᠵᠢᠶ᠎ᠡ ᠨᠢ 1 ᠲᠦᠮᠡ ᠠᠴᠠ 2.5 ᠲᠦᠮᠡᠨ ᠬᠤᠪᠢ ᠶᠢᠨ ᠬᠤᠭᠤᠷᠣᠨᠳᠣ ᠪᠠᠶᠢᠨ᠎ᠠ᠃ ᠪᠤᠰᠤᠳ ᠡᠯ᠎ᠡ ᠮᠤᠵᠢ ᠣᠷᠣᠨ ᠤ ᠵᠢᠯ ᠤᠨ ᠳᠤᠮᠳᠠᠴᠢ ᠭᠤᠶᠤᠴᠢᠯᠠᠯ ᠤᠨ ᠬᠡᠮᠵᠢᠶ᠎ᠡ ᠨᠢ ᠴᠥᠮ 1 ᠲᠦᠮᠡ ᠠᠴᠠ ᠳᠣᠷᠣᠭᠰᠢ ᠪᠠᠶᠢᠨ᠎ᠠ᠃     ᠭᠠᠳᠠᠭᠠᠳᠤ ᠠᠵᠤ ᠠᠬᠤᠶ ᠠᠷᠠᠯᠵᠢᠶᠠᠨ ᠤ ᠶᠡᠭᠡ ᠰᠤᠷᠭᠠᠭᠤᠯᠢ ᠶᠢᠨ ᠫᠷᠣᠹᠧᠰᠰᠣᠷ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠵᠠᠰᠠᠭ ᠵᠠᠬᠢᠷᠭᠠᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠸᠠᠩ ᠵᠢᠩ ᠪᠥᠸᠧ ᠼᠠᠢ ᠰᠢᠨ ᠭᠠᠷᠠᠭ ᠤᠨ ᠰᠡᠳᠬᠦᠯ ᠳᠤ ᠵᠠᠳᠠᠯᠤᠯᠲᠠ ᠬᠢᠵᠦ ᠥᠭᠬᠦ ᠳᠤ ᠪᠠᠨ᠂ ᠵᠡᠭᠦᠨ ᠬᠡᠰᠡᠭ ᠤᠨ ᠠᠵᠤ ᠠᠬᠤᠶ ᠬᠥᠭᠵᠢᠭᠰᠡᠨ ᠭᠠᠵᠠᠷ ᠣᠷᠣᠨ ᠤ ᠨᠡᠶᠢᠭᠡᠮ ᠤᠨ ᠣᠯᠠᠨ ᠨᠡᠶᠢᠲᠡ ᠶᠢᠨ ᠡᠷᠬᠡ ᠶᠢᠨ ᠤᠬᠠᠮᠰᠠᠷ ᠨᠡᠯᠢᠶᠡᠳ ᠴᠢᠩᠭ᠎ᠠ ᠪᠠᠶᠢᠵᠤ᠂ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠠᠰᠢᠭᠯᠠᠬᠤ ᠳᠤ ᠪᠠᠨ ᠨᠠᠩ ᠴᠢᠳᠠᠮᠠᠭᠠᠶ ᠪᠠᠶᠢᠳᠠᠭ︔ ᠲᠡᠷᠡ ᠮᠥᠷᠲᠡᠭᠡᠨ ᠬᠠᠷᠢᠴᠠᠩᠭᠤᠶ ᠪᠠᠷ ᠠᠪᠴᠤ ᠬᠡᠯᠡᠪᠡᠯ᠂ ᠲᠠᠯᠠᠢ ᠳᠠᠭᠠᠤ ᠣᠷᠣᠨ ᠤ ᠠᠵᠤ ᠠᠬᠤᠶ ᠶᠢᠨ ᠠᠵᠢᠯᠯᠠᠭ᠎ᠠ ᠨᠡᠯᠢᠶᠡᠳ ᠣᠯᠠᠰᠢᠷᠠᠵᠤ᠂ ᠠᠰᠢᠭ ᠲᠤᠰᠠ ᠶᠢᠨ ᠵᠢᠭᠤᠷᠠᠯᠳᠤᠭᠠᠨ ᠨᠢ ᠴᠦ ᠨᠡᠯᠢᠶᠡᠳ ᠣᠯᠠᠰᠢᠷᠠᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠲᠠᠯᠪᠢᠬᠤ ᠱᠠᠭᠠᠷᠳᠠᠯᠭ᠎ᠠ ᠥᠨᠳᠥᠷ ᠪᠠᠶᠢᠵᠤ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠪᠠ ᠵᠠᠷᠭᠤ ᠬᠢᠬᠦ ᠶᠠᠪᠤᠳᠠᠯ ᠢ ᠴᠤ ᠨᠡᠯᠢᠶᠡᠳ ᠠᠷᠪᠢᠨ ᠡᠭᠦᠰᠭᠡᠭᠰᠡᠨ ᠪᠠᠶᠢᠨ᠎ᠠ᠃     ᠭᠠᠵᠠᠷ ᠰᠢᠷᠣᠶ ᠲᠠᠲᠠᠪᠤᠷᠢᠯᠠᠬᠤ ᠮᠡᠳᠡᠭᠡ ᠵᠠᠩᠭᠢ ᠬᠥᠮᠦᠰ ᠤᠨ ᠠᠩᠬᠠᠷᠤᠯ ᠢ ᠲᠠᠲᠠᠵᠤ ᠪᠠᠶᠢᠨ᠎ᠠ     2020 ᠣᠨ ᠤ ᠮᠡᠳᠡᠭᠦᠯᠦᠯᠲᠡ ᠳᠤ᠂ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠤᠯᠪᠣᠭᠳᠠᠭᠰᠠᠨ ᠠᠭᠤᠯᠭ᠎ᠠ ᠵᠢᠴᠢ ᠵᠠᠰᠠᠭ ᠵᠠᠬᠢᠷᠭᠠᠨ ᠤ ᠮᠠᠷᠭᠤᠯᠳᠤᠭᠠᠨ ᠤ ᠲᠥᠪᠯᠡᠷᠡᠯ ᠤᠨ ᠴᠡᠭ ᠤᠨ ᠲᠤᠬᠠᠶ ᠱᠠᠨᠳᠦ᠋ᠩ᠂ ᠵᠧᠵᠢᠶᠠᠩ᠂ ᠱᠠᠨᠰᠢ᠂ ᠭᠦᠢᠵᠸᠦ ᠳᠥᠷᠪᠡᠨ ᠮᠤᠵᠢ ᠡᠳᠦᠶ ᠲᠡᠳᠦᠶ ᠳᠤᠷᠠᠳᠤᠭᠰᠠᠨ ᠪᠠᠶᠢᠨ᠎ᠠ᠃ ᠳᠡᠭᠡᠷᠡᠬᠢ ᠳᠥᠷᠪᠡᠨ ᠮᠤᠵᠢ ᠶᠢᠨ ᠣᠨ ᠤ ᠮᠡᠳᠡᠭᠦᠯᠦᠯᠲᠡ ᠠᠴᠠ ᠦᠵᠡᠪᠡᠯ᠂ ᠭᠠᠵᠠᠷ ᠰᠢᠷᠣᠶ ᠲᠠᠲᠠᠪᠤᠷᠢᠯᠠᠬᠤ ᠨᠤᠷᠠᠭᠠᠵᠤ ᠨᠡᠭᠦᠯᠭᠡᠬᠦ ᠲᠠᠯ᠎ᠠ ᠶᠢᠨ ᠮᠡᠳᠡᠭᠡ ᠵᠠᠩᠭᠢ ᠪᠣᠯ ᠣᠯᠠᠨ ᠨᠡᠶᠢᠲᠡ ᠶᠢᠨ ᠠᠩᠬᠠᠷᠤᠯ ᠤᠨ ᠲᠥᠪ ᠪᠣᠯᠬᠤ ᠪᠥᠭᠡᠳ ᠵᠠᠰᠠᠭ ᠵᠠᠬᠢᠷᠭᠠᠨ ᠤ ᠮᠠᠷᠭᠤᠯᠳᠤᠭᠠᠨ ᠢ ᠨᠡᠩ ᠠᠮᠠᠷᠬᠠᠨ ᠡᠭᠦᠰᠭᠡᠳᠡᠭ᠃     ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠮᠡᠳᠡᠭᠡ ᠵᠠᠩᠭᠢ ᠣᠯᠠᠨ ᠤ ᠠᠩᠬᠠᠷᠤᠯ ᠢ ᠲᠠᠲᠠᠵᠤ ᠪᠠᠶᠢᠬᠤ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠰᠢᠰᠲ᠋ᠧᠮ ᠤᠨ ᠣᠨ ᠤ ᠮᠡᠳᠡᠭᠦᠯᠦᠯᠲᠡ ᠠᠴᠠ ᠴᠦ ᠲᠣᠳᠣᠷᠬᠠᠶ ᠮᠡᠳᠡᠵᠦ ᠪᠣᠯᠤᠨ᠎ᠠ᠃ ᠪᠦᠷᠢᠳᠬᠡᠯ ᠳᠤ ᠢᠯᠡᠷᠡᠭᠦᠯᠦᠭᠰᠡᠨ ᠢᠶᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ 3891 ᠬᠤᠪᠢ ᠭᠤᠶᠤᠴᠢᠯᠠᠯ ᠢᠶᠠᠷ ᠡᠯ᠎ᠡ ᠰᠠᠯᠠᠭ᠎ᠠ ᠮᠥᠴᠢᠷ ᠤᠨ ᠲᠡᠷᠢᠭᠦᠨ ᠳᠤ ᠣᠷᠣᠵᠤ᠂ ᠭᠤᠶᠤᠴᠢᠯᠠᠯ ᠤᠨ ᠬᠡᠮᠵᠢᠶ᠎ᠡ ᠨᠢ 3000 ᠬᠤᠪᠢ ᠶᠢ ᠳᠠᠪᠠᠭᠰᠠᠨ ᠴᠣᠷ ᠤᠨ ᠭᠠᠭᠴᠠ ᠰᠠᠯᠠᠭ᠎ᠠ ᠮᠥᠴᠢᠷ ᠪᠣᠯᠵᠠᠶ᠃     ᠸᠠᠩ ᠰᠢ ᠰᠢᠨ ᠤ ᠲᠠᠨᠢᠯᠴᠠᠭᠤᠯᠤᠭᠰᠠᠨ ᠢᠶᠠᠷ᠂ ᠬᠤᠲᠠᠴᠢᠯᠠᠯᠲᠠ ᠶᠢᠨ ᠪᠥᠲᠥᠭᠡᠨ ᠪᠠᠶᠢᠭᠤᠯᠤᠯᠲᠠ᠂ ᠢᠯᠠᠩᠭᠤᠶ᠎ᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠬᠠᠭᠤᠴᠢᠨ ᠬᠤᠲᠠ ᠶᠢᠨ ᠥᠭᠡᠷᠡᠴᠢᠯᠡᠯᠲᠡ ᠠᠴᠠ ᠪᠣᠯᠤᠭᠰᠠᠨ ᠭᠠᠵᠠᠷ ᠰᠢᠷᠣᠶ ᠲᠠᠲᠠᠪᠤᠷᠢᠯᠠᠬᠤ ᠠᠵᠢᠯᠯᠠᠭ᠎ᠠ ᠨᠢ ᠦᠷᠭᠦᠯᠵᠢ ᠶᠡᠭᠡ ᠬᠡᠮᠵᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠡᠭᠦᠰᠭᠡᠳᠡᠭ᠂ ᠭᠤᠶᠤᠴᠢᠯᠠᠭᠴᠢ ᠶᠢᠨ ᠭᠤᠤᠯ ᠵᠣᠷᠢᠯᠭ᠎ᠠ ᠪᠣᠯ ᠮᠡᠳᠡᠭᠡ ᠵᠠᠩᠭᠢ ᠤᠯᠬᠤ ᠪᠠᠷ ᠳᠠᠮᠵᠢᠭᠤᠯᠤᠨ᠂ ᠬᠤᠯᠪᠣᠭᠳᠠᠯ ᠪᠥᠬᠦᠶ ᠵᠠᠷᠭᠤ ᠬᠢᠵᠦ᠂ ᠡᠷᠬᠡ ᠪᠠᠨ ᠬᠠᠮᠠᠭᠠᠯᠠᠬᠤ ᠶᠢᠨ ᠲᠥᠯᠥᠭᠡ ᠶᠤᠮ᠃ ᠭᠠᠵᠠᠷ ᠰᠢᠷᠣᠶ ᠶᠢ ᠲᠠᠲᠠᠪᠤᠷᠢᠯᠠᠬᠤ ᠲᠦᠷᠦᠯ ᠤᠨ ᠵᠠᠷᠭᠤ ᠳᠤ᠂ ᠬᠤᠯᠪᠣᠭᠳᠠᠬᠤ ᠬᠥᠮᠦᠨ ᠨᠢ ᠦᠷᠭᠦᠯᠵᠢ ᠲᠥᠯᠥᠪᠦᠷᠢ ᠶᠢᠨ ᠪᠠᠷᠢᠮᠵᠢᠶ᠎ᠠ᠂ ᠭᠠᠵᠠᠷ ᠰᠢᠷᠣᠶ ᠶᠢ ᠲᠠᠲᠠᠪᠤᠷᠢᠯᠠᠬᠤ ᠶᠢ ᠵᠥᠪᠰᠢᠶᠡᠷᠡᠭᠰᠡᠨ ᠪᠢᠴᠢᠭ᠂ ᠭᠠᠵᠠᠷ ᠰᠢᠷᠣᠶ ᠶᠢ ᠲᠠᠲᠠᠪᠤᠷᠢᠯᠠᠬᠤ ᠳᠤ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠬᠤᠷᠠᠯ ᠤᠨ ᠲᠣᠪᠴᠢ ᠲᠡᠮᠳᠡᠭᠯᠡᠯ ᠴᠢᠨᠠᠭᠰᠢᠯᠠᠪᠠᠯ ᠳᠡᠭᠡᠳᠦ ᠱᠠᠲᠤᠨ ᠠᠴᠠ ᠵᠥᠪᠰᠢᠶᠡᠷᠡᠭᠰᠡᠨ ᠪᠢᠴᠢᠭ ᠬᠠᠷ᠎ᠠ ᠶᠢᠨ ᠲᠤᠬᠠᠶ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠭᠠᠷᠭᠠᠳᠠᠭ᠂ ᠬᠠᠤᠯᠢᠴᠢ ᠴᠤ ᠮᠡᠳᠡᠭᠡ ᠵᠠᠩᠭᠢ ᠶᠢ ᠢᠯᠡ ᠪᠣᠯᠭᠠᠬᠤ ᠶᠢ ᠪᠠᠶᠢᠴᠠᠭᠠᠨ ᠭᠡᠷᠡᠴᠢ ᠠᠪᠬᠤ ᠠᠷᠭ᠎ᠠ ᠪᠠᠷᠢᠯ ᠢᠶᠠᠨ ᠪᠣᠯᠭᠠᠳᠠᠭ᠃    