ᠬᠢᠨᠠᠨ ᠵᠥᠪᠰᠢᠶᠡᠷᠡᠬᠦ ᠦᠢᠯᠡᠴᠢᠯᠡᠭᠡ ᠶᠢ ᠲᠦᠷᠭᠡᠳᠬᠡᠵᠦ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠶᠢ ᠬᠢᠯᠪᠠᠷ ᠪᠣᠯᠭᠠᠪᠠ
ᠨᠡᠶᠢᠲᠡᠯᠡᠭᠰᠡᠨ ᠴᠠᠭ᠄
2021/7/15
    ᠡᠨᠡ ᠵᠢᠯ ᠠᠴᠠ ᠨᠠᠰᠢ᠂ ᠤᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠢᠨᠠᠨ ᠵᠥᠪᠰᠢᠶᠡᠷᠡᠬᠦ ᠭᠠᠷ ᠭᠦᠢᠴᠡᠳᠭᠡᠯ ᠢ ᠰᠢᠯᠢᠳᠡᠭᠵᠢᠭᠦᠯᠬᠦ᠂ ᠴᠠᠭ ᠤᠨ ᠬᠢᠵᠠᠭᠠᠷ ᠢ ᠪᠠᠭᠠᠰᠬᠠᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃
    ᠶᠡᠷᠦ ᠠᠴᠠ᠂ ᠲᠥᠷᠥᠯ ᠵᠦᠢᠯ ᠤᠨ ᠬᠢᠨᠠᠨ ᠵᠦᠪᠰᠢᠶᠡᠷᠡᠬᠦ ᠴᠢᠬᠤᠯᠠᠲᠠᠢ ᠲᠥᠷᠥᠯ ᠵᠦᠢᠯ ᠣᠯᠠᠨ᠂ ᠵᠦᠢᠯᠡᠰ ᠪᠤᠳᠤᠯᠢᠶᠠᠨᠲᠠᠢ᠂ ᠬᠤᠯᠪᠣᠭᠠᠯᠠᠨ ᠰᠢᠢᠳᠪᠦᠷᠢᠯᠡᠬᠦ᠂ ᠰᠠᠯᠠᠭ᠎ᠠ ᠮᠥᠴᠢᠷ  ᠣᠯᠠᠨ ᠨᠢ ᠲᠥᠷᠥᠯ ᠵᠦᠢᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠪᠣᠯᠤᠭᠰᠠᠭᠠᠷ ᠢᠷᠡᠵᠡᠶ᠃ ᠡᠨᠡ ᠵᠢᠯ ᠠᠴᠠ ᠨᠠᠰᠢ᠂ ᠬᠤᠰᠢᠭᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠥᠷᠭᠡᠨ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠡᠳᠦᠶ ᠲᠡᠳᠦᠶ ᠠᠷᠭ᠎ᠠ ᠬᠡᠮᠵᠢᠶ᠎ᠡ ᠠᠪᠴᠤ᠂ ᠬᠤᠷᠢᠭᠯᠠᠯᠲᠠ ᠶᠢᠨ ᠴᠡᠭ ᠢ ᠡᠷᠡᠰ ᠨᠡᠪᠲᠡᠷᠡᠭᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠃
   ᠳᠣᠣᠷ᠎ᠠ ᠬᠤᠰᠢᠭᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠠᠴᠠ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠢ ᠣᠶᠢᠯᠠᠭᠠᠶ᠎ᠠ᠃    ᠦᠢᠯᠡᠴᠢᠯᠡᠭᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠬᠤᠰᠢᠭᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠠᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠬᠠᠮᠢᠶ᠎ᠠ ᠪᠥᠬᠦᠶ ᠬᠥᠮᠦᠰ ᠢ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ᠴᠣᠩᠬᠤᠪᠴᠢ ᠪᠠᠷ ᠲᠤᠬᠠᠶ ᠶᠢᠨ ᠲᠠᠯᠠᠪᠤᠷ ᠲᠤ ᠠᠵᠢᠯᠯᠠᠬᠤ ᠪᠠ ᠠᠰᠠᠭᠤᠨ ᠯᠠᠪᠯᠠᠬᠤ ᠦᠢᠯᠡᠴᠢᠯᠡᠭᠡ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ︽ᠴᠣᠩᠬᠤᠪᠴᠢ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠡᠪᠴᠡᠩ ᠢᠶᠠᠷ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠴᠣᠩᠬᠤᠪᠴᠢ ᠪᠠᠷ ᠮᠠᠲ᠋ᠧᠷᠢᠶᠠᠯ ᠭᠠᠷᠭᠠᠬᠤ︾ ᠠᠵᠢᠯ ᠤᠨ ᠵᠠᠭᠪᠤᠷ ᠢ ᠬᠡᠷᠡᠭᠵᠢᠭᠦᠯᠵᠦ᠂ ᠪᠠᠷᠢᠮᠵᠢᠶᠠᠵᠢᠭᠤᠯᠤᠭᠰᠠᠨ ᠠᠵᠢᠯ ᠤᠨ ᠲᠦᠷᠢᠮ ᠪᠠ ᠬᠡᠷᠡᠭ ᠭᠦᠢᠴᠡᠳᠭᠡᠬᠦ ᠵᠦᠭᠯᠡᠭᠦᠷ ᠢ ᠲᠣᠭᠲᠠᠭᠠᠵᠤ᠂ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ  ᠦᠢᠯᠡᠴᠢᠯᠡᠬᠦ ᠶᠢ ᠬᠡᠷᠡᠭᠵᠢᠭᠦᠯᠦᠨ᠂ ᠴᠤᠪᠤᠷᠠᠯ ᠢ ᠬᠦᠴᠦᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠰᠠᠶᠢᠵᠢᠷᠠᠯᠲᠠ ᠶᠢ ᠠᠬᠢᠭᠤᠯᠬᠤ ᠬᠡᠷᠡᠭᠲᠡᠶ᠃     1.ᠮᠠᠲ᠋ᠧᠷᠢᠶᠠᠯ ᠬᠠᠰᠤᠬᠤ     ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠮᠡᠳᠡᠭᠦᠯᠬᠦ ᠮᠠᠲ᠋ᠧᠷᠢᠶᠠᠯ ᠢ ᠡᠮᠬᠢᠯᠡᠨ ᠨᠡᠶᠢᠯᠡᠭᠦᠯᠵᠦ᠂ ︽ᠨᠢᠭᠡ ᠬᠦᠰᠦᠨᠦᠭᠲᠦ ᠪᠠᠷ ᠭᠤᠶᠤᠴᠢᠯᠠᠬᠤ︾ ᠶᠢ ᠠᠰᠢᠭᠯᠠᠨ᠂ ᠠᠵᠤ ᠠᠬᠤᠶᠢᠯᠠᠯ ᠪᠠ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ ᠶᠢᠨ ᠮᠠᠲ᠋ᠧᠷᠢᠶᠠᠯ ᠢ ᠨᠢᠭᠡ ᠯᠡ ᠤᠳᠠᠭ᠎ᠠ ᠳᠤ ᠬᠤᠷᠢᠶᠠᠨ ᠴᠤᠭᠯᠠᠭᠤᠯᠵᠤ᠂ ᠵᠠᠯᠭᠠᠭ᠎ᠠ ᠪᠠᠷ ᠳᠠᠬᠢᠨ ᠳᠠᠪᠲᠠᠨ ᠬᠡᠷᠡᠭᠯᠡᠵᠦ᠂ ᠳᠠᠪᠬᠤᠷᠳᠠᠭᠤᠯᠤᠨ ᠲᠠᠭᠯᠠᠬᠤ ᠪᠠ ᠳᠠᠪᠬᠤᠷᠳᠠᠭᠤᠯᠤᠨ ᠲᠤᠰᠢᠶᠠᠬᠤ ᠶᠢ ᠪᠠᠭᠠᠰᠬᠠᠨ᠂ ᠮᠠᠲ᠋ᠧᠷᠢᠶᠠᠯ ᠢ ᠭᠥᠯᠢᠶᠡᠨ ᠠᠪᠴᠤ  ᠰᠢᠢᠳᠪᠦᠷᠢᠯᠡᠬᠦ ᠪᠠᠷ ᠮᠠᠲ᠋ᠧᠷᠢᠶᠠᠯ ᠬᠠᠰᠤᠬᠤ ᠶᠢ ᠴᠣᠮᠬᠠᠳᠬᠠᠵᠤ᠂ ︽ᠨᠢᠭᠡ ᠯᠡ ᠤᠳᠠᠭ᠎ᠠ ᠳᠤ ᠲᠤᠰᠢᠶᠠᠬᠤ︾ ᠶᠢ ᠪᠡᠶᠡᠯᠡᠭᠦᠯᠪᠡ᠃     2 .