ᠬᠦᠳᠡᠭᠡ ᠲᠤᠰᠬᠤᠨ ᠤ ᠠᠬᠠᠮᠠᠳ ᠨᠠᠮ ᠤᠨ ᠬᠡᠰᠢᠬᠦᠨ ᠤ ᠠᠩᠬᠠᠨ ᠤ ᠰᠡᠳᠭᠢᠯ
ᠨᠡᠶᠢᠲᠡᠯᠡᠭᠰᠡᠨ ᠴᠠᠭ᠄
2021/7/12
     ᠶᠠᠩ ᠹᠦ᠋ ᠰᠢ ᠪᠤᠯ ᠨᠢᠬᠡᠨ ᠴᠡᠷᠢᠭ ᠠᠴᠠ ᠬᠠᠯᠠᠭᠳᠠᠭᠰᠠᠨ ᠠᠬᠠᠮᠠᠳ ᠨᠠᠮ ᠤᠨ ᠬᠡᠰᠢᠬᠦᠨ ᠶᠤᠮ᠂ ᠪᠠᠰᠠᠴᠤ 40 ᠭᠠᠷᠤᠢ ᠵᠢᠯ ᠤᠨ ᠲᠠᠷᠢᠶᠠᠯᠠᠬᠤ ᠲᠤᠷᠰᠢᠯᠭ᠎ᠠ ᠲᠠᠢ ᠠᠬᠠᠮᠠᠳ ᠲᠠᠷᠢᠶᠠᠴᠢᠨ ᠶᠤᠮ᠃ ᠵᠢᠷᠠᠨ ᠨᠠᠢᠮᠠᠳᠠᠢ ᠡᠪᠦᠬᠡᠨ ᠭᠤᠸᠠᠢ ᠦᠷ᠎ᠡ ᠠᠴᠢᠷ ᠬᠦᠯ ᠤᠷᠢᠶᠠᠵᠤ ᠪᠠᠶᠠᠷ ᠵᠢᠷᠭᠠᠯ ᠢᠶᠠᠨ ᠡᠳ᠋ᠯᠡᠬᠦ ᠨᠠᠰᠤᠨ ᠳᠤ ᠬᠦᠷᠦᠭᠰᠡᠨ ᠪᠤᠯᠪᠠᠴᠤ ᠲᠠᠷᠢᠶᠠᠨ  ᠳᠠᠭᠠᠨ ᠶᠠᠭᠠᠷᠠᠭᠠᠳ ᠰᠣᠷᠣᠭᠰᠠᠨ ᠬᠦᠮᠦᠨ ᠵᠦᠬᠡᠷ ᠰᠠᠭᠤᠵᠤ ᠴᠢᠳᠠᠬᠤ ᠦᠬᠡᠢ᠂ ᠲᠠᠷᠢᠶ᠎ᠠ ᠪᠠᠨ ᠰᠠᠶᠢᠬᠠᠨ ᠲᠠᠷᠢᠶ᠎ᠠ ᠬᠡᠰᠡᠨ ᠵᠤᠷᠢᠭ ᠨᠢ ᠵᠢᠯ ᠠᠴᠠ ᠵᠢᠯ ᠳᠤ ᠨᠡᠮᠡᠭᠳᠡᠵᠦ᠂ ᠤᠤᠯ ᠳᠠᠭᠠᠨ ᠬᠡᠳᠦᠨ ᠠᠷᠪᠠᠨ ᠮᠤ᠋ ᠲᠠᠷᠢᠶᠠᠯᠠᠵᠤ ᠪᠠᠶᠢᠭᠰᠠᠨ ᠪᠤᠯ ᠤᠳᠤ ᠪᠤᠯᠬᠤ ᠳᠤ 1000 ᠭᠠᠷᠤᠢ ᠮᠤ᠋ ᠪᠤᠯᠤᠨ ᠨᠡᠮᠡᠭᠳᠡᠪᠡ᠃ ᠰᠤᠷᠤᠯᠴᠠᠵᠤ ᠰᠤᠳᠤᠯᠬᠤ ᠲᠤᠷᠠᠳᠠᠢ ᠲᠠᠷᠠ ᠭᠤᠸᠠᠢ ᠲᠠᠰᠣᠷᠠᠯᠳᠠ ᠦᠬᠡᠢ ᠰᠢᠨ᠎ᠠ ᠶᠢ ᠰᠤᠷᠴᠤ ᠰᠢᠨ᠎ᠠ ᠶᠢ ᠡᠬᠦᠳᠦᠨ ᠲᠠᠷᠢᠵᠤ ᠠᠷᠠᠴᠢᠯᠠᠬᠤ ᠮᠡᠷᠭᠡᠵᠢᠯ ᠪᠠ ᠬᠠᠮᠢᠶᠠᠷᠤᠯᠳᠠ ᠶᠢᠨ ᠵᠠᠭᠪᠤᠷ ᠢᠶᠠᠨ ᠰᠢᠨᠠᠴᠢᠯᠠᠪᠠ᠃ ᠵᠢᠯᠤᠭᠤᠴᠢ ᠦᠬᠡᠢ ᠨᠢᠰᠬᠡᠯ ᠢᠶᠠᠷ ᠲᠠᠷᠢᠬᠤ ᠠᠷᠠᠴᠢᠯᠠᠬᠤ ᠪᠤᠷᠳᠤᠭᠤᠷ ᠤᠷᠤᠭᠤᠯᠬᠤ᠂ ᠡᠮ ᠰᠠᠴᠤᠬᠤ ᠵᠡᠷᠭᠡ ᠵᠠᠯᠠᠭᠤᠴᠤᠳ ᠤᠨ  ᠬᠡᠷᠡᠭᠯᠡᠳᠡᠭ ᠤᠳᠤᠬᠢᠴᠢᠯᠠᠭᠰᠠᠨ ᠰᠢᠨ᠎ᠠ ᠬᠡᠯᠪᠡᠷᠢ ᠶᠢᠨ ᠲᠠᠷᠢᠵᠤ ᠠᠷᠠᠴᠢᠯᠠᠬᠤ ᠮᠡᠷᠭᠡᠵᠢᠯ ᠢ ᠪᠦᠬᠦᠨ ᠢ ᠡᠵᠡᠮᠰᠢᠨ ᠭᠡᠷᠡᠭᠯᠡᠪᠡ᠃ ᠡᠨᠡ ᠵᠢᠯ ᠪᠦᠷᠭᠦᠪᠴᠢ ᠦᠬᠡᠢ ᠡᠷᠳᠡᠨᠢ ᠰᠢᠰᠢ ᠲᠠᠷᠢᠬᠤ ᠮᠡᠷᠭᠡᠵᠢᠯ ᠢ ᠠᠩᠬ᠎ᠠ ᠤᠳᠠᠭ᠎ᠠ ᠬᠡᠷᠡᠭᠯᠡᠨ᠂ ᠪᠤᠷᠳᠤᠭᠤᠷ ᠤᠷᠤᠭᠤᠯᠬᠤ᠂ ᠡᠮ ᠰᠠᠴᠤᠬᠤ ᠮᠡᠷᠭᠡᠵᠢᠯ ᠢ ᠨᠢᠬᠡ ᠴᠤᠭᠴᠠᠵᠢᠭᠤᠯᠬᠤ ᠬᠠᠮᠢᠶᠠᠷᠤᠯᠳᠠ ᠬᠢᠵᠦ᠂ ᠲᠤᠰᠦᠬᠡᠯᠡᠪᠡᠯ ᠡᠨᠡ ᠵᠢᠯ ᠤᠨ ᠮᠤ᠋ ᠪᠦᠷᠢ ᠶᠢᠨ ᠤᠨᠠᠯᠳᠠ ᠨᠢ 2300  ᠵᠢᠩ ᠪᠠᠶᠢᠭᠰᠠᠨ ᠠᠴᠠ 2700 ᠵᠢᠩ ᠪᠤᠯᠤᠨ ᠨᠡᠮᠡᠭᠳᠡᠬᠦ ᠪᠤᠯᠤᠨ᠎ᠠ᠃     ︿︿ᠨᠠᠮ ᠤᠨ ᠬᠡᠰᠢᠬᠦᠨ ᠪᠤᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠵᠦ᠂ ᠲᠦᠴᠢᠨ ᠵᠢᠯ ᠤᠨ ᠲᠠᠷᠢᠶᠠᠯᠠᠬᠤ ᠮᠡᠷᠭᠡᠵᠢᠯ ᠪᠠ ᠤᠯᠵᠤ ᠰᠤᠷᠤᠭᠰᠠᠨ ᠮᠡᠳᠡᠯᠬᠡ ᠪᠠᠨ ᠤᠯᠠᠨ ᠳᠤ ᠵᠢᠭᠠᠨ ᠦᠭᠴᠦ᠂ ᠬᠠᠮᠳᠤᠪᠠᠷ ᠤᠷᠤᠯᠭ᠎ᠠ ᠪᠠᠨ ᠨᠡᠮᠡᠭᠳᠡᠬᠦᠯᠦᠶ᠎ᠡ᠂ ᠨᠢᠬᠡ ᠬᠦᠮᠦᠨ ᠪᠠᠶᠠᠵᠢᠬᠤ ᠶᠢ ᠪᠠᠶᠠᠵᠢᠨ᠎ᠠ ᠬᠡᠳᠡᠭ ᠦᠬᠡᠢ᠂ ᠬᠠᠷᠢᠨ ᠪᠦᠬᠦᠳᠡᠭᠡᠷ ᠢᠶᠠᠨ ᠪᠠᠶᠠᠵᠢᠬᠤ ᠶᠢ ᠰᠠᠶ᠋ᠢ ᠪᠠᠶᠠᠵᠢᠨ᠎ᠠ ᠬᠡᠳᠡᠭ ᠶᠤᠮ﹀﹀ ᠬᠡᠵᠦ ᠶᠠᠩ ᠹᠦ᠋ ᠰᠢ ᠶᠠᠷᠢᠵᠤ ᠪᠠᠶᠢᠯ᠎ᠠ᠃ ᠤᠯᠠᠨ  ᠢ ᠲᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠵᠤ᠂ ᠨᠤᠳᠤᠭ ᠤᠨ ᠢᠶᠠᠨ ᠡᠨᠡᠬᠦ ᠦᠩ ᠰᠢᠮᠡᠯᠢᠭ ᠬᠦᠷᠦᠰᠦᠨ ᠲᠡᠭᠡᠷ᠎ᠡ ᠬᠦᠰᠡᠯ  ᠡᠷᠡᠮᠡᠯᠵᠡᠯᠡᠯ   ᠢᠶᠠᠨ ᠪᠡᠶᠡᠯᠡᠬᠦᠯᠬᠦ ᠳᠤ ᠲᠡᠷᠡ ᠢᠳᠡᠬᠡᠯ ᠲᠦᠬᠦᠷᠡᠩ ᠪᠠᠶᠢᠨ᠎ᠠ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号