ᠬᠢᠵᠢᠭ ᠤᠨ ᠪᠠᠶᠢᠳᠠᠯ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠡᠳᠦᠶ ᠶᠡᠭᠡ ᠨᠥᠯᠥᠭᠡ ᠦᠵᠡᠭᠦᠯᠦᠭᠰᠡᠨ ᠪᠣᠶ    ᠪᠦᠷᠢᠳᠬᠡᠯ ᠢ ᠦᠨᠳᠦᠰᠦᠯᠡᠪᠡᠯ᠂ 2020 ᠣᠨ ᠳᠤ᠂ ᠪᠥᠬᠦ ᠤᠯᠤᠰ ᠤᠨ ᠬᠡᠪᠴᠢᠶᠡᠨ ᠳᠤ ᠬᠤᠷᠢᠶᠠᠨ ᠣᠯᠤᠭᠰᠠᠨ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠨᠢ ᠲᠦᠷᠦᠭᠦᠤ ᠵᠢᠯ ᠤᠨ ᠬᠢ ᠠᠴᠠ ᠪᠠᠭ᠎ᠠ ᠬᠡᠮᠵᠢᠶ᠎ᠡ ᠪᠠᠷ ᠪᠠᠭᠤᠷᠠᠵᠤ᠂ 17 ᠮᠤᠵᠢ ᠣᠷᠣᠨ ᠤ ᠭᠤᠶᠤᠴᠢᠯᠠᠭᠰᠠᠨ ᠲᠤᠭ᠎ᠠ ᠨᠢ 2019 ᠣᠨ ᠤ ᠬᠢ ᠠᠴᠠ ᠪᠠᠭᠠᠰᠴᠤ᠂ 14 ᠮᠤᠵᠢ ᠣᠷᠣᠨ ᠤ ᠬᠢ ᠠᠳᠠᠯᠢ ᠬᠤᠭᠤᠴᠠᠭᠠᠨ ᠤ ᠬᠢ ᠠᠴᠠ ᠡᠳᠦᠶ ᠲᠡᠳᠦᠶ ᠨᠡᠮᠡᠭᠳᠡᠭᠰᠡᠨ ᠪᠠᠶᠢᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠠᠴᠠ ᠪᠣᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠶᠡᠷᠦᠩᠬᠡᠶ ᠳᠤ ᠪᠠᠨ ᠳᠡᠭᠡᠷ᠎ᠡ ᠵᠢᠯ ᠤᠨ ᠬᠢ ᠲᠠᠢ ᠠᠳᠠᠯᠢ ᠪᠣᠯᠤᠭᠰᠠᠨ ᠪᠣᠯᠪᠠᠴᠤ ᠠᠳᠠᠯᠢ ᠪᠤᠰᠤ ᠮᠤᠵᠢ ᠣᠷᠣᠨ ᠤ ᠵᠥᠷᠢᠶ᠎ᠡ ᠨᠢ ᠢᠯᠡᠷᠬᠡᠶ ᠪᠠᠶᠢᠨ᠎ᠠ᠃ ᠪᠥᠬᠦ ᠤᠯᠤᠰ ᠤᠨ 15 ᠮᠤᠵᠢ ᠣᠷᠣᠨ ᠵᠠᠰᠠᠭ ᠤᠨ ᠣᠷᠳᠣᠨ ᠤ ᠮᠡᠳᠡᠭᠡ ᠵᠠᠩᠭᠢ ᠪᠠᠨ ᠢᠯᠡ ᠪᠣᠯᠭᠠᠭᠰᠠᠨ ᠠᠴᠠ ᠪᠣᠯᠵᠣ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ ᠪᠠᠭᠠᠰᠴᠤ᠂ 14 ᠮᠤᠵᠢ ᠣᠷᠣᠨ ᠤ ᠬᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠨ᠂ 2 ᠮᠤᠵᠢ ᠣᠷᠣᠨ ᠤ ᠬᠢ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠃ ᠵᠠᠰᠠᠭ ᠵᠠᠬᠢᠷᠭᠠᠨ ᠤ ᠵᠠᠷᠭᠤ ᠶᠢᠨ ᠲᠠᠯ᠎ᠠ ᠪᠠᠷ᠂ ᠪᠥᠬᠦ ᠤᠯᠤᠰ ᠤᠨ 17 ᠮᠤᠵᠢ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠠᠴᠠ ᠪᠣᠯᠵᠣ ᠵᠠᠭᠠᠯᠳᠤᠯᠭ᠎ᠠ ᠭᠠᠷᠭᠠᠭᠰᠠᠨ ᠪᠥᠬᠦ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠪᠠᠭᠠᠰᠴᠤ᠂ 12 ᠮᠤᠵᠢ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠠᠴᠠ ᠪᠣᠯᠵᠣ ᠵᠠᠭᠠᠯᠳᠤᠯᠭ᠎ᠠ ᠭᠠᠷᠭᠠᠭᠰᠠᠨ ᠪᠥᠬᠦ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ 2 ᠮᠤᠵᠢ ᠣᠷᠣᠨ ᠤ ᠬᠢ ᠠᠳᠠᠯᠢ ᠬᠤᠭᠤᠴᠠᠭᠠᠨ ᠤ ᠬᠢ ᠲᠠᠢ ᠠᠳᠠᠯᠢ ᠪᠣᠯᠵᠠᠶ᠃    ᠬᠤᠪᠸᠢ ᠮᠤᠵᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠡᠷᠭᠢᠯᠡᠨ ᠬᠢᠵᠦ ᠪᠠᠶᠢᠭ᠎ᠠ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠬᠤᠪᠸᠢ ᠮᠤᠵᠢ ᠶᠢᠨ ᠳᠡᠭᠡᠷ᠎ᠡ ᠬᠠᠭᠠᠰ ᠵᠢᠯ ᠤᠨ ᠭᠤᠶᠤᠴᠢᠯᠠᠯ ᠤᠨ ᠬᠡᠮᠵᠢᠶ᠎ᠡ ᠨᠢ ᠬᠠᠷᠢᠴᠠᠩᠭᠤᠶ ᠪᠠᠷ ᠴᠥᠭᠡᠨ ᠰᠢᠭ᠂ ᠳᠣᠣᠷ᠎ᠠ ᠬᠠᠭᠠᠰ ᠵᠢᠯ ᠳᠤ ᠬᠠᠷᠢᠴᠠᠩᠭᠤᠶ ᠪᠠᠷ ᠠᠷᠪᠢᠨ ᠪᠠᠶᠢᠵᠤ᠂ ᠡᠨᠡ ᠨᠢ ᠬᠢᠵᠢᠭ ᠤᠨ ᠪᠠᠶᠢᠳᠠᠯ ᠲᠠᠢ ᠵᠣᠬᠢᠬᠤ ᠬᠠᠷᠢᠴᠠᠭ᠎ᠠ ᠲᠠᠢ ᠪᠠᠶᠢᠵᠤ ᠮᠡᠳᠡᠨ᠎ᠡ᠂ ︽ᠭᠡᠪᠡᠴᠦ ᠮᠡᠳᠡᠭᠡ ᠵᠠᠩᠭᠢ ᠶᠢ ᠭᠤᠶᠤᠴᠢᠯᠠᠬᠤ ᠶᠣᠰᠣᠲᠠᠶ ᠪᠣᠯ ᠪᠠᠰᠠ ᠯᠠ ᠭᠤᠶᠤᠴᠢᠯᠠᠨ᠎ᠠ︾᠃ ᠡᠭᠦᠨ ᠠᠴᠠ ᠭᠠᠳᠠᠨ᠎ᠠ ᠲᠡᠷᠡ ᠬᠡᠯᠡᠬᠦ ᠳᠤ ᠪᠠᠨ᠂ ᠬᠢᠵᠢᠭ ᠤᠨ ᠪᠠᠶᠢᠳᠠᠯ ᠲᠠᠢ ᠬᠤᠯᠪᠣᠭᠳᠠᠬᠤ ᠮᠡᠳᠡᠭᠡ ᠵᠠᠩᠭᠢ ᠶᠢᠨ ᠭᠤᠶᠤᠴᠢᠯᠠᠯ ᠲᠡᠶᠢᠮᠦ ᠣᠯᠠᠨ ᠪᠢᠰᠢ᠂ ︽ᠣᠯᠠᠨ ᠢᠶᠠᠷ ᠢᠶᠠᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ᠂ ᠬᠢᠵᠢᠭ ᠢ ᠰᠡᠷᠭᠡᠶᠢᠯᠡᠬᠦ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠡᠷᠡᠭᠴᠡᠭᠡ ᠲᠠᠢ ᠪᠣᠯᠪᠠᠴᠤ ᠳᠡᠯᠪᠡᠷᠡᠯᠲᠡ ᠶᠢᠨ ᠮᠠᠶ᠋ᠢᠭ ᠤᠨ ᠨᠡᠮᠡᠭᠳᠡᠯ ᠭᠠᠷᠤᠭᠰᠠᠨ ᠦᠭᠡᠶ︾ ᠭᠡᠵᠡᠶ᠃     ᠣᠯᠠᠩᠬᠢ ᠬᠥᠭᠵᠢᠭᠰᠡᠨ ᠮᠤᠵᠢ ᠣᠷᠣᠨ ᠤ ᠬᠢᠨ ᠢᠯᠡᠷᠬᠡᠶᠢᠯᠡᠬᠦ ᠳᠤ ᠪᠠᠨ᠂ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠨᠢ ᠬᠢᠵᠢᠭ ᠤᠨ ᠪᠠᠶᠢᠳᠠᠯ ᠤᠨ ᠨᠥᠯᠥᠭᠡ ᠶᠢ ᠨᠡᠯᠢᠶᠡᠳ ᠪᠠᠭ᠎ᠠ ᠬᠦᠷᠲᠡᠵᠡᠢ ᠭᠡᠪᠡ᠃ ᠱᠠᠩᠬᠠᠶ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠬᠡᠷ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠬᠢᠵᠢᠭ ᠤᠨ ᠪᠠᠶᠢᠳᠠᠯ ᠨᠢ ᠮᠡᠳᠡᠭᠡ ᠵᠠᠩᠭᠢ ᠶᠢᠨ ᠭᠤᠶᠤᠴᠢᠯᠠᠯ ᠳᠤ ᠵᠢᠭᠠᠬᠠᠨ ᠨᠥᠯᠥᠭᠡ ᠦᠵᠡᠭᠦᠯᠦᠭᠰᠡᠨ ᠪᠣᠯᠪᠠᠴᠤ ᠳᠡᠮᠡᠶ ᠶᠡᠭᠡ ᠨᠥᠯᠥᠭᠡ ᠪᠣᠯᠣᠭᠰᠠᠨ ᠥᠬᠡᠶ᠂ ︽ᠨᠢᠳᠤᠨᠤᠨ ᠤ ᠬᠢᠵᠢᠭ ᠤᠨ ᠪᠠᠶᠢᠳᠠᠯ ᠬᠠᠮᠤᠭ ᠤᠨ ᠬᠦᠨᠳᠦ ᠨᠣᠴᠢᠲᠠᠶ ᠪᠠᠶᠢᠭᠰᠠᠨ ᠦᠶ᠎ᠡ ᠳᠤ ᠬᠤᠯᠪᠣᠭᠳᠠᠬᠤ ᠴᠢᠨᠠᠷ ᠢᠶᠠᠷ ᠶᠡᠭᠡ ᠪᠠᠶᠢᠵᠤ ᠮᠡᠳᠡᠨ᠎ᠡ᠂ ᠳᠣᠤᠷ᠎ᠠ ᠬᠠᠭᠠᠰ ᠵᠢᠯ ᠪᠣᠯᠬᠤ ᠳᠤ ᠶᠠᠮᠠᠷ ᠴᠤ ᠨᠥᠯᠥᠭᠡ ᠦᠵᠡᠭᠦᠯᠬᠦ ᠥᠬᠡᠶ ᠪᠣᠯᠵᠠᠢ︾ ᠭᠡᠵᠡᠶ᠃ ᠪᠡᠭᠡᠵᠢᠩ ᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠡᠭᠡ ᠲᠢᠩᠬᠢᠮ ᠤᠨ ᠠᠵᠢᠯᠲᠠᠨ ᠪᠠᠰᠠ ᠢᠯᠡᠷᠬᠡᠶᠢᠯᠡᠬᠦ ᠳᠤ ᠪᠠᠨ᠂ ᠭᠤᠶᠤᠴᠢᠯᠠᠯ ᠤᠨ ᠬᠡᠮᠵᠢᠶ᠎ᠡ ᠶᠢᠨ ᠲᠠᠯ᠎ᠠ ᠠᠴᠠ ᠦᠵᠡᠪᠡᠯ᠂ ᠪᠡᠭᠡᠵᠢᠩ ᠬᠤᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠪᠠᠶᠢᠳᠠᠯ ᠬᠢᠵᠢᠭ ᠤᠨ ᠪᠠᠶᠢᠳᠠᠯ ᠤᠨ ᠨᠥᠯᠥᠭᠡ ᠶᠢ ᠬᠦᠷᠲᠡᠭᠰᠡᠨ ᠨᠢ ᠨᠡᠯᠢᠶᠡᠳ ᠪᠠᠭ᠎ᠠ ᠪᠠᠶᠢᠵᠤ᠂ ᠲᠡᠭᠦᠨ ᠤ ᠲᠠᠭᠠᠮᠠᠭᠯᠠᠯ ᠢᠶᠠᠷ ᠪᠣᠯ ᠠᠵᠢᠯ ᠢᠶᠠᠨ ᠰᠡᠷᠭᠦᠭᠡᠵᠦ᠂ ᠦᠢᠯᠡᠳᠪᠦᠷᠢᠯᠡᠯ ᠢᠶᠠᠨ ᠰᠡᠷᠭᠦᠭᠡᠭᠰᠡᠨ ᠤ ᠳᠠᠷᠠᠭ᠎ᠠ ᠭᠠᠵᠠᠷ ᠰᠢᠷᠣᠶ ᠲᠠᠲᠠᠪᠤᠷᠢᠯᠠᠬᠤ ᠲᠥᠷᠥᠯ ᠵᠦᠢᠯ ᠨᠢ ᠵᠣᠭᠰᠣᠭᠰᠠᠨ ᠥᠬᠡᠶ ᠮᠥᠷᠲᠡᠭᠡᠨ ᠭᠠᠵᠠᠷ ᠰᠢᠷᠣᠶ ᠲᠠᠲᠠᠪᠤᠷᠢᠯᠠᠬᠤ ᠨᠤᠷᠠᠭᠠᠵᠤ ᠨᠡᠭᠦᠯᠭᠡᠬᠦ ᠲᠥᠷᠥᠯ ᠵᠦᠢᠯ ᠤᠨ ᠲᠠᠯ᠎ᠠ ᠶᠢᠨ ᠬᠦᠰᠡᠯ ᠱᠠᠭᠠᠷᠳᠠᠯᠭ᠎ᠠ ᠨᠢ ᠨᠡᠶᠢᠳᠡᠮ ᠳᠤ ᠪᠠᠨ ᠣᠷᠳᠣ ᠬᠤᠭᠤᠴᠠᠭ᠎ᠠ ᠦᠷᠭᠦᠯᠵᠢᠯᠡᠵᠦ ᠮᠡᠳᠡᠨ᠎ᠡ ᠭᠡᠵᠡᠶ᠃     ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠡᠮᠵᠢᠶ᠎ᠡ ᠪᠠᠭᠤᠷᠠᠪᠠ     2020 ᠣᠨ ᠳᠤ᠂ ᠪᠥᠬᠦ ᠤᠯᠤᠰ ᠤᠨ 5 ᠮᠤᠵᠢ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠭᠰᠠᠨ ᠲᠤᠭ᠎ᠠ ᠵᠠᠭᠤ ᠶᠢ ᠳᠠᠪᠠᠵᠤ᠂ ᠲᠣᠰ ᠲᠣᠰ ᠱᠠᠩᠬᠠᠶ᠂ ᠭᠤᠸᠠᠩᠳᠦ᠋ᠩ᠂ ᠪᠡᠭᠡᠵᠢᠩ᠂ ᠾᠧᠨᠠᠨ᠂ ᠬᠤᠨᠠᠨ ᠪᠣᠯᠤᠨ᠎ᠠ᠃ ᠡᠭᠦᠨ ᠳᠤ᠂ ᠱᠠᠩᠬᠠᠶ 340 ᠬᠤᠪᠢ ᠭᠤᠶᠤᠴᠢᠯᠠᠯ ᠤᠨ ᠲᠤᠭ᠎ᠠ ᠪᠠᠷ ᠨᠢᠭᠡᠳᠦᠭᠡᠷ ᠲᠤ ᠵᠢᠭᠰᠠᠭᠠᠭᠳᠠᠵᠠᠶ᠃     ᠬᠢᠵᠢᠭ ᠤᠨ ᠪᠠᠶᠢᠳᠠᠯ ᠥᠷᠪᠢᠰᠦᠭᠰᠡᠨ ᠵᠢᠯ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠦᠯᠢᠶᠡᠨ ᠠᠪᠤᠭᠰᠠᠨ ᠮᠡᠳᠡᠭᠡ ᠵᠠᠩᠭᠢ ᠶᠢᠨ ᠭᠤᠶᠤᠴᠢᠯᠠᠯ ᠨᠢ ᠨᠡᠮᠡᠭᠳᠡᠭᠰᠡᠨ ᠦᠦ︖ ᠪᠦᠷᠢᠳᠬᠡᠯ ᠳᠤ ᠢᠯᠡᠷᠡᠭᠦᠯᠦᠭᠰᠡᠨ ᠢᠶᠠᠷ᠂ 2020 ᠣᠨ ᠳᠤ᠂ ᠪᠥᠬᠦ ᠤᠯᠤᠰ ᠤᠨ ᠬᠡᠪᠴᠢᠶᠡᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠥᠯᠢᠶᠡᠨ ᠠᠪᠤᠭᠰᠠᠨ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠨᠢ ᠲᠦᠷᠦᠭᠦᠤ ᠵᠢᠯ ᠤᠨ ᠬᠢ ᠠᠴᠠ ᠪᠠᠭ᠎ᠠ ᠬᠡᠮᠵᠢᠶ᠎ᠡ ᠪᠠᠷ ᠪᠠᠭᠤᠷᠠᠪᠠ᠃     2020 ᠣᠨ ᠳᠤ᠂ ᠪᠥᠬᠦ ᠤᠯᠤᠰ ᠤᠨ 14 ᠮᠤᠵᠢ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠪᠥᠬᠦ ᠲᠤᠭ᠎ᠠ ᠨᠢ ᠳᠡᠭᠡᠷ᠎ᠡ ᠵᠢᠯ ᠤᠨ ᠬᠢ ᠠᠴᠠ ᠡᠳᠦᠶ ᠲᠡᠳᠦᠶ ᠪᠠᠭᠠᠰᠤᠭᠰᠠᠨ ᠪᠠᠶᠢᠨ᠎ᠠ᠂ ᠡᠭᠦᠨ ᠳᠤ ᠱᠠᠨᠳᠦ᠋ᠩ ᠤᠨ ᠪᠠᠭᠤᠷᠠᠭᠰᠠᠨ ᠬᠡᠮᠵᠢᠶ᠎ᠡ ᠨᠢ ᠬᠠᠮᠤᠭ ᠤᠨ ᠶᠡᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 44.8% ᠪᠠᠷ ᠪᠠᠭᠤᠷᠠᠵᠠᠶ︔ ᠬᠤᠪᠧᠶ ᠡᠮᠦᠨ᠎ᠡ ᠲᠠᠪᠤᠨ ᠨᠡᠷᠡᠰ ᠲᠤ ᠣᠷᠣᠵᠤ᠂ ᠪᠠᠭᠤᠷᠠᠯᠲᠠ ᠶᠢᠨ ᠬᠡᠮᠵᠢᠶ᠎ᠡ ᠨᠢ 39.6% ᠳᠤ ᠭᠦᠷᠴᠡᠢ᠃     2020 ᠣᠨ ᠳᠤ᠂ ᠬᠤᠪᠸᠢ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨ᠎ᠡ ᠪᠠᠷ ᠬᠤᠷᠢᠶᠠᠭᠰᠠᠨ ᠭᠤᠶᠤᠴᠢᠯᠠᠯ 58 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 39.6% ᠪᠠᠷ ᠪᠠᠭᠤᠷᠠᠪᠠ᠃ ᠰᠢᠢᠳᠪᠦᠷᠢᠯᠡᠭᠰᠡᠨ 61 ᠬᠤᠪᠢ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠳᠣᠲᠣᠷ᠎ᠠ᠂ ᠬᠢᠵᠢᠭ ᠤᠨ ᠪᠠᠶᠢᠳᠠᠯ ᠤᠨ ᠬᠤᠯᠪᠣᠭᠳᠠᠯ ᠪᠥᠬᠦᠶ ᠮᠡᠳᠡᠭᠡ ᠵᠠᠩᠭᠢ ᠳᠤ ᠬᠤᠯᠪᠣᠭᠳᠠᠭᠰᠠᠨ ᠨᠢ 9 ᠬᠤᠪᠢ᠂ ᠢᠳᠡᠭᠡᠨ ᠤ ᠠᠮᠤᠷ ᠲᠦᠪᠰᠢᠨ ᠤ ᠠᠵᠤ ᠠᠬᠤᠶᠢᠯᠠᠯ ᠤᠨ ᠳᠠᠩᠰᠠᠯᠠᠭᠤᠯᠬᠤ ᠪᠠᠷᠢᠮᠵᠢᠶ᠎ᠠ 7 ᠬᠤᠪᠢ᠂ ᠵᠢᠭᠤᠷᠠᠯᠳᠤᠭᠠᠨ ᠤ ᠬᠤᠯᠪᠣᠭᠳᠠᠯ ᠪᠥᠬᠦᠶ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠨ ᠤ ᠬᠢᠷᠢ ᠬᠡᠮ᠂ ᠮᠡᠷᠭᠡᠵᠢᠯ ᠤᠨ ᠬᠢᠷᠢ ᠬᠡᠮ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠲᠤᠭ᠎ᠠ ᠪᠠᠷᠢᠮᠲᠠ ᠵᠡᠷᠭᠡ ᠮᠡᠳᠡᠭᠡ ᠵᠠᠩᠭᠢ 32 ᠬᠤᠪᠢ᠂ ᠪᠤᠰᠤᠳ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ 13 ᠬᠤᠪᠢ ᠪᠠᠶᠢᠨ᠎ᠠ᠃ 2020 ᠣᠨ ᠳᠤ᠂ ᠬᠤᠪᠸᠢ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠡᠶᠢᠲᠡᠯᠡᠭᠰᠡᠨ ᠨᠣᠷᠮ᠎ᠠ ᠨᠢ 51.7% ᠪᠠᠶᠢᠵᠤ᠂ ︽ᠬᠠᠩᠭᠠᠬᠤ ᠶᠢᠨ ᠠᠷᠭ᠎ᠠ ᠥᠬᠡᠶ︾ ᠪᠣᠯᠬᠤ ᠬᠠᠷᠢᠴᠠᠯ ᠨᠢ 30.0% ᠪᠠᠶᠢᠪᠠ᠃ ᠬᠤᠪᠸᠢ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 2018 ᠣᠨ᠂ 2019 ᠣᠨ ᠤ ᠭᠤᠶᠤᠴᠢᠯᠠᠯ ᠢᠶᠠᠷ ᠮᠡᠳᠡᠭᠡ ᠵᠠᠩᠭᠢ ᠪᠠᠨ ᠢᠯᠡ ᠪᠣᠯᠭᠠᠭᠰᠠᠨ ᠨᠣᠷᠮ᠎ᠠ ᠨᠢ ᠲᠣᠰ ᠲᠣᠰ 87.4%᠂ 85.4% ᠪᠠᠶᠢᠪᠠ᠃     ᠣᠶᠢᠷ᠎ᠠ ᠶᠢᠨ ᠭᠤᠷᠪᠠᠨ ᠵᠢᠯ ᠳᠤ᠂ ᠪᠥᠬᠦ ᠤᠯᠤᠰ ᠤᠨ ᠬᠡᠪᠴᠢᠶᠡᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠷᠢᠶᠠᠨ ᠣᠯᠤᠭᠰᠠᠨ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠨᠢ ᠶᠡᠷᠦᠩᠬᠡᠶ ᠳᠤ ᠪᠠᠨ ᠪᠠᠭᠤᠷᠠᠬᠤ ᠬᠠᠨᠳᠤᠰᠢ ᠲᠠᠢ ᠪᠠᠶᠢᠨ᠎ᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠡ ᠵᠠᠩᠭᠢ ᠶᠢᠨ ᠭᠤᠶᠤᠴᠢᠯᠠᠯ ᠤᠨ ᠲᠤᠭ᠎ᠠ ᠭᠤᠷᠪᠠᠨ ᠵᠢᠯ ᠳᠠᠷᠠᠭᠠᠯᠠᠨ ᠪᠠᠭᠤᠷᠠᠵᠤ᠂ 