ᠭᠤᠭᠴᠤᠭ᠎ᠠ ᠶᠢ ᠬᠠᠰᠤᠬᠤ     ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ ᠰᠠᠨᠠᠯ ᠤᠨ ᠪᠢᠴᠢᠭ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠬᠦ ᠶᠢᠨ ᠬᠠᠮᠲᠤ᠂ ᠪᠦᠬᠦᠨ ᠢᠶᠠᠷ ᠢᠶᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠳᠤ ᠲᠣᠬᠢᠷᠠᠭᠤᠯᠤᠨ ᠲᠥᠷᠥᠯ ᠬᠤᠪᠢᠶᠠᠨ ᠭᠥᠯᠢᠶᠡᠨ ᠠᠪᠴᠤ  ᠰᠢᠢᠳᠪᠦᠷᠢᠯᠡᠵᠦ᠂  ᠭᠦᠢᠴᠡᠳᠭᠡᠬᠦ ᠭᠤᠭᠴᠤᠭ᠎ᠠ ᠶᠢ ᠰᠢᠯᠢᠳᠡᠭᠵᠢᠭᠦᠯᠦᠨ᠂ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃     3.ᠴᠠᠭ ᠤᠨ ᠬᠢᠵᠠᠭᠠᠷ ᠢ ᠬᠠᠰᠤᠬᠤ     ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠠᠮᠠᠯᠠᠯᠲᠠ ᠶᠢᠨ ᠴᠠᠭ ᠤᠨ ᠬᠢᠵᠠᠭᠠᠷ ᠤᠨ ᠶᠣᠰᠣᠭᠠᠷ᠂ ᠭᠤᠤᠯᠳᠠᠯᠭ᠎ᠠ ᠲᠠᠢ ᠵᠦᠢᠯᠡᠰ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢ ᠬᠢᠨᠠᠨ ᠵᠥᠪᠰᠢᠶᠡᠷᠡᠬᠦ ᠵᠡᠷᠭᠡ ᠲᠠᠯ᠎ᠠ ᠪᠠᠷ ᠬᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠵᠤ᠂  ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ︽ᠨᠢᠭᠡ ᠯᠡ ᠤᠳᠠᠭ᠎ᠠ ᠳᠤ  ᠭᠦᠢᠴᠡᠳᠭᠡᠵᠦ ᠳᠠᠭᠤᠰᠬᠠᠬᠤ︾ ᠶᠢ ᠪᠡᠶᠡᠯᠡᠭᠦᠯᠦᠨ᠎ᠡ᠃     4. ᠭᠦᠶᠦᠯᠲᠡ ᠶᠢ ᠪᠠᠭᠠᠰᠬᠠᠬᠤ     ᠨᠢᠭᠡ ᠤᠳᠠᠭ᠎ᠠ ᠶᠢᠨ ᠴᠢᠨᠠᠷᠲᠠᠶ ᠠᠮᠠᠯᠠᠯᠲᠠ ᠶᠢᠨ ᠮᠡᠳᠡᠭᠳᠡᠬᠦ ᠪᠢᠴᠢᠭ ᠢᠶᠠᠷ ᠳᠠᠮᠵᠢᠭᠤᠯᠤᠨ᠂ ᠭᠤᠶᠤᠴᠢᠯᠠᠯ ᠤᠨ ᠮᠠᠲ᠋ᠧᠷᠢᠶᠠᠯ ᠢ ᠲᠣᠳᠣᠷᠬᠠᠶ ᠪᠥᠭᠡᠳ ᠨᠠᠷᠢᠯᠢᠬᠵᠢᠭᠤᠯᠵᠤ᠂ ᠭᠤᠶᠤᠴᠢᠯᠠᠭᠴᠢ ᠶᠢᠨ ᠮᠠᠲ᠋ᠧᠷᠢᠶᠠᠯ ᠢ ᠨᠢᠭᠡ ᠤᠳᠠᠭ᠎ᠠ ᠳᠤ ᠪᠦᠷᠢᠨ ᠭᠦᠢᠴᠡᠳ ᠪᠡᠯᠡᠳᠬᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠦᠨ᠎ᠡ᠃    
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号