ᠣᠷᠠᠳ ᠤᠨ ᠡᠮᠦᠨᠡᠳᠦ ᠬᠤᠰᠢᠭᠤᠨ ᠤ ︿︿ᠳ᠋ᠢ ᠴᠦᠨ ᠬᠤᠨᠳᠠᠭᠠᠳᠤ﹀﹀ ᠲᠦᠷᠪᠡᠳᠦᠭᠡᠷ ᠬᠤᠭᠤᠴᠠᠭᠠᠨ ᠤ ᠠᠵᠢᠯᠳᠠᠨ ᠠᠵᠢᠯᠴᠢᠨ ᠤ  ᠪᠡᠶ᠎ᠡ ᠶᠢᠨ ᠲᠠᠮᠢᠷ ᠤᠨ ᠴᠤᠭᠯᠠᠭᠠᠨ ᠢ  ᠡᠷᠬᠢᠯᠡᠨ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/6/25
ᠡᠯ᠎ᠡ ᠰᠤᠮᠤ ᠪᠠᠯᠭᠠᠰᠤ᠂ ᠮᠠᠯᠵᠢᠯ ᠲᠠᠷᠢᠶᠠᠯᠠᠩ ᠵᠢᠭᠠᠰᠣᠨ ᠲᠠᠯᠠᠪᠠᠢ᠂ ᠬᠤᠰᠢᠭᠤ ᠬᠠᠷᠢᠶ᠎ᠠ ᠡᠯ᠎ᠡ ᠰᠠᠯᠠᠭ᠎ᠠ ᠮᠦᠴᠢᠷ᠂ ᠠᠷᠠᠳ ᠤᠨ ᠪᠦᠯᠬᠦᠮ᠂ ᠬᠤᠰᠢᠭᠤᠨ ᠳᠤ ᠰᠠᠭᠤᠭ᠎ᠠ ᠡᠯ᠎ᠡ ᠨᠢᠬᠡᠴᠡ᠂ ᠠᠵᠤ ᠠᠬᠤᠶᠢᠯᠠᠯ ᠤᠳ᠄      ᠲᠤᠮᠳᠠᠳᠤ ᠣᠯᠣᠰ ᠤᠨ ᠡᠪ ᠬᠠᠮᠳᠤ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠬᠡᠯᠡᠵᠦ᠂ ᠪᠦᠬᠦ ᠠᠷᠠᠳ ᠢᠶᠠᠷ ᠢᠶᠠᠨ ᠪᠡᠶ᠎ᠡ ᠪᠠᠨ ᠴᠢᠬᠢᠷᠠᠭᠵᠢᠭᠤᠯᠬᠤ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠬᠦᠳᠡᠯᠬᠡᠬᠡᠨ ᠢ ᠠᠬᠢᠭᠤᠯᠵᠤ᠂ ᠦᠷᠭᠡᠨ ᠤᠯᠠᠨ ᠺᠠᠳ᠋ᠷ ᠠᠵᠢᠯᠳᠠᠨ ᠢ ᠪᠦᠯᠬᠦᠮᠳᠡᠨ ᠲᠠᠶᠢᠴᠢᠯᠠᠵᠤ᠂ ᠬᠠᠳᠠᠭᠤᠵᠢᠯᠳᠠᠢ ᠲᠡᠮᠡᠴᠡᠬᠦ ᠴᠤᠭ ᠵᠢᠪᠬᠤᠭ᠎ᠠ ᠶᠢ ᠬᠦᠢᠴᠡᠳ ᠢᠯᠡᠷᠡᠭᠦᠯᠵᠦ᠂ ᠡᠷᠡᠭᠦᠯ ᠴᠢᠬᠢᠷᠠᠭ ᠪᠤᠯᠪᠠᠰᠤᠨ ᠪᠦᠯᠬᠦᠮᠳᠡᠨ ᠲᠡᠮᠡᠴᠡᠭᠰᠡᠨ ᠡᠶ᠎ᠡ ᠵᠤᠬᠢᠴᠠᠩᠭᠤᠢ ᠪᠠᠷ ᠬᠦᠭᠵᠢᠭᠰᠡᠨ ︿︿ᠡᠷᠡᠭᠦᠯ ᠴᠢᠬᠢᠷᠠᠭ ᠡᠮᠦᠨᠡᠳᠦ ᠬᠤᠰᠢᠭᠤ﹀﹀   ᠶᠢᠨ ᠤᠬᠢ ᠰᠠᠶᠢᠨ ᠤᠷᠴᠢᠨ ᠠᠬᠤᠢ ᠶᠢ ᠤᠯᠠᠮ ᠨᠢᠬᠡ ᠠᠯᠬᠤᠮ ᠡᠭᠦᠳᠦᠨ ᠪᠠᠶᠢᠭᠤᠯᠵᠤ᠂ ︿︿ᠪᠡᠶ᠎ᠡ ᠶᠢᠨ ᠲᠠᠮᠢᠷ ᠢᠶᠠᠷ ᠬᠤᠰᠢᠭᠤ   ᠪᠠᠨ ᠬᠦᠴᠦᠷᠭᠡᠭᠵᠦᠬᠦᠯᠬᠦ﹀﹀ ᠬᠠᠷᠠᠯᠳᠠ ᠶᠢ  ᠪᠡᠶᠡᠯᠡᠬᠦᠯᠬᠦ ᠶᠢᠨ ᠲᠦᠯᠦᠬᠡ᠂ ᠰᠣᠳᠣᠯᠬᠤ ᠪᠠᠷ ᠲᠠᠮᠵᠢᠨ ︿︿ᠳ᠋ᠢ ᠴᠦᠨ ᠬᠤᠨᠳᠠᠭᠠᠳᠤ﹀﹀ ᠲᠦᠷᠪᠡᠳᠦᠭᠡᠷ ᠬᠤᠭᠤᠴᠠᠭᠠᠨ ᠤ ᠠᠵᠢᠯᠳᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠨ ᠬᠢᠬᠦ ᠪᠠᠷ ᠲᠤᠭᠳᠠᠪᠠ᠃ ᠡᠯ᠎ᠡ ᠪᠠᠶᠢᠭᠤᠯᠭ᠎ᠠ ᠨᠢᠬᠡᠴᠢ ᠤᠳ ᠤᠷᠤᠯᠳᠤᠭᠠᠨ ᠤ ᠲᠦᠷᠢᠮ ᠱᠠᠭᠠᠷᠳᠠᠯᠭ᠎ᠠ ᠶᠤᠰᠤᠭᠠᠷ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ ᠡᠯ᠎ᠡ ᠲᠦᠷᠦᠯ ᠤᠨ ᠪᠡᠯᠡᠳᠬᠡᠯ ᠠᠵᠢᠯ ᠢ ᠰᠠᠶᠢᠳᠤᠷ ᠬᠢᠬᠦ᠂ ᠢᠳᠡᠪᠬᠢᠳᠡᠢ ᠨᠡᠷ᠎ᠡ ᠮᠡᠳᠡᠭᠦᠯᠦᠨ ᠤᠷᠤᠯᠴᠠᠬᠤ ᠪᠤᠯᠪᠠᠤ᠃                                                                         ᠣᠷᠠᠳ ᠤᠨ ᠡᠮᠦᠨᠡᠳᠦ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠬᠡᠷ                                             2021 ᠣᠨ ᠤ 6 ᠰᠠᠷ᠎ᠠ ᠶᠢᠨ 18   ᠤ ᠡᠳᠦᠷ
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号