2018 ᠣᠨ ᠠᠴᠠ ᠨᠠᠭᠠᠰᠢ ᠲᠣᠰ ᠲᠣᠰ 1390 ᠬᠤᠪᠢ᠂ 1185 ᠬᠤᠪᠢ ᠪᠠ 738 ᠬᠤᠪᠢ ᠪᠠᠭᠤᠷᠠᠵᠤ᠂ 2020 ᠣᠨ ᠳᠤ ᠠᠳᠠᠯᠢ ᠬᠤᠭᠤᠴᠠᠭᠠᠨ ᠤ ᠬᠢ ᠠᠴᠠ 37.7% ᠪᠠᠷ ᠪᠠᠭᠤᠷᠠᠪᠠ᠃ ᠡᠭᠦᠨ ᠠᠴᠠ ᠭᠠᠳᠠᠨ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠶᠤᠴᠢᠯᠠᠭᠰᠠᠨ ᠬᠡᠮᠵᠢᠶ᠎ᠡ ᠭᠤᠷᠪᠠᠨ ᠵᠢᠯ ᠳᠠᠷᠠᠭᠠᠯᠠᠨ ᠪᠠᠭᠤᠷᠠᠭᠰᠠᠨ ᠮᠤᠵᠢ ᠣᠷᠣᠨ ᠳᠤ ᠪᠠᠰᠠ ᠵᠧᠵᠢᠶᠠᠩ᠂ ᠱᠠᠨᠳᠦ᠋ᠩ᠂ ᠲᠢᠶᠠᠨᠵᠢᠨ᠂ ᠠᠨᠾᠦ᠋ᠢ᠂ ᠯᠢᠶᠣᠤᠨᠢᠩ᠂ ᠴᠦᠩᠴᠢᠩ ᠵᠡᠷᠭᠡ ᠭᠠᠵᠠᠷ ᠪᠣᠶ᠃    ᠣᠯᠠᠩᠬᠢ ᠮᠤᠵᠢ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠥᠬᠦᠶ ᠠᠵᠢᠯᠲᠠᠨ ᠢᠯᠡᠳᠬᠡᠬᠦ ᠳᠤ ᠪᠠᠨ᠂ 2020 ᠣᠨ ᠳᠤ ᠬᠢᠵᠢᠭ ᠤᠨ ᠪᠠᠶᠢᠳᠠᠯ ᠲᠠᠢ ᠬᠤᠯᠪᠣᠭᠳᠠᠬᠤ ᠭᠤᠶᠤᠴᠢᠯᠠᠯ ᠳᠡᠮᠡᠶ ᠣᠯᠠᠨ ᠥᠬᠡᠶ ᠭᠡᠵᠡᠶ᠃ ᠠᠨᠾᠦ᠋ᠢ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠯᠪᠠᠨ ᠬᠡᠷ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠰᠢᠨ᠎ᠡ ᠪᠠᠷ ᠨᠡᠮᠡᠭᠳᠡᠭᠰᠡᠨ ᠬᠢᠵᠢᠭ ᠤᠨ ᠪᠠᠶᠢᠳᠠᠯ᠂ ᠪᠣᠳᠠᠲᠠᠶ ᠡᠪᠡᠳᠴᠢᠨ ᠤ ᠵᠢᠱᠢᠶ᠎ᠡ ᠵᠡᠷᠭᠡ ᠮᠡᠳᠡᠭᠡ ᠵᠠᠩᠭᠢ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠦᠯᠵᠢᠶ᠎ᠡ ᠬᠢᠵᠢᠭ ᠤᠨ ᠪᠠᠶᠢᠳᠠᠯ ᠤᠨ ᠲᠤᠰᠬᠠᠶ ᠪᠤᠯᠤᠩ ᠳᠤ ᠨᠠᠷᠢᠨ ᠲᠣᠳᠣᠷᠬᠠᠶ ᠢᠯᠡ ᠨᠡᠶᠢᠲᠡᠯᠡᠵᠦ᠂ ᠬᠢᠵᠢᠭ ᠤᠨ ᠪᠠᠶᠢᠳᠠᠯ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠳᠡᠮᠡᠶ ᠣᠯᠠᠨ ᠭᠤᠶᠤᠴᠢᠯᠠᠭᠰᠠᠨ ᠥᠬᠡᠶ ᠪᠠᠶᠢᠳᠠᠭ᠃ ᠲᠣᠰ ᠠᠵᠢᠯᠲᠠᠨ ᠤ ᠡᠷᠭᠢᠴᠡᠭᠦᠯᠬᠦ ᠪᠠᠷ᠂ 2020 ᠣᠨ ᠳᠤ ᠵᠥᠪᠬᠡᠨ ᠬᠤᠶᠠᠷ ᠬᠤᠪᠢ ᠬᠢᠵᠢᠭ ᠤᠨ ᠪᠠᠶᠢᠳᠠᠯ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠤᠷᠢᠶᠠᠨ ᠣᠯᠵᠠᠶ᠂ ᠡᠨᠡ ᠨᠢ ᠲᠣᠰ ᠲᠣᠰ ᠾᠧᠹᠸᠢ ᠬᠤᠲᠠ ᠶᠢᠨ ᠠᠩᠬᠠᠳᠠᠭᠴᠢ ᠡᠪᠡᠳᠴᠢᠲᠡᠨ ᠤ ᠪᠠᠶᠢᠳᠠᠯ ᠵᠢᠴᠢ ᠬᠤᠪᠸᠢ ᠶᠢ ᠲᠤᠰᠠᠯᠠᠬᠤ ᠡᠮᠴᠢ ᠰᠤᠪᠢᠯᠠᠭᠴᠢ ᠶᠢᠨ ᠨᠡᠷᠡᠰ ᠪᠣᠯᠤᠨ᠎ᠠ᠃ ᠡᠨᠡ ᠬᠤᠶᠠᠷ ᠵᠦᠢᠯ ᠨᠢ ᠲᠤᠬᠠᠶ ᠶᠢᠨ ᠦᠶ᠎ᠡ ᠳᠤ ᠴᠥᠮ ᠨᠢᠭᠡᠨᠲᠡ ᠨᠡᠶᠢᠲᠡᠯᠡᠭᠰᠡᠨ ᠮᠡᠳᠡᠭᠡ ᠵᠠᠩᠭᠢ ᠳᠤ ᠲᠣᠭᠠᠴᠠᠭᠳᠠᠨ᠎ᠠ᠃ ᠲᠢᠶᠠᠨᠵᠢᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠯᠪᠠᠨ ᠬᠡᠷ ᠤᠨ ᠠᠵᠢᠯᠲᠠᠨ ᠢᠯᠡᠳᠬᠡᠬᠦ ᠳᠤ ᠪᠠᠨ᠂ 2020 ᠣᠨ ᠳᠤ ᠲᠢᠶᠠᠨᠵᠢᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠷᠢᠶᠠᠨ ᠣᠯᠤᠭᠰᠠᠨ 60 ᠬᠤᠪᠢ ᠮᠡᠳᠡᠭᠡ ᠵᠠᠩᠭᠢ ᠶᠢᠨ ᠭᠤᠶᠤᠴᠢᠯᠠᠯ ᠳᠤ᠂ ᠬᠡᠳᠦ᠋ᠢᠪᠡᠷ ᠬᠢᠵᠢᠭ ᠤᠨ ᠪᠠᠶᠢᠳᠠᠯ ᠢ ᠲᠤᠰᠠᠭᠠᠷ ᠪᠦᠷᠢᠳᠬᠡᠭᠰᠡᠨ ᠥᠬᠡᠶ ᠪᠣᠯᠪᠠᠴᠤ ᠡᠪᠡᠳᠴᠢᠨ ᠬᠢᠵᠢᠭ ᠢ ᠬᠢᠵᠠᠭᠠᠷᠯᠠᠬᠤ ᠲᠠᠯ᠎ᠠ ᠪᠠᠷ 10 ᠬᠤᠪᠢ ᠣᠷᠴᠢᠮ ᠪᠠᠶᠢᠨ᠎ᠠ ᠭᠡᠵᠡᠶ᠃     ᠠᠨᠾᠦ᠋ᠢ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠯᠪᠠᠨ ᠬᠡᠷ ᠤᠨ ᠠᠵᠢᠯᠲᠠᠨ ᠢᠯᠡᠳᠬᠡᠬᠦ ᠳᠤ ᠪᠠᠨ᠂ ᠣᠶᠢᠷ᠎ᠠ ᠶᠢᠨ ᠵᠢᠯ ᠳᠤ ᠠᠨᠾᠦ᠋ᠢ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠥᠯᠢᠶᠡᠨ ᠠᠪᠤᠭᠰᠠᠨ ᠮᠡᠳᠡᠭᠡ ᠵᠠᠩᠭᠢ ᠶᠢᠨ ᠭᠤᠶᠤᠴᠢᠯᠠᠯ ᠤᠨ ᠲᠤᠭ᠎ᠠ ᠦᠷᠭᠦᠯᠵᠢᠯᠡᠨ ᠪᠠᠭᠤᠷᠠᠵᠤ ᠪᠠᠶᠢᠬᠤ ᠶᠢᠨ ᠰᠢᠯᠲᠠᠭᠠᠨ ᠨᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠠᠪᠤᠳᠠᠯ ᠶᠠᠪᠤᠬᠤ ᠲᠤᠲᠤᠮ ᠣᠯᠠᠰᠢᠷᠠᠵᠤ ᠪᠠᠶᠢᠬᠤ ᠲᠠᠢ ᠬᠤᠯᠪᠣᠭ᠎ᠠ ᠲᠠᠢ᠃ ᠲᠡᠷᠡ ᠲᠠᠨᠢᠯᠴᠠᠭᠤᠯᠬᠤ ᠳᠤ ᠪᠠᠨ᠂ ᠥᠩᠭᠡᠷᠡᠭᠰᠡᠨ ᠳᠤ ᠨᠡᠯᠢᠶᠡᠳ ᠣᠯᠠᠨ ᠭᠤᠶᠤᠴᠢᠯᠠᠯ ᠭᠠᠷᠭᠠᠭᠰᠠᠨ ᠨᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠢᠨ ᠳᠡᠩᠰᠡᠯᠡᠯᠲᠡ ᠪᠠᠶᠢᠵᠤ᠂ ᠵᠢᠯ ᠪᠦᠷᠢ ᠬᠡᠳᠦᠨ ᠠᠷᠪᠠᠨ ᠬᠤᠪᠢ ᠬᠦᠯᠢᠶᠡᠳᠡᠭ ᠪᠠᠶᠢᠪᠠ᠃ ᠣᠳᠣᠬᠠᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠦᠯᠵᠢᠶᠡᠨ ᠳᠡᠭᠡᠷ᠎ᠡ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠢ ᠳᠠᠩᠰᠠᠯᠠᠭᠤᠯᠤᠭᠰᠠᠨ ᠬᠤᠯᠪᠣᠭᠳᠠᠯ ᠪᠥᠬᠦᠶ ᠲᠠᠪᠴᠠᠩ ᠪᠣᠶ᠂ ᠡᠭᠦᠨ ᠢ ᠬᠤᠲᠠ ᠶᠢᠨ ᠠᠷᠠᠳ ᠥᠪᠡᠰᠦᠪᠡᠨ ᠯᠠᠪᠯᠠᠵᠤ ᠪᠣᠯᠤᠨ᠎ᠠ ᠭᠡᠵᠡᠢ᠃     2020 ᠣᠨ ᠳᠤ᠂ ᠪᠥᠬᠦ ᠤᠯᠤᠰ ᠤᠨ ᠡᠯ᠎ᠡ ᠮᠤᠵᠢ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢᠶᠠᠷ ᠳᠤᠷᠠᠳᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠭᠠᠯᠳᠤᠯᠭ᠎ᠠ ᠨᠢ ᠴᠥᠮ ᠳᠠᠩ ᠲᠤᠭ᠎ᠠ ᠪᠣᠯᠤᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ᠂ ᠪᠡᠭᠡᠵᠢᠩ᠂ ᠾᠧᠪᠸᠢ᠂ ᠡᠾᠧᠨᠠᠨ ᠳᠤ ᠲᠤᠰ ᠲᠤᠰ 1 ᠬᠤᠪᠢ ᠪᠤᠷᠤᠭᠤ ᠶᠢ ᠵᠠᠯᠠᠷᠠᠭᠤᠯᠵᠤ᠂ ᠪᠤᠰᠤᠳ ᠨᠢ ᠴᠥᠮ ᠪᠤᠷᠤᠭᠤ ᠵᠠᠯᠠᠷᠠᠭᠤᠯᠤᠭᠰᠠᠨ ᠪᠠᠶᠢᠳᠠᠯ ᠦᠭᠡᠶ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