︽︿ᠮᠥᠩᠬᠡ ᠰᠤᠪᠠᠭ﹀ ᠢ ᠲᠦᠷᠭᠡᠳᠬᠡᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/7/15
  ᠨᠢᠭᠡ᠂ ︽ᠲᠥᠰᠦᠯ︾ ᠢ ᠲᠣᠭᠲᠠᠭᠠᠬᠤ ᠦᠨᠳᠦᠰᠦᠯᠡᠯ 【 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠴᠠᠬᠢᠮ ᠠᠯᠪᠠᠨ ᠭᠡᠷ﹀ ᠢ ᠪᠦᠷᠢᠨ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ﹀ ︽ᠠᠯᠠᠱᠠ ᠠᠶᠢᠮᠠᠭ ᠤᠨ ︿ᠮᠥᠩᠬᠡ ᠰᠤᠪᠠᠭ · ᠴᠠᠬᠢᠮ ᠠᠯᠪᠠᠨ ᠭᠡᠷ﹀ ᠢ ᠲᠦᠷᠭᠡᠳᠬᠡᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾   ᠬᠤᠶᠠᠷ᠂ ︽ᠥᠪᠥᠷ ᠮᠣᠩᠭᠤᠯ ᠤᠨ ᠲᠦᠷᠭᠡᠨ ᠬᠥᠭᠵᠢᠯᠲᠡ ᠶᠢᠨ ᠠᠯᠪᠠᠨ ᠬᠡᠷ · ᠴᠠᠬᠢᠮ ᠠᠯᠪᠠᠨ ᠭᠡᠷ︾ ᠤᠨ ᠲᠣᠪᠴᠢ ᠲᠣᠭᠠᠴᠢᠯᠲᠠ   ︽ᠮᠥᠩᠬᠡ ᠰᠤᠪᠠᠭ · ᠴᠠᠬᠢᠮ ᠠᠯᠪᠠᠨ ᠭᠡᠷ︾ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠪᠥᠬᠦ ᠣᠷᠣᠨ ᠤ ᠴᠤᠭᠴᠠᠵᠢᠭᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠵᠢᠴᠢ ᠠᠳᠠᠯᠢ ᠪᠤᠰᠤ ᠠᠬᠤᠶ ᠲᠠᠯᠠᠪᠤᠷ ᠲᠠᠬᠢ ᠮᠡᠷᠭᠡᠨ ᠴᠣᠬᠤᠷ ᠢ ᠬᠠᠭᠤᠯᠵᠤ ᠦᠨᠡᠮᠯᠡᠯ ᠢᠶᠠᠨ ᠢᠯᠡᠷᠡᠭᠦᠯᠬᠦ ᠴᠢᠬᠤᠯᠠ ᠪᠠᠭᠠᠵᠢ ᠬᠡᠷᠡᠭᠰᠡᠯ ᠢ ᠬᠡᠷᠡᠭᠯᠡᠨ᠂ ᠨᠠᠩ ᠣᠯᠠᠨ ᠥᠨᠳᠥᠷ ᠳᠠᠪᠲᠠᠮᠵᠢᠲᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠴᠠᠬᠢᠮ ᠢᠶᠠᠷ ᠭᠦᠢᠴᠡᠳᠬᠡᠬᠦ ᠶᠢ ᠠᠬᠢᠭᠤᠯᠵᠤ᠂ ᠣᠯᠠᠨ ᠲᠦᠮᠡᠨ ᠳᠤ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ ᠤᠨ ᠲᠥᠬᠦᠮ ᠨᠥᠬᠦᠴᠡᠯ ᠢ ᠡᠳ᠋ᠯᠡᠭᠦᠯᠦᠨ᠎ᠡ᠃   ᠭᠤᠷᠪᠠ᠂ ︽ᠮᠥᠩᠬᠡ ᠰᠤᠪᠠᠭ · ᠴᠠᠬᠢᠮ ᠠᠯᠪᠠᠨ ᠭᠡᠷ︾ ᠢ ᠠᠬᠢᠭᠤᠯᠬᠤ ᠬᠠᠷᠠᠯᠲᠠ   ︽ᠨᠢᠭᠡ ᠲᠠᠪᠴᠠᠩ᠂ ᠣᠯᠠᠨ ᠠᠷᠭ᠎ᠠ ᠵᠠᠮ᠂ ᠥᠷᠭᠡᠨ ᠢᠶᠠᠷ ᠬᠠᠮᠤᠷᠬᠤ︾ ᠰᠡᠳᠬᠢᠴᠡ ᠪᠠᠷ᠂ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠭᠤᠤᠯ ᠠᠷᠭ᠎ᠠ ᠵᠠᠮ ᠪᠣᠯᠭᠠᠭᠰᠠᠨ᠂ ᠴᠠᠬᠢᠮ ᠰᠦᠯᠵᠢᠶᠡᠨ ᠤ ᠵᠢᠵᠢᠭ ᠫᠷᠤᠭ᠍ᠷᠠᠮ᠂ ᠣᠯᠠᠨ ᠨᠡᠶᠢᠲᠡ ᠶᠢᠨ ᠳ᠋ᠤᠭᠠᠷ ᠵᠡᠷᠭᠡ ᠣᠯᠠᠨ ᠠᠷᠭ᠎ᠠ ᠵᠠᠮ ᠢᠶᠠᠷ ᠵᠡᠷᠭᠡᠪᠡᠷ ᠣᠷᠣᠰᠢᠭᠰᠠᠨ ᠨᠢᠭᠡᠳᠦᠯᠲᠡᠶ ᠵᠢᠷᠤᠮᠵᠢᠭᠰᠠᠨ ︽ᠮᠥᠩᠬᠡ ᠰᠤᠪᠠᠭ · ᠴᠠᠬᠢᠮ ᠢᠶᠠᠷ ᠠᠯᠪᠠᠨ ᠬᠡᠷ︾ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ︽ᠮᠥᠩᠬᠡ ᠰᠤᠪᠠᠭ · ᠴᠠᠬᠢᠮ ᠢᠶᠠᠷ ᠠᠯᠪᠠᠨ ᠬᠡᠷ︾ ᠤᠨ ᠠᠵᠢᠯ ᠤᠨ ᠵᠣᠷᠢᠯᠭ᠎ᠠ ᠨᠢ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠥᠷᠲᠡᠭᠡᠨ ᠤ ᠮᠠᠶ᠋ᠢᠭ︾ ᠤᠨ ᠴᠠᠬᠢᠮ ᠢᠶᠠᠷ ᠪᠠᠶᠢᠴᠠᠭᠠᠨ ᠯᠠᠪᠯᠠᠬᠤ᠂ ᠴᠠᠬᠢᠮ ᠢᠶᠠᠷ ᠤᠷᠢᠳᠴᠢᠯᠠᠨ ᠪᠣᠯᠵᠣᠬᠤ᠂ ᠴᠠᠬᠢᠮ ᠢᠶᠠᠷ ᠭᠦᠢᠴᠡᠳᠬᠡᠬᠦ᠂ ᠴᠠᠬᠢᠮ ᠢᠶᠠᠷ ᠦᠨᠡᠯᠡᠬᠦ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢ ᠳᠥᠯᠭᠢᠨ ᠠᠬᠢᠭᠤᠯᠤᠨ᠎ᠠ᠃ ᠡᠭᠦᠨ ᠤ ᠵᠡᠷᠭᠡ ᠳᠤ᠂ ︽ᠮᠥᠩᠬᠡ ᠰᠤᠪᠠᠭ︾ ᠤᠨ APP ᠨᠢ ᠪᠠᠰᠠ ᠠᠷᠠᠳ ᠲᠤ ᠲᠥᠬᠦᠮ ᠦᠵᠡᠭᠦᠯᠬᠦ ᠣᠯᠠᠨ ᠦᠢᠯᠡᠴᠢᠯᠡᠭᠡ ᠬᠠᠩᠭᠠᠵᠤ᠂ 24 ᠴᠠᠭ ᠤᠨ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ ᠤᠨ ᠲᠥᠬᠦᠮ ᠨᠥᠬᠦᠴᠡᠯ ᠢ ᠡᠳ᠋ᠯᠡᠭᠦᠯᠵᠦ᠂ ︽ᠮᠥᠩᠬᠡ ᠰᠤᠪᠠᠭ︾ ᠤᠨ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠷᠠᠳ ᠣᠯᠠᠨ ᠤ ︽ᠰᠠᠶᠢᠬᠠᠨ ᠪᠥᠭᠡᠳ ᠬᠡᠷᠡᠭᠯᠡᠬᠦ ᠳᠤ ᠰᠠᠶᠢᠨ᠂ ᠦᠵᠡᠬᠦ ᠳᠤᠷᠠᠲᠠᠶ ᠬᠡᠷᠡᠭᠯᠡᠬᠦ ᠳᠤᠷᠠᠲᠠᠶ᠂ ᠦᠷᠭᠦᠯᠵᠢ ᠦᠵᠡᠵᠦ ᠦᠷᠭᠦᠯᠵᠢ ᠬᠡᠷᠡᠭᠯᠡᠬᠦ ᠂ ᠵᠠᠪᠠᠯ ᠦᠵᠡᠵᠦ ᠵᠠᠪᠠᠯ ᠬᠡᠷᠡᠭᠯᠡᠬᠦ︾ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠣᠯᠭᠠᠨ ᠪᠣᠶ ᠪᠣᠯᠭᠠᠵᠠᠶ᠃   ᠳᠥᠷᠪᠡ᠂ ︽ᠮᠥᠩᠬᠡ ᠰᠤᠪᠠᠭ · ᠴᠠᠬᠢᠮ ᠠᠯᠪᠠᠨ ᠭᠡᠷ︾ ᠢ ᠬᠡᠷᠡᠭᠵᠢᠭᠦᠯᠬᠦ ᠵᠠᠷᠴᠢᠮ   ︵ᠨᠢᠭᠡ︶ ᠳᠡᠯᠭᠡᠷᠡᠭᠦᠯᠦᠨ ᠬᠡᠷᠡᠭᠯᠡᠬᠦ᠃ ᠥᠪᠡᠷᠲᠡᠭᠡᠨ ᠵᠠᠰᠠᠬᠤ ᠣᠷᠣᠨ ᠤ ᠮᠥᠩᠬᠡ ᠰᠤᠪᠠᠭ ᠤᠨ ᠴᠠᠬᠢᠮ ᠬᠤᠯᠪᠣᠭᠠᠨ ᠤ ᠪᠠᠷᠢᠮᠵᠢᠶ᠎ᠠ ᠶᠢᠨ ᠵᠢᠷᠤᠮᠵᠢᠯ ᠪᠠ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠪᠴᠠᠩ ᠤᠨ ᠠᠮᠤᠷ ᠲᠦᠪᠰᠢᠨ ᠡᠮᠬᠢ ᠵᠢᠷᠤᠮ ᠲᠠᠢ ᠴᠠᠬᠢᠮ ᠦᠨᠡᠮᠯᠡᠯ ᠤᠨ ᠬᠡᠷᠡᠭᠯᠡᠯᠲᠡ ᠶᠢ ᠴᠢᠩᠭᠠᠳᠬᠠᠵᠤ᠂ ᠦᠯᠡᠳᠡᠭᠡᠯ ᠲᠤᠭ᠎ᠠ ᠪᠠᠷᠢᠮᠲᠠ ᠶᠢ ᠴᠤᠭᠯᠠᠭᠤᠯᠬᠤ ᠶᠢᠨ ᠬᠠᠮᠲᠤ ᠴᠠᠬᠢᠮ ᠲᠠᠮᠠᠭ᠎ᠠ ᠶᠢ ᠳᠠᠷᠤᠬᠤ ᠶᠢ ᠪᠦᠷᠢᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠮᠡᠷᠭᠡᠨ ᠴᠣᠬᠤᠷ ᠢ ᠬᠠᠭᠤᠯᠵᠤ ᠭᠡᠷᠡᠴᠢ ᠢᠯᠡᠷᠡᠭᠦᠯᠬᠦ ᠶᠢ ᠳᠡᠮᠵᠢᠨ᠎ᠡ᠃   ︵ᠬᠤᠶᠠᠷ︶ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ ᠠᠯᠠᠱᠠ ᠵᠡᠭᠦᠨ ᠬᠤᠰᠢᠭᠤᠨ ᠤ ᠴᠠᠬᠢᠮ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡᠨ ᠤ ᠡᠬᠢ ᠪᠠᠶᠠᠯᠢᠭ ᠵᠢᠴᠢ ᠡᠯ᠎ᠡ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠪᠦᠷᠢᠨ ᠡᠮᠬᠢᠯᠡᠨ ᠳᠢᠭᠯᠡᠵᠦ᠂ ᠨᠠᠩ ᠣᠯᠠᠨ ᠥᠨᠳᠥᠷ ᠳᠠᠪᠲᠠᠮᠵᠢᠲᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠴᠠᠬᠢᠮ ᠢᠶᠠᠷ ᠭᠦᠢᠴᠡᠳᠬᠡᠵᠦ ᠪᠣᠯᠬᠤ᠂ ᠯᠠᠪᠠᠯᠵᠤ ᠪᠣᠯᠬᠤ ᠶᠢ ᠳᠥᠯᠭᠢᠨ ᠠᠬᠢᠭᠤᠯᠤᠨ᠎ᠠ᠃    ︵ᠭᠤᠷᠪᠠ︶ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠠᠵᠢᠯ ᠬᠤᠪᠢᠶᠠᠷᠢᠯᠠᠨ ᠬᠠᠷᠢᠭᠤᠴᠠᠭᠰᠠᠨ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠤᠯᠵᠤ ᠪᠠᠲᠤᠯᠠᠬᠤ ᠰᠢᠰᠲ᠋ᠧᠮᠵᠢ ᠶᠢ ᠪᠣᠶ ᠪᠣᠯᠭᠠᠵᠤ᠂ ︽ᠲᠤᠷᠰᠢᠨ ᠬᠡᠷᠡᠭᠯᠡᠬᠦ ᠠᠵᠢᠯᠲᠠᠨ︾ ᠤ ︽ᠳᠤᠲᠠᠭᠳᠠᠯ ᠢᠶᠠᠨ ᠡᠷᠢᠬᠦ︾ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠡᠷᠡᠭᠯᠡᠭᠴᠢ ᠶᠢᠨ ᠣᠶᠢᠯᠠᠭᠠᠯᠲᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ᠲᠠᠪᠴᠠᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠨ᠎ᠡ᠃    ᠲᠠᠪᠤ᠂ ︽ᠮᠥᠩᠬᠡ ᠰᠤᠪᠠᠭ · ᠴᠠᠬᠢᠮ ᠠᠯᠪᠠᠨ ᠭᠡᠷ︾ ᠢ ᠬᠡᠷᠡᠭᠵᠢᠭᠦᠯᠬᠦ ᠬᠡᠪᠴᠢᠶ᠎ᠡ ᠪᠥᠬᠦ ᠬᠤᠰᠢᠭᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠪᠥᠬᠦᠶ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠃    ᠵᠢᠷᠭᠤᠭ᠎ᠠ᠂ ︽ᠮᠥᠩᠬᠡ ᠰᠤᠪᠠᠭ