ᠤᠯᠤᠰ ᠤᠨ ᠡᠮ ᠡᠮᠨᠡᠯᠬᠡ ᠶᠢᠨ ᠲᠠᠭᠠᠳᠬᠠᠯ ᠲᠠᠷᠬᠠᠭᠠᠭᠰᠠᠨ[2021] 33 ᠳ᠋ᠤᠭᠠᠷ ᠲᠤᠭᠠᠳᠣ ᠪᠢᠴᠢᠭ ᠮᠠᠲ᠋ᠧᠷᠢᠶᠠᠯ ︿︿ᠦᠨᠳᠦᠰᠦᠨ ᠡᠮ ᠡᠮᠨᠡᠯᠬᠡ ᠶᠢᠨ | ᠲᠠᠭᠠᠳᠬᠠᠯ ᠳᠤ ᠤᠷᠤᠯᠴᠠᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠣᠯᠣᠰ ᠤᠨ ᠡᠮ ᠡᠮᠨᠡᠯᠬᠡ ᠶᠢᠨ ᠲᠠᠭᠠᠳᠬᠠᠯ ᠤᠨ ᠲᠤᠪᠴᠢᠶ᠎ᠠ᠂ ᠡᠳ᠋ ᠤᠨ ᠵᠠᠰᠠᠭ | ᠤᠨ ᠶᠠᠮᠣᠨ ᠤ ᠵᠢᠯᠤᠭᠤᠳᠬᠤ ᠰᠠᠨᠠᠯ﹀﹀ ᠤᠨ ᠵᠤᠷᠢᠭ ᠰᠠᠨᠠᠭ᠎ᠠ ᠶᠢ ᠦᠨᠳᠦᠰᠦᠯᠡᠨ᠄ ︿︿ᠨᠢᠯᠬ᠎ᠠ ᠬᠡᠦᠭᠡᠳ ᠤᠨ ᠲᠠᠭᠠᠳᠬᠠᠯ ᠳᠤ ᠤᠷᠤᠯᠴᠠᠬᠤ ᠲᠠᠩᠰᠠᠯᠠᠯᠳᠠ ᠬᠢᠬᠦ | ᠳᠤ ᠦᠪᠡᠷ ᠤᠨ ᠵᠢᠩᠭᠢᠨᠢ ᠨᠡᠷ᠎ᠡ ᠪᠠ ᠪᠡᠶ᠎ᠡ ᠶᠢᠨ ᠦᠨᠡᠮᠯᠡᠯ ᠢ ᠬᠡᠷᠡᠭᠯᠡᠬᠦ ᠬᠡᠷᠡᠭᠳᠡᠢ᠃ ᠨᠢᠯᠬ᠎ᠠ ᠬᠡᠦᠬᠡᠳ ᠢ ᠲᠦᠷᠦᠭᠰᠡᠨ 90 ᠡᠳᠦᠷ ᠤᠨ ᠲᠤᠳᠤᠷ᠎ᠠ ᠬᠢᠨᠡᠨ | ᠬᠠᠮᠠᠭᠠᠯᠠᠭᠴᠢ ᠨᠢ ᠬᠠᠮᠢᠶ᠎ᠠ ᠪᠦᠬᠦᠢ ᠲᠤᠭᠳᠠᠭᠠᠯ ᠶᠤᠰᠤᠭᠠᠷ ᠲᠠᠭᠠᠳᠬᠠᠯ ᠳᠤ ᠤᠷᠤᠯᠴᠠᠬᠤ ᠲᠠᠩᠰᠠᠯᠠᠯᠳᠠ ᠬᠢᠯᠬᠡᠵᠦ᠂ ᠲᠦᠷᠦᠭᠰᠡᠨ ᠡᠳᠦᠷ ᠠᠴᠠ ᠨᠢ ᠡᠬᠢᠯᠡᠨ ᠪᠤᠢ | ᠪᠤᠯᠤᠭᠰᠠᠨ ᠡᠮ ᠡᠮᠨᠡᠯᠬᠡ ᠶᠢᠨ ᠵᠠᠷᠤᠳᠠᠯ ᠢ ᠪᠦᠷ ᠲᠠᠭᠠᠳᠬᠠᠯ ᠳᠤ ᠤᠷᠤᠭᠤᠯᠵᠤ᠂ ᠲᠠᠩᠰᠠᠨ ᠠᠴᠠ ᠲᠠᠶᠢᠯᠵᠦ ᠪᠤᠯᠤᠨ᠎ᠠ᠃ ᠠᠪᠤ ᠡᠵᠢ ᠶᠢᠨ ᠨᠠᠷᠠ ᠪᠠᠷ | ᠲᠠᠩᠰᠠᠯᠠᠭᠤᠯᠤᠭᠰᠠᠨ ᠨᠢᠯᠬ᠎ᠠ ᠬᠡᠦᠬᠡᠳ ᠢ ᠡᠮ ᠡᠮᠨᠡᠯᠬᠡ ᠶᠢᠨ ᠲᠠᠭᠠᠳᠬᠠᠯ ᠤᠨ ᠰᠠᠯᠠᠭ᠎ᠠ ᠮᠦᠴᠢᠷ ᠠᠴᠠ ᠬᠢᠨᠠᠨ ᠬᠠᠮᠠᠭᠠᠯᠠᠭᠴᠢ ᠶᠢ ᠲᠠᠷᠤᠢ ᠲᠦᠷᠭᠡᠨ ᠵᠠᠩᠭᠢ ᠮᠡᠳᠡᠭᠡ | ᠶᠢ ᠰᠢᠨᠡᠳᠬᠡᠬᠦ ᠬᠡᠷᠡᠭᠳᠡᠢ﹀﹀ ᠬᠡᠵᠦ ᠱᠠᠭᠠᠷᠳᠠᠪᠠ᠃ ᠪᠠᠶᠠᠨᠨᠠᠭᠤᠷ ᠬᠤᠳᠠ ᠶᠢᠨ ᠡᠮ ᠡᠮᠨᠡᠯᠬᠡ ᠶᠢᠨ ᠲᠠᠭᠠᠳᠬᠠᠯ ᠤᠨ ᠲᠤᠪᠴᠢᠶ᠎ᠠ ᠶᠢᠨ ᠮᠡᠳᠡᠭᠳᠡᠯ ᠤᠨ ᠱᠠᠭᠠᠷᠳᠠᠯᠭ᠎ᠠ ᠪᠠᠷ | 2021 ᠤᠨ ᠤ 1 ᠰᠠᠷᠠᠶᠢᠨ 1 ᠤ ᠡᠳᠦᠷ ᠠᠴᠠ ᠡᠬᠢᠯᠡᠨ ᠮᠠᠨ ᠤ ᠬᠤᠳᠠ ᠶᠢᠨ ᠡᠬᠡ ᠨᠢᠯᠬᠠᠰ ᠤᠨ ᠬᠠᠮᠳᠣ ᠪᠠᠷ ᠡᠳ᠋ᠯᠡᠬᠦ ᠲᠦᠷᠦ ᠶᠢᠨ ᠪᠤᠳᠤᠯᠭ᠎ᠠ ᠶᠢ ᠬᠦᠴᠦᠨ | ᠦᠬᠡᠢ ᠪᠤᠯᠭᠠᠪᠠ᠃ | ᠰᠠᠶ᠋ᠢ ᠲᠦᠷᠦᠭᠰᠡᠨ ᠨᠢᠯᠬ᠎ᠠ ᠬᠡᠦᠬᠡᠳ 90 ᠡᠳᠦᠷ ᠤᠨ ᠲᠤᠳᠤᠷ᠎ᠠ ᠲᠠᠭᠠᠳᠬᠠᠯ ᠳᠤ ᠤᠷᠤᠯᠴᠠᠨ ᠰᠦᠢᠳᠬᠡᠯ ᠲᠤᠰᠢᠶᠠᠭᠰᠠᠨ ᠤ ᠲᠡᠷᠡᠭᠠᠬᠢ ᠬᠠᠷᠠᠭᠠᠯᠵᠠᠯᠠᠯ | ᠬᠦᠷᠳᠡᠭᠦ ᠴᠠᠭ ᠨᠢ ᠲᠦᠷᠦᠭᠰᠡᠨ ᠡᠳᠦᠷ ᠠᠴᠠ ᠲᠤᠰ ᠵᠢᠯ ᠤᠨ 12 ᠰᠠᠷᠠᠶᠢᠨ ᠡᠴᠦᠰ ᠬᠦᠷᠴᠦ᠂ ᠲᠠᠷᠠᠭ᠎ᠠ ᠵᠢᠯ ᠤᠨ ᠰᠦᠢᠳᠬᠡᠯ ᠢ ᠲᠡᠬᠢᠨ ᠲᠤᠰᠢᠶᠠᠬᠤ ᠬᠡᠷᠡᠭᠳᠡᠢ | ᠃ ᠦᠷᠭᠦᠯᠵᠢᠯᠡᠨ ᠲᠠᠭᠠᠳᠬᠠᠯ ᠳᠤ ᠤᠷᠤᠯᠴᠠᠬᠤ ᠰᠦᠢᠳᠬᠡᠯ ᠲᠤᠰᠢᠶᠠᠪᠠᠯ ᠦᠷᠬᠦᠯᠵᠢᠯᠡᠨ ᠡᠮ ᠡᠮᠨᠡᠯᠬᠡ ᠶᠢᠨ ᠲᠠᠭᠠᠳᠬᠠᠯ ᠤᠨ ᠬᠠᠷᠠᠭᠠᠯᠵᠠᠯᠠᠯ ᠬᠦᠷᠳᠡᠵᠦ ᠪᠤᠯᠤᠨ᠎ᠠ᠃ | ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠤ ᠲᠠᠷᠠᠭ᠎ᠠ ᠬᠡᠷᠪᠡ ᠲᠠᠭᠠᠳᠬᠠᠯ ᠳᠤ ᠤᠷᠤᠯᠴᠠᠬᠤ ᠨᠦᠬᠦᠴᠡᠯ ᠳᠤ ᠨᠡᠶᠢᠴᠡᠬᠦ 90 ᠡᠳᠦᠷ ᠤᠨ ᠲᠤᠳᠤᠷ᠎ᠠ | ᠲᠠᠭᠠᠳᠬᠠᠯ ᠳᠤ ᠤᠷᠤᠯᠴᠠᠬᠤ ᠭᠠᠷ ᠬᠦᠢᠴᠡᠳᠭᠡᠯ ᠢ ᠬᠢᠭᠰᠡᠨ ᠦᠬᠡᠢ ᠪᠤᠯ ᠲᠤᠰ ᠵᠢᠯ ᠤᠨ ᠲᠠᠭᠠᠳᠬᠠᠯ ᠳᠤ ᠤᠷᠤᠯᠴᠠᠬᠤ ᠡᠷᠭᠡ ᠪᠠᠨ ᠬᠠᠶᠠᠭᠰᠠᠨ ᠢᠶᠠᠷ ᠦᠵᠡᠵᠦ᠂ | ᠨᠢᠯᠬ᠎ᠠ ᠬᠡᠦᠬᠡᠳ ᠤᠨ ᠲᠦᠷᠦᠭᠰᠡᠨ ᠵᠢᠯ ᠤᠨ ᠲᠤᠳᠤᠷ᠎ᠠ ᠪᠤᠢ ᠪᠤᠯᠤᠭᠰᠠᠨ ᠠᠯᠢᠪᠠ ᠡᠮ ᠡᠮᠨᠡᠯᠬᠡ ᠶᠢᠨ ᠵᠠᠷᠤᠳᠠᠯ ᠢ ᠡᠮ ᠡᠮᠨᠡᠯᠬᠡ ᠶᠢᠨ ᠲᠠᠭᠠᠳᠬᠠᠯ ᠤᠨ ᠲᠠᠩᠰᠠᠨ ᠠᠴᠠ | ᠲᠠᠶᠢᠯᠬᠤ ᠳᠤ ᠤᠷᠤᠭᠤᠯᠬᠤ ᠦᠬᠡᠢ᠃ | ᠬᠦᠢᠴᠡᠳᠭᠡᠬᠦ ᠶᠠᠪᠤᠴᠠ᠄ | 1. ᠡᠷᠦᠬᠡ ᠠᠮᠠ ᠶᠢᠨ ᠲᠠᠩᠰᠠ ᠨᠢ ᠤᠷᠠᠳ ᠤᠨ ᠡᠮᠦᠨᠡᠳᠦ ᠬᠤᠰᠢᠭᠤᠨ ᠳᠤ ᠪᠠᠶᠢᠭ᠎ᠠ ᠨᠢᠯᠬ᠎ᠠ ᠬᠡᠦᠬᠡᠳ ︵ᠬᠤᠰᠢᠭᠤᠨ ᠤ ᠭᠠᠳᠠᠨ᠎ᠠ ᠲᠦᠷᠦᠭᠰᠡᠨ ᠤᠷᠠᠳ | ᠤᠨ ᠡᠮᠦᠨᠡᠳᠦ ᠬᠤᠰᠢᠭᠤᠨ ᠳᠤ ᠡᠷᠦᠬᠡ ᠠᠮᠠ ᠲᠠᠢ ᠨᠢᠯᠬ᠎ᠠ ᠬᠡᠦᠬᠡᠳ ᠢ ᠪᠠᠭᠳᠠᠭᠠᠨ᠎ᠠ︶ ᠬᠢᠨᠠᠨ ᠬᠠᠮᠠᠭᠠᠯᠠᠭᠴᠢ ᠨᠢ ᠨᠢᠯᠬ᠎ᠠ ᠬᠡᠦᠬᠡᠳ ᠤᠨ ᠲᠦᠷᠦᠭᠰᠡᠨ ᠠᠴᠠ | ᠠᠪᠤᠭᠠᠳ 90 ᠡᠳᠦᠷ ᠤᠨ ᠲᠤᠳᠤᠷ᠎ᠠ ᠡᠷᠦᠬᠡ ᠠᠮᠠ ᠶᠢᠨ ᠲᠡᠪᠳᠡᠷ ᠢ ᠠᠪᠴᠤ ᠬᠤᠰᠢᠭᠤᠨ ᠤ ᠰᠢᠭᠤᠳ ᠬᠠᠷᠢᠶ᠎ᠠ ᠡᠮᠨᠡᠯᠬᠡ ᠶᠢᠨ ᠬᠤᠷᠢᠶ᠎ᠠ ︵ᠬᠤᠰᠢᠭᠤᠨ ᠤ | ᠠᠷᠠᠳ ᠤᠨ ᠡᠮᠨᠡᠯᠬᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠦ ᠶᠢᠨ ᠡᠮᠨᠡᠯᠬᠡ ᠶᠢᠨ ᠬᠤᠷᠢᠶ᠎ᠠ᠂ ᠪᠦᠸᠧ ᠠᠢ ᠡᠮᠨᠡᠯᠬᠡ ᠶᠢᠨ ᠬᠤᠷᠢᠶ᠎ᠠ︶ ᠳᠤ ᠬᠦᠷᠴᠦ᠂ | ᠮᠡᠳᠡᠭᠡ ᠵᠠᠩᠭᠢ ᠶᠢᠨ ᠲᠠᠩᠰᠠᠯᠠᠯᠳᠠ ᠬᠢᠯᠬᠡᠵᠦ᠂ ᠲᠠᠩᠰᠠᠯᠠᠭᠰᠠᠨ ᠤ ᠲᠠᠷᠠᠭ᠎ᠠ᠂ ᠲᠠᠷᠠᠭ᠎ᠠ ᠭᠠᠷᠠᠭ ᠤᠨ ᠭᠤᠷᠪᠠᠨ ᠠᠴᠠ ᠬᠤᠶᠢᠰᠢ ᠰᠦᠢᠳᠬᠡᠯ ᠲᠤᠰᠢᠶᠠᠨ᠎ᠠ᠃ | 2. ᠰᠦᠢᠳᠭᠡᠯ ᠲᠤᠰᠢᠶᠠᠬᠤ ᠬᠡᠯᠪᠡᠷᠢ᠄ ᠭᠠᠶᠢᠯᠢ ᠶᠢᠨ ᠶᠠᠪᠤᠳᠠᠯ ᠤᠨ ᠰᠦᠯᠵᠢᠶᠡᠨ ᠲᠡᠭᠡᠷ᠎ᠡ ᠭᠠᠷ ᠤᠳᠠᠰᠤ ᠪᠠᠷ ᠰᠦᠢᠳᠬᠡᠯ ᠲᠤᠰᠢᠶᠠᠨ᠎ᠠ᠃ ︵ᠸᠢᠴᠠᠲ ᠤᠨ | ᠵᠢᠵᠢᠭ ᠫᠷᠤᠭ᠍ᠷᠡᠮ ᠤᠨ ᠠᠵᠢᠯᠯᠠᠬᠤ ᠯᠠᠪᠯᠠᠯᠳᠠ ᠶᠢᠨ ᠣᠳᠠᠰᠣ᠄ 3605140 | | | ᠤᠷᠠᠳ ᠤᠨ ᠡᠮᠦᠨᠡᠳᠦ ᠬᠤᠰᠢᠭᠤᠨ ᠤ ᠡᠮ ᠡᠮᠨᠡᠯᠬᠡ ᠶᠢᠨ ᠲᠠᠭᠠᠳᠬᠠᠯ ᠤᠨ ᠲᠤᠪᠴᠢᠶ᠎ᠠ | 2021 ᠤᠨ ᠤ 5 ᠰᠠᠷᠠᠶᠢᠨ 14 ᠤ ᠡᠳᠦᠷ |