2021 ᠤᠨ ᠤ ᠨᠢᠯᠬ᠎ᠠ ᠬᠡᠦᠬᠡᠳ ᠤᠨ ᠡᠮᠨᠡᠯᠬᠡ ᠶᠢᠨ ᠲᠠᠭᠠᠳᠬᠠᠯ ᠳᠤ ᠤᠷᠤᠯᠴᠠᠬᠤ ᠲᠦᠷᠦ ᠶᠢᠨ ᠪᠤᠳᠤᠯᠭ᠎ᠠ ᠶᠢᠨ ᠰᠢᠨ᠎ᠡ ᠲᠤᠬᠢᠷᠠᠭᠤᠯᠤᠯᠳᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2021/6/3
    ᠤᠯᠤᠰ ᠤᠨ ᠡᠮ ᠡᠮᠨᠡᠯᠬᠡ ᠶᠢᠨ ᠲᠠᠭᠠᠳᠬᠠᠯ ᠲᠠᠷᠬᠠᠭᠠᠭᠰᠠᠨ[2021] 33 ᠳ᠋ᠤᠭᠠᠷ ᠲᠤᠭᠠᠳᠣ ᠪᠢᠴᠢᠭ ᠮᠠᠲ᠋ᠧᠷᠢᠶᠠᠯ ︿︿ᠦᠨᠳᠦᠰᠦᠨ ᠡᠮ ᠡᠮᠨᠡᠯᠬᠡ ᠶᠢᠨ ᠲᠠᠭᠠᠳᠬᠠᠯ ᠳᠤ ᠤᠷᠤᠯᠴᠠᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠣᠯᠣᠰ ᠤᠨ ᠡᠮ ᠡᠮᠨᠡᠯᠬᠡ ᠶᠢᠨ ᠲᠠᠭᠠᠳᠬᠠᠯ ᠤᠨ ᠲᠤᠪᠴᠢᠶ᠎ᠠ᠂ ᠡᠳ᠋ ᠤᠨ ᠵᠠᠰᠠᠭ ᠤᠨ ᠶᠠᠮᠣᠨ ᠤ ᠵᠢᠯᠤᠭᠤᠳᠬᠤ ᠰᠠᠨᠠᠯ﹀﹀   ᠤᠨ ᠵᠤᠷᠢᠭ ᠰᠠᠨᠠᠭ᠎ᠠ ᠶᠢ ᠦᠨᠳᠦᠰᠦᠯᠡᠨ᠄  ︿︿ᠨᠢᠯᠬ᠎ᠠ ᠬᠡᠦᠭᠡᠳ ᠤᠨ ᠲᠠᠭᠠᠳᠬᠠᠯ ᠳᠤ ᠤᠷᠤᠯᠴᠠᠬᠤ ᠲᠠᠩᠰᠠᠯᠠᠯᠳᠠ ᠬᠢᠬᠦ ᠳᠤ ᠦᠪᠡᠷ ᠤᠨ ᠵᠢᠩᠭᠢᠨᠢ ᠨᠡᠷ᠎ᠡ ᠪᠠ ᠪᠡᠶ᠎ᠡ ᠶᠢᠨ ᠦᠨᠡᠮᠯᠡᠯ ᠢ ᠬᠡᠷᠡᠭᠯᠡᠬᠦ ᠬᠡᠷᠡᠭᠳᠡᠢ᠃  ᠨᠢᠯᠬ᠎ᠠ ᠬᠡᠦᠬᠡᠳ ᠢ ᠲᠦᠷᠦᠭᠰᠡᠨ 90  ᠡᠳᠦᠷ ᠤᠨ ᠲᠤᠳᠤᠷ᠎ᠠ ᠬᠢᠨᠡᠨ ᠬᠠᠮᠠᠭᠠᠯᠠᠭᠴᠢ ᠨᠢ ᠬᠠᠮᠢᠶ᠎ᠠ ᠪᠦᠬᠦᠢ ᠲᠤᠭᠳᠠᠭᠠᠯ ᠶᠤᠰᠤᠭᠠᠷ ᠲᠠᠭᠠᠳᠬᠠᠯ ᠳᠤ ᠤᠷᠤᠯᠴᠠᠬᠤ ᠲᠠᠩᠰᠠᠯᠠᠯᠳᠠ ᠬᠢᠯᠬᠡᠵᠦ᠂ ᠲᠦᠷᠦᠭᠰᠡᠨ ᠡᠳᠦᠷ  ᠠᠴᠠ ᠨᠢ ᠡᠬᠢᠯᠡᠨ ᠪᠤᠢ ᠪᠤᠯᠤᠭᠰᠠᠨ ᠡᠮ ᠡᠮᠨᠡᠯᠬᠡ ᠶᠢᠨ ᠵᠠᠷᠤᠳᠠᠯ ᠢ ᠪᠦᠷ ᠲᠠᠭᠠᠳᠬᠠᠯ ᠳᠤ ᠤᠷᠤᠭᠤᠯᠵᠤ᠂ ᠲᠠᠩᠰᠠᠨ  ᠠᠴᠠ ᠲᠠᠶᠢᠯᠵᠦ ᠪᠤᠯᠤᠨ᠎ᠠ᠃ ᠠᠪᠤ ᠡᠵᠢ ᠶᠢᠨ ᠨᠠᠷ᠎ᠠ ᠪᠠᠷ ᠲᠠᠩᠰᠠᠯᠠᠭᠤᠯᠤᠭᠰᠠᠨ ᠨᠢᠯᠬ᠎ᠠ ᠬᠡᠦᠬᠡᠳ ᠢ ᠡᠮ ᠡᠮᠨᠡᠯᠬᠡ ᠶᠢᠨ ᠲᠠᠭᠠᠳᠬᠠᠯ ᠤᠨ ᠰᠠᠯᠠᠭ᠎ᠠ ᠮᠦᠴᠢᠷ ᠠᠴᠠ ᠬᠢᠨᠠᠨ ᠬᠠᠮᠠᠭᠠᠯᠠᠭᠴᠢ ᠶᠢ ᠲᠠᠷᠤᠢ ᠲᠦᠷᠭᠡᠨ ᠵᠠᠩᠭᠢ ᠮᠡᠳᠡᠭᠡ ᠶᠢ ᠰᠢᠨᠡᠳᠬᠡᠬᠦ ᠬᠡᠷᠡᠭᠳᠡᠢ﹀﹀ ᠬᠡᠵᠦ ᠱᠠᠭᠠᠷᠳᠠᠪᠠ᠃ ᠪᠠᠶᠠᠨᠨᠠᠭᠤᠷ ᠬᠤᠳᠠ ᠶᠢᠨ ᠡᠮ ᠡᠮᠨᠡᠯᠬᠡ ᠶᠢᠨ ᠲᠠᠭᠠᠳᠬᠠᠯ ᠤᠨ ᠲᠤᠪᠴᠢᠶ᠎ᠠ ᠶᠢᠨ ᠮᠡᠳᠡᠭᠳᠡᠯ ᠤᠨ ᠱᠠᠭᠠᠷᠳᠠᠯᠭ᠎ᠠ ᠪᠠᠷ 2021 ᠤᠨ ᠤ 1 ᠰᠠᠷᠠᠶᠢᠨ 1   ᠤ ᠡᠳᠦᠷ ᠠᠴᠠ ᠡᠬᠢᠯᠡᠨ ᠮᠠᠨ ᠤ  ᠬᠤᠳᠠ  ᠶᠢᠨ ᠡᠬᠡ ᠨᠢᠯᠬᠠᠰ ᠤᠨ ᠬᠠᠮᠳᠣ ᠪᠠᠷ ᠡᠳ᠋ᠯᠡᠬᠦ ᠲᠦᠷᠦ ᠶᠢᠨ ᠪᠤᠳᠤᠯᠭ᠎ᠠ ᠶᠢ ᠬᠦᠴᠦᠨ ᠦᠬᠡᠢ ᠪᠤᠯᠭᠠᠪᠠ᠃     ᠰᠠᠶ᠋ᠢ ᠲᠦᠷᠦᠭᠰᠡᠨ ᠨᠢᠯᠬ᠎ᠠ ᠬᠡᠦᠬᠡᠳ 90  ᠡᠳᠦᠷ ᠤᠨ ᠲᠤᠳᠤᠷ᠎ᠠ ᠲᠠᠭᠠᠳᠬᠠᠯ ᠳᠤ ᠤᠷᠤᠯᠴᠠᠨ ᠰᠦᠢᠳᠬᠡᠯ ᠲᠤᠰᠢᠶᠠᠭᠰᠠᠨ ᠤ ᠲᠡᠷᠡᠭᠠᠬᠢ ᠬᠠᠷᠠᠭᠠᠯᠵᠠᠯᠠᠯ ᠬᠦᠷᠳᠡᠭᠦ ᠴᠠᠭ ᠨᠢ ᠲᠦᠷᠦᠭᠰᠡᠨ ᠡᠳᠦᠷ ᠠᠴᠠ ᠲᠤᠰ ᠵᠢᠯ ᠤᠨ 12  ᠰᠠᠷᠠᠶᠢᠨ ᠡᠴᠦᠰ ᠬᠦᠷᠴᠦ᠂  ᠲᠠᠷᠠᠭ᠎ᠠ ᠵᠢᠯ ᠤᠨ ᠰᠦᠢᠳᠬᠡᠯ ᠢ ᠲᠡᠬᠢᠨ ᠲᠤᠰᠢᠶᠠᠬᠤ ᠬᠡᠷᠡᠭᠳᠡᠢ᠃ ᠦᠷᠭᠦᠯᠵᠢᠯᠡᠨ ᠲᠠᠭᠠᠳᠬᠠᠯ ᠳᠤ ᠤᠷᠤᠯᠴᠠᠬᠤ ᠰᠦᠢᠳᠬᠡᠯ ᠲᠤᠰᠢᠶᠠᠪᠠᠯ ᠦᠷᠬᠦᠯᠵᠢᠯᠡᠨ ᠡᠮ ᠡᠮᠨᠡᠯᠬᠡ ᠶᠢᠨ ᠲᠠᠭᠠᠳᠬᠠᠯ ᠤᠨ ᠬᠠᠷᠠᠭᠠᠯᠵᠠᠯᠠᠯ ᠬᠦᠷᠳᠡᠵᠦ ᠪᠤᠯᠤᠨ᠎ᠠ᠃ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠤ  ᠲᠠᠷᠠᠭ᠎ᠠ ᠬᠡᠷᠪᠡ ᠲᠠᠭᠠᠳᠬᠠᠯ ᠳᠤ ᠤᠷᠤᠯᠴᠠᠬᠤ ᠨᠦᠬᠦᠴᠡᠯ ᠳᠤ ᠨᠡᠶᠢᠴᠡᠬᠦ 90 ᠡᠳᠦᠷ ᠤᠨ ᠲᠤᠳᠤᠷ᠎ᠠ ᠲᠠᠭᠠᠳᠬᠠᠯ ᠳᠤ ᠤᠷᠤᠯᠴᠠᠬᠤ ᠭᠠᠷ ᠬᠦᠢᠴᠡᠳᠭᠡᠯ ᠢ ᠬᠢᠭᠰᠡᠨ ᠦᠬᠡᠢ ᠪᠤᠯ ᠲᠤᠰ ᠵᠢᠯ ᠤᠨ ᠲᠠᠭᠠᠳᠬᠠᠯ ᠳᠤ ᠤᠷᠤᠯᠴᠠᠬᠤ ᠡᠷᠭᠡ ᠪᠠᠨ ᠬᠠᠶᠠᠭᠰᠠᠨ  ᠢᠶᠠᠷ ᠦᠵᠡᠵᠦ᠂ ᠨᠢᠯᠬ᠎ᠠ ᠬᠡᠦᠬᠡᠳ ᠤᠨ ᠲᠦᠷᠦᠭᠰᠡᠨ ᠵᠢᠯ ᠤᠨ ᠲᠤᠳᠤᠷ᠎ᠠ ᠪᠤᠢ ᠪᠤᠯᠤᠭᠰᠠᠨ ᠠᠯᠢᠪᠠ ᠡᠮ ᠡᠮᠨᠡᠯᠬᠡ  ᠶᠢᠨ ᠵᠠᠷᠤᠳᠠᠯ ᠢ ᠡᠮ ᠡᠮᠨᠡᠯᠬᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠳᠤ ᠤᠷᠤᠭᠤᠯᠬᠤ ᠦᠬᠡᠢ᠃      ᠬᠦᠢᠴᠡᠳᠭᠡᠬᠦ ᠶᠠᠪᠤᠴᠠ᠄     1.  ᠡᠷᠦᠬᠡ ᠠᠮᠠ   ᠶᠢᠨ ᠲᠠᠩᠰᠠ ᠨᠢ ᠤᠷᠠᠳ ᠤᠨ ᠡᠮᠦᠨᠡᠳᠦ ᠬᠤᠰᠢᠭᠤᠨ ᠳᠤ ᠪᠠᠶᠢᠭ᠎ᠠ ᠨᠢᠯᠬ᠎ᠠ ᠬᠡᠦᠬᠡᠳ ︵ᠬᠤᠰᠢᠭᠤᠨ ᠤ ᠭᠠᠳᠠᠨ᠎ᠠ ᠲᠦᠷᠦᠭᠰᠡᠨ ᠤᠷᠠᠳ ᠤᠨ ᠡᠮᠦᠨᠡᠳᠦ ᠬᠤᠰᠢᠭᠤᠨ ᠳᠤ ᠡᠷᠦᠬᠡ ᠠᠮᠠ ᠲᠠᠢ ᠨᠢᠯᠬ᠎ᠠ ᠬᠡᠦᠬᠡᠳ  ᠢ ᠪᠠᠭᠳᠠᠭᠠᠨ᠎ᠠ︶ ᠬᠢᠨᠠᠨ ᠬᠠᠮᠠᠭᠠᠯᠠᠭᠴᠢ ᠨᠢ ᠨᠢᠯᠬ᠎ᠠ ᠬᠡᠦᠬᠡᠳ ᠤᠨ ᠲᠦᠷᠦᠭᠰᠡᠨ ᠠᠴᠠ ᠠᠪᠤᠭᠠᠳ 90  ᠡᠳᠦᠷ ᠤᠨ ᠲᠤᠳᠤᠷ᠎ᠠ ᠡᠷᠦᠬᠡ ᠠᠮᠠ ᠶᠢᠨ ᠲᠡᠪᠳᠡᠷ ᠢ ᠠᠪᠴᠤ ᠬᠤᠰᠢᠭᠤᠨ ᠤ ᠰᠢᠭᠤᠳ ᠬᠠᠷᠢᠶ᠎ᠠ ᠡᠮᠨᠡᠯᠬᠡ ᠶᠢᠨ ᠬᠤᠷᠢᠶ᠎ᠠ ︵ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠦ ᠶᠢᠨ ᠡᠮᠨᠡᠯᠬᠡ ᠶᠢᠨ ᠬᠤᠷᠢᠶ᠎ᠠ᠂ ᠪᠦᠸᠧ ᠠᠢ ᠡᠮᠨᠡᠯᠬᠡ ᠶᠢᠨ ᠬᠤᠷᠢᠶ᠎ᠠ︶ ᠳᠤ ᠬᠦᠷᠴᠦ᠂ ᠮᠡᠳᠡᠭᠡ ᠵᠠᠩᠭᠢ ᠶᠢᠨ ᠲᠠᠩᠰᠠᠯᠠᠯᠳᠠ ᠬᠢᠯᠬᠡᠵᠦ᠂ ᠲᠠᠩᠰᠠᠯᠠᠭᠰᠠᠨ ᠤ ᠲᠠᠷᠠᠭ᠎ᠠ᠂ ᠲᠠᠷᠠᠭ᠎ᠠ ᠭᠠᠷᠠᠭ ᠤᠨ  ᠭᠤᠷᠪᠠᠨ ᠠᠴᠠ ᠬᠤᠶᠢᠰᠢ ᠰᠦᠢᠳᠬᠡᠯ ᠲᠤᠰᠢᠶᠠᠨ᠎ᠠ᠃     2.  ᠰᠦᠢᠳᠭᠡᠯ ᠲᠤᠰᠢᠶᠠᠬᠤ ᠬᠡᠯᠪᠡᠷᠢ᠄  ᠭᠠᠶᠢᠯᠢ ᠶᠢᠨ ᠶᠠᠪᠤᠳᠠᠯ ᠤᠨ ᠰᠦᠯᠵᠢᠶᠡᠨ ᠲᠡᠭᠡᠷ᠎ᠡ ᠭᠠᠷ ᠤᠳᠠᠰᠤ  ᠪᠠᠷ ᠰᠦᠢᠳᠬᠡᠯ ᠲᠤᠰᠢᠶᠠᠨ᠎ᠠ᠃ ︵ᠸᠢᠴᠠᠲ ᠤᠨ ᠵᠢᠵᠢᠭ ᠫᠷᠤᠭ᠍ᠷᠡᠮ ᠤᠨ ᠠᠵᠢᠯᠯᠠᠬᠤ ᠯᠠᠪᠯᠠᠯᠳᠠ ᠶᠢᠨ ᠣᠳᠠᠰᠣ᠄ 3605140                                          ᠤᠷᠠᠳ ᠤᠨ ᠡᠮᠦᠨᠡᠳᠦ ᠬᠤᠰᠢᠭᠤᠨ ᠤ ᠡᠮ ᠡᠮᠨᠡᠯᠬᠡ ᠶᠢᠨ ᠲᠠᠭᠠᠳᠬᠠᠯ ᠤᠨ ᠲᠤᠪᠴᠢᠶ᠎ᠠ                                         2021 ᠤᠨ ᠤ 5  ᠰᠠᠷᠠᠶᠢᠨ 14   ᠤ ᠡᠳᠦᠷ
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号