ᠶᠡᠷᠡᠭᠡᠳ ᠤᠨ ᠳᠤ ᠲᠦᠷᠦᠭᠰᠡᠨ ᠨᠠᠮ ᠤᠨ ᠬᠡᠰᠢᠬᠦᠨ ᠳ᠋ᠧᠩ ᠵᠢᠶᠤᠤ᠄ ᠬᠠᠳᠠᠭᠤᠵᠢᠯᠳᠠᠢ ᠲᠡᠮᠡᠴᠡᠯ ᠢᠶᠠᠷ ᠵᠠᠯᠠᠭᠤ ᠨᠠᠰᠣᠨ ᠤ ᠬᠢᠷᠢ ᠲᠡᠩᠴᠡᠭᠰᠡᠨ ᠬᠠᠷᠢᠭᠤᠯᠳᠠ ᠶᠢᠨ ᠬᠠᠭᠤᠳᠠᠰᠤ ᠶᠢ ᠪᠢᠴᠢᠭᠯᠡᠵᠤ ᠪᠠᠶᠢᠨ᠎ᠠ
ᠨᠡᠶᠢᠲᠡᠯᠡᠭᠰᠡᠨ ᠴᠠᠭ᠄
2021/6/28
      ᠪᠠᠷᠠᠭᠤᠨ ᠤᠷᠤᠨ ᠤ ᠲᠦᠯᠦᠪᠯᠡᠭᠡ ᠶᠢᠨ ᠰᠠᠶᠢᠨ ᠲᠤᠷᠠᠴᠤᠳ ᠦᠨᠳᠦᠰᠦᠨ ᠱᠠᠳᠤᠨ ᠳᠤ ᠦᠨᠳᠦᠰᠦᠯᠡᠭᠰᠡᠨ ᠡᠪ ᠬᠠᠮᠳᠤ ᠨᠠᠮ ᠤᠨ ᠬᠡᠰᠢᠬᠦᠨ ᠪᠠᠶᠢᠭᠰᠠᠨ ᠠᠴᠠ᠂ ᠪᠤᠯᠪᠠᠷᠠᠢ  ᠵᠦᠬᠡᠯᠡᠨ ᠦᠬᠢᠨ ᠪᠠᠶᠢᠭᠰᠠᠨ ᠠᠴᠠ ᠠᠵᠢᠯ ᠳᠠᠭᠠᠨ ᠴᠠᠭᠠᠷᠠᠵᠤ ᠰᠢᠶᠠᠩ ᠪᠠᠯᠭᠠᠰᠤᠨ ᠤ ᠺᠠᠳ᠋ᠷ ᠪᠤᠯᠤᠨ ᠲᠠᠪᠳᠠᠭᠳᠠᠭᠰᠠᠨ ᠡᠮᠦᠨᠡᠳᠦ ᠬᠤᠰᠢᠭᠤᠨ ᠤ ᠮᠢᠩᠭᠠᠨ ᠪᠠᠯᠭᠠᠰᠤᠨ ᠤ ᠶᠡᠷᠡᠭᠡᠳ ᠤᠨ ᠳᠤ ᠲᠦᠷᠦᠭᠰᠡᠨ ᠨᠠᠮ ᠤᠨ ᠬᠡᠰᠢᠬᠦᠨ ᠳ᠋ᠧᠩ ᠵᠢᠶᠤᠤ ᠦᠬᠢᠨ ᠤᠷᠬᠢᠯᠤᠮ᠎ᠠ ᠬᠠᠯᠠᠭᠤᠨ ᠰᠡᠳᠬᠢᠯᠬᠡ  ᠪᠠᠷ ᠦᠨᠳᠦᠰᠦᠨ ᠱᠠᠳᠤᠨ ᠤ ᠭᠠᠯ ᠬᠠᠯᠠᠭᠤᠨ ᠵᠤᠤᠬᠠᠨ ᠳᠤ ᠪᠤᠯᠪᠠᠰᠤᠷᠠᠭᠳᠠᠵᠤ᠂ ᠲᠡᠮᠡᠴᠡᠯ ᠤᠨ ᠲᠤᠮᠳᠠ ᠬᠠᠮᠤᠭ ᠭᠤᠶᠤ ᠵᠠᠯᠠᠭᠤ ᠽᠠᠨᠳᠠᠨ ᠨᠠᠰᠤᠨ ᠤ ᠬᠡᠷᠡᠯ ᠰᠠᠴᠤᠷᠠᠩᠭᠤᠢ ᠬᠠᠭᠤᠳᠠᠰᠤ ᠪᠠᠨ ᠪᠢᠴᠢᠭᠯᠡᠵᠦ ᠪᠠᠶᠢᠨ᠎ᠠ᠃       2021 ᠤᠨ ᠤ  5 ᠰᠠᠷ᠎ᠠ ᠶᠢᠨ 1 ᠤ ᠡᠳᠦᠷ  ᠬᠤᠷᠢᠮᠯᠠᠭᠰᠠᠨ ᠲᠠᠷᠡ ᠤᠷᠤᠰᠬᠠᠯ ᠢ ᠲᠠᠭᠠᠵᠤ  ᠭᠠᠳᠠᠭᠰᠢ ᠭᠠᠷᠴᠤ ᠪᠠᠯᠳᠤ ᠰᠠᠷ᠎ᠠ ᠪᠠᠨ ᠦᠩᠭᠡᠷᠡᠭᠦᠯᠦᠭᠰᠡᠨ ᠦᠬᠡᠢ᠂ ᠬᠠᠷᠢᠨ ᠪᠠᠯᠭᠠᠰᠤᠨ ᠳᠤ ᠪᠠᠨ ᠬᠠᠷᠢᠵᠤ ᠡᠮᠦᠨᠡᠳᠦ ᠬᠤᠰᠢᠭᠤᠨ ᠤ ᠰᠤᠩᠭᠠᠭᠤᠯᠢ ᠶᠢᠨ ᠬᠤᠭᠤᠴᠠᠭᠠᠨ ᠤ ᠪᠡᠯᠡᠳᠬᠡᠯ ᠠᠵᠢᠯ ᠤᠨ ᠲᠤᠭᠤᠶᠢᠯᠠᠩ ᠤᠨ ᠠᠵᠢᠯᠳᠠᠨ  ᠤ ᠬᠤᠪᠢ ᠪᠠᠷ ᠠᠵᠢᠯ ᠳᠠᠭᠠᠨ ᠶᠠᠭᠠᠷᠠᠵᠤ ᠡᠬᠢᠯᠡᠪᠡ᠃      2016 ᠤᠨ ᠳᠤ ᠪᠠᠷᠠᠭᠤᠨ ᠤᠷᠤᠨ ᠢ ᠲᠡᠮᠵᠢᠬᠦ ᠨᠤᠳᠤᠭ ᠤᠷᠤᠨ ᠢᠶᠠᠨ ᠪᠦᠳᠦᠬᠡᠨ ᠪᠠᠶᠢᠭᠤᠯᠬᠤ ᠰᠡᠳᠬᠢᠯᠬᠡ ᠶᠢ ᠡᠪᠦᠷᠯᠡᠨ ᠶᠡᠭᠡ ᠰᠣᠷᠭᠠᠭᠤᠯᠢ ᠪᠠᠨ ᠲᠡᠭᠦᠰᠦᠮᠡᠭᠴᠡ  ᠡᠮᠦᠨᠡᠳᠦ ᠬᠤᠰᠢᠭᠤᠨ ᠳᠤ ᠪᠠᠨ ᠪᠤᠴᠠᠨ ᠢᠷᠡᠵᠦ ᠰᠠᠶᠢᠨ ᠲᠤᠷ᠎ᠠ ᠶᠢᠨ ᠠᠵᠢᠯᠳᠠᠨ ᠪᠤᠯᠵᠤ᠂ ᠠᠵᠢᠯ ᠪᠦᠬᠦᠨ ᠳᠤ ᠭᠠᠷᠮᠠᠭᠠᠶᠢᠯᠠᠨ ᠤᠷᠤᠵᠤ᠂ ᠤᠷᠢᠳ ᠬᠤᠵᠢᠳ ᠪᠦᠬᠦ ᠬᠤᠳᠠ ᠶᠢᠨ ᠰᠢᠯᠢᠳᠡᠭ ᠰᠠᠶᠢᠨ ᠲᠤᠷᠠᠳᠠᠨ᠂ ᠪᠦᠬᠦ ᠤᠷᠤᠨ ᠤ ᠪᠠᠷᠠᠭᠤᠨ ᠤᠷᠤᠨ ᠤ ᠲᠦᠯᠦᠪᠯᠡᠭᠡ ᠳᠤ ᠦᠢᠯᠡᠴᠢᠯᠡᠭᠰᠡᠨ ᠰᠢᠯᠢᠳᠡᠭ ᠬᠤᠪᠢ ᠬᠦᠮᠦᠨ ᠢᠶᠠᠷ ᠢᠷᠠᠭᠤ ᠠᠯᠳᠠᠷᠳᠠᠢ ᠪᠠᠷ  ᠦᠨᠡᠯᠡᠭᠳᠡᠭᠰᠡᠨ ᠶᠤᠮ᠃      2018 ᠤᠨ ᠤ  ᠳ᠋ᠧᠩ ᠵᠢᠶᠤᠤ ᠦᠬᠢᠨ ᠪᠦᠬᠦ ᠤᠷᠤᠨ ᠤ ᠠᠯᠪᠠᠳᠠᠨ ᠤ ᠰᠢᠯᠭᠠᠯᠳᠠ ᠪᠠᠷ ᠲᠠᠮᠵᠢᠨ ᠡᠮᠦᠨᠡᠳᠦ ᠬᠤᠰᠢᠭᠤᠨ ᠤ ᠮᠢᠩᠭᠠᠨ ᠪᠠᠯᠭᠠᠰᠤᠨ ᠤ ᠬᠠᠮᠤᠭ ᠤᠨ ᠵᠠᠯᠠᠭᠤ ᠺᠠᠳ᠋ᠷ ᠪᠤᠯᠵᠠᠢ᠃      ᠮᠢᠩᠭᠠᠨ ᠪᠠᠯᠭᠠᠰᠤᠨ ᠳᠤ ᠤᠴᠢᠭᠰᠠᠨ ᠤ ᠡᠬᠢᠨ ᠤ ᠦᠶ᠎ᠡ ᠳᠤ ᠪᠠᠯᠭᠠᠰᠤᠨ ᠤ ᠣᠯᠠᠨ ᠨᠡᠶᠢᠳᠡ ᠶᠢᠨ ᠳ᠋ᠣᠭᠠᠷ ᠢ ᠬᠠᠮᠢᠶᠠᠷᠬᠤ ᠬᠦᠮᠦᠨ ᠦᠬᠡᠢ ᠭᠠᠳᠠᠭᠰᠢ ᠤᠬᠠᠭᠤᠯᠬᠤ ᠪᠠᠷ ᠬᠦᠷᠦᠯᠴᠡᠭᠦ ᠦᠬᠡᠢ ᠪᠠᠶᠢᠬᠤ ᠶᠢ ᠤᠯᠵᠤ ᠮᠡᠳᠡᠭᠡᠳ᠂ ᠦᠪᠡᠷ ᠤᠨ ᠵᠤᠬᠢᠶᠠᠨ ᠪᠢᠴᠢᠯᠭᠡ ᠪᠠ ᠺᠤᠮᠫᠢᠶᠤᠤᠲ᠋ᠧᠷ ᠲᠤ ᠠᠪᠢᠶᠠᠰᠤᠯᠢᠭ ᠤᠨᠴᠠᠯᠢᠭ ᠢᠶᠠᠨ ᠬᠦᠢᠴᠡᠳ ᠪᠠᠳᠠᠷᠠᠭᠤᠯᠤᠨ ᠰᠢᠨ᠎ᠡ ᠵᠠᠭᠤᠴᠢᠯᠠᠭᠤᠷ ᠤᠨ ᠲᠠᠪᠴᠠᠩ ᠢ ᠠᠮᠢᠳᠤᠯᠢᠭᠵᠢᠭᠤᠯᠤᠭᠰᠠᠨ ᠢᠶᠠᠷ ᠪᠠᠷᠠᠬᠤ ᠦᠬᠡᠢ ᠪᠠᠰᠠ ᠨᠦᠬᠦᠳ ᠢᠶᠠᠨ ᠲᠠᠶᠢᠴᠢᠯᠠᠨ ᠠᠳᠠᠯᠢᠳᠬᠠᠨ ᠰᠣᠷᠴᠤ ᠤᠷᠤᠭᠰᠢᠯᠠᠨ ᠲᠠᠪᠰᠢᠬᠤ ᠢᠳᠡᠪᠬᠢᠵᠢᠯ ᠢ ᠤᠷᠮᠠᠰᠢᠭᠤᠯᠵᠠᠢ᠃ ᠬᠦᠨᠳᠦ ᠨᠦᠰᠡᠷ ᠦᠨᠳᠦᠰᠦᠨ ᠱᠠᠳᠣᠨ ᠤ ᠠᠵᠢᠯ ᠲᠤᠮᠳᠠ ᠲᠡᠷᠡ ᠬᠠᠵᠠᠭᠤ ᠬᠠᠪᠢ ᠶᠢᠨ ᠨᠦᠬᠦᠳ ᠢᠶᠠᠨ ᠪᠠᠭᠰᠢ ᠪᠠᠷᠢᠨ ᠨᠤᠳᠤᠭ ᠤᠨ ᠮᠡᠷᠭᠡᠵᠢᠯᠳᠡᠨ ᠠᠴᠠ ᠲᠠᠭᠠᠨ ᠰᠣᠷᠣᠯᠴᠠᠵᠤ ᠤᠯᠠᠨ ᠤ ᠰᠠᠨᠠᠯ ᠰᠠᠨᠠᠭᠤᠯᠭ᠎ᠠ ᠶᠢ ᠰᠡᠳᠬᠢᠯ ᠲᠠᠯᠪᠢᠨ ᠰᠤᠨᠤᠰᠴᠤ᠂ ᠤᠳᠠᠯ ᠦᠬᠡᠢ ᠪᠦᠷ ᠲᠠᠳᠠᠨ ᠤ ᠰᠠᠶᠢᠨ ᠨᠠᠶᠢᠵᠢ ᠪᠤᠯᠤᠯᠴᠠᠪᠠ᠃
     ᠬᠦᠴᠢᠷ ᠠᠴᠠ ᠠᠶᠤᠬᠤ ᠦᠬᠡᠢ ᠴᠢᠷᠮᠠᠶᠢᠨ ᠠᠵᠢᠯᠯᠠᠵᠤ ᠬᠦᠳᠡᠭᠡ ᠲᠤᠰᠬᠤᠨ ᠤ ᠠᠵᠢᠯ ᠳᠤ ᠴᠠᠭᠠᠷᠠᠵᠤ᠂ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠳᠤ ᠲᠤᠰᠬᠤᠨ ᠳᠤ ᠰᠠᠭᠤᠭ᠎ᠠ ᠺᠠᠳ᠋ᠷ ᠪᠤᠯᠪᠠ︔ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠦᠶ᠎ᠡ ᠳᠤ ᠵᠢᠯᠤᠭᠤᠳᠤᠭᠴᠢ ᠪᠤᠯᠪᠠ︔ ᠵᠤᠷᠯᠤᠩ ᠤᠨ ᠬᠤᠪᠢᠰᠬᠠᠯ  ᠳᠤ ᠲᠠᠶᠢᠯᠪᠤᠷᠢᠯᠠᠭᠴᠢ ᠪᠤᠯᠪᠠ︔ ᠤᠷᠴᠢᠨ ᠲᠤᠭᠤᠷᠢᠨ ᠤ ᠴᠡᠭᠴᠡᠯᠡᠯᠳᠡ ᠳᠤ ᠴᠡᠪᠡᠷᠯᠡᠭᠴᠢ ᠪᠤᠯᠪᠠ᠃ ᠲᠡᠭᠦᠨ ᠤ ᠲᠦᠰᠦᠪᠯᠡᠨ ᠬᠢᠭᠰᠡᠨ ᠭᠠᠴᠠᠭ᠎ᠠ ᠲᠤᠰᠬᠤᠨ ᠤ ᠤᠳᠤᠨ ᠲᠡᠰ ᠤᠨ ᠬᠠᠮᠢᠶᠠᠷᠤᠯᠳᠠ ᠶᠢᠨ ᠫᠠᠶᠢᠰᠠ᠂ ᠮᠠᠯᠴᠢᠨ ᠲᠠᠷᠢᠶᠠᠴᠢᠨ ᠨᠠᠮ ᠤᠨ ᠬᠡᠰᠢᠬᠦᠨ ᠤ ᠤᠳᠤᠨ ᠲᠡᠰ ᠤᠨ ᠬᠠᠮᠢᠶᠠᠷᠤᠯᠳᠠ ᠶᠢᠨ ᠫᠠᠶᠢᠰᠠ ᠨᠢ ᠪᠦᠬᠦ ᠬᠤᠰᠢᠭᠤᠨ ᠤ ᠬᠡᠪᠴᠢᠶᠡᠨ ᠳᠤ ᠲᠡᠯᠭᠡᠷᠡᠭᠦᠯᠦᠭᠳᠡᠵᠦ᠂ ᠲᠡᠭᠦᠨ ᠤ ᠦᠪᠡᠷ ᠢᠶᠠᠨ ᠵᠤᠬᠢᠶᠠᠭᠰᠠᠨ ᠲᠤᠤᠷᠵᠢᠯ ᠤᠨ ᠵᠢᠷᠤᠭ ᠨᠢ ᠬᠦᠳᠡᠭᠡ ᠲᠤᠰᠬᠤᠨ ᠤ ᠵᠠᠰᠠᠯᠳᠠ ᠶᠢ ᠪᠦᠳᠦᠮᠵᠢᠳᠡᠢ ᠲᠡᠭᠡᠭᠰᠢᠯᠡᠬᠦᠯᠵᠦ᠂ ᠪᠤᠰᠤᠳ ᠰᠤᠮᠤ ᠪᠠᠯᠭᠠᠰᠤ ᠶᠢᠨ ᠲᠠᠭᠠᠨ ᠰᠣᠷᠣᠯᠴᠠᠬᠤ ᠲᠠᠭᠤᠷᠢᠶᠠᠯ ᠪᠤᠯᠪᠠ᠃ ︿︿ᠰᠦᠯᠵᠢᠶᠡᠨ ᠲᠡᠭᠡᠷᠡᠬᠢ ᠤᠳᠤ ᠡᠭᠦᠳᠬᠦ ᠵᠠᠭᠪᠤᠷ﹀﹀ ᠨᠢ ᠰᠢᠯᠭᠠᠯᠳᠠ ᠪᠠᠷ ᠲᠡᠮᠵᠢᠨ ᠬᠡᠷᠡᠭᠯᠡᠭᠳᠡᠵᠦ᠂ ᠪᠦᠬᠦ ᠬᠤᠰᠢᠭᠤᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠨ ᠲᠠᠰ ᠤᠨ ᠬᠠᠮᠢᠶᠠᠷᠤᠯᠳᠠ ᠶᠢᠨ ᠲᠤᠭᠠᠵᠢᠭᠤᠯᠤᠯᠳᠠ ᠶᠢ ᠪᠡᠶᠡᠯᠡᠬᠦᠯᠵᠦ᠂ ᠬᠦᠮᠦᠨ ᠤ ᠬᠦᠴᠦ᠂ ᠪᠤᠳᠠᠰ ᠤᠨ  ᠬᠦᠴᠦᠨ  ᠢ ᠶᠡᠬᠡᠪᠡᠷ ᠠᠷᠪᠢᠯᠠᠵᠠᠢ᠃
      2020 ᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠡᠭᠦᠰᠦᠭᠰᠡᠨ ᠬᠤᠭᠤᠴᠠᠭᠠᠨ ᠲᠡᠷᠡ  ᠬᠠᠮᠤᠭ ᠲᠦᠷᠦᠬᠦᠨ ᠳᠤ ᠭᠠᠷᠮᠠᠭᠠᠶᠢᠯᠠᠨ ᠠᠵᠢᠯᠯᠠᠵᠤ ᠵᠠᠯᠭᠠᠪᠠᠷ ᠬᠤᠶᠠᠷ ᠰᠠᠷ᠎ᠠ ᠲᠠᠭᠠᠭᠠᠴᠢᠯᠠᠭᠰᠠᠨ ᠨᠡᠶᠢᠬᠡᠮ ᠲᠤᠭᠤᠷᠢᠭ ᠲᠤ ᠦᠢᠯᠡᠴᠢᠯᠡᠵᠡᠢ᠃ 2020 ᠣᠨ ᠤ 8 ᠰᠠᠷ᠎ᠠ ᠳᠤ ᠤᠷᠠᠳ ᠤᠨ ᠲᠠᠯ᠎ᠠ ᠨᠤᠳᠤᠭ ᠲᠤ ᠬᠤᠯᠤᠭᠠᠨ᠎ᠠ ᠬᠢᠵᠢᠭ ᠬᠡᠨᠡᠳᠳᠡ ᠪᠠᠷ ᠡᠬᠦᠰᠴᠦ᠂ ᠳ᠋ᠧᠩ ᠵᠢᠶᠤᠤ ᠨᠦᠬᠦᠳ ᠲᠠᠢ ᠪᠠᠨ ᠬᠠᠮᠳᠤ ᠬᠤᠯᠤᠭᠠᠨ᠎ᠠ ᠶᠢᠨ ᠨᠦᠬᠡ ᠪᠦᠭᠯᠡᠵᠦ ᠬᠤᠯᠤᠭᠠᠨ᠎ᠠ ᠶᠢᠨ ᠬᠤᠤᠷ ᠲᠠᠯᠪᠢᠵᠤ ᠶᠠᠭᠠᠷᠠᠵᠠᠢ᠃ ᠲᠡᠷᠡ ᠬᠦᠴᠢᠷ ᠠᠴᠠ ᠠᠶᠤᠬᠤ ᠦᠬᠡᠢ᠂ ᠬᠡᠵᠢᠶᠡᠳᠡ ᠬᠠᠮᠤᠭ ᠲᠦᠷᠦᠬᠦᠨ ᠳᠤ ᠵᠢᠳᠬᠦᠵᠦ᠂  ᠶᠡᠷᠡᠭᠡᠳ ᠤᠨ ᠳᠤ ᠲᠦᠷᠦᠭᠰᠡᠨ ᠨᠠᠮ ᠤᠨ ᠬᠡᠰᠢᠬᠦᠨ ᠤ ᠡᠭᠦᠷᠭᠡᠯᠡᠯ ᠲᠠᠢ ᠬᠠᠷᠢᠭᠤᠴᠠᠯᠭᠠᠳᠠᠢ ᠪᠠᠶᠢᠬᠤ ᠵᠤᠷᠢᠭ ᠰᠦᠯᠳᠡ ᠶᠢ  ᠬᠦᠢᠴᠡᠳ ᠢᠯᠡᠷᠡᠭᠦᠯᠵᠡᠢ᠃
    ᠡᠨᠡ ᠵᠢᠯ ᠤᠨ ᠰᠤᠮᠤ ᠪᠠᠯᠭᠠᠰᠤᠨ ᠤ ᠬᠤᠭᠤᠴᠠᠭ᠎ᠠ ᠰᠤᠯᠢᠬᠤ ᠦᠶ᠎ᠡ ᠳᠤ ᠳ᠋ᠧᠩ ᠵᠢᠶᠤᠤ ᠦᠬᠢᠨ ᠮᠢᠩᠭᠠᠨ ᠪᠠᠯᠭᠠᠰᠤᠨ ᠤ ᠵᠤᠬᠢᠶᠠᠨ ᠪᠠᠶᠢᠭᠤᠯᠬᠤ ᠬᠡᠰᠢᠬᠦᠨ ᠢᠶᠠᠷ ᠰᠤᠩᠭᠤᠭᠳᠠᠪᠠ᠃ ᠲᠡᠷᠡ ᠦᠪᠡᠷ ᠤᠨ ᠪᠡᠶ᠎ᠡ ᠲᠠᠭᠠᠨ ᠴᠢᠷᠮᠠᠶᠢᠨ ᠠᠵᠢᠯᠯᠠᠵᠤ ᠵᠠᠯᠠᠭᠤ ᠽᠠᠨᠳᠠᠨ ᠨᠠᠰᠤ ᠢᠶᠠᠨ ᠲᠠᠯᠠᠭᠠᠷ ᠦᠩᠭᠡᠷᠡᠭᠦᠯᠬᠦ ᠦᠬᠡᠢ᠂ ᠰᠢᠨ᠎ᠡ ᠡᠭᠦᠷᠭᠡ ᠰᠢᠨ᠎ᠡ ᠠᠶᠠᠨ ᠳᠤ ᠤᠷᠬᠢᠯᠤᠮ᠎ᠡ ᠬᠠᠯᠠᠭᠤᠨ ᠰᠡᠳᠭᠢᠯᠬᠡ ᠪᠠᠷ ᠪᠠᠰᠠ ᠨᠢᠬᠡ ᠣᠳᠠᠭᠠᠨ ᠤ ᠬᠦᠶᠦᠯᠳᠡ ᠶᠢᠨ ᠱᠤᠭᠤᠮ ᠲᠡᠭᠡᠷ᠎ᠡ ᠬᠦᠯᠦᠰᠦ  ᠪᠠᠨ ᠤᠷᠤᠰᠬᠠᠨ᠎ᠠ ᠬᠡᠰᠡᠨ ᠵᠤᠷᠢᠭ ᠢᠶᠠᠨ ᠢᠯᠡᠳᠭᠡᠵᠦ᠂ ᠰᠢᠨ᠎ᠡ  ᠬᠠᠷᠠᠯᠳᠠ ᠲᠤᠭᠳᠠᠭᠠᠭᠰᠠᠨ ᠪᠠᠶᠢᠨ᠎ᠠ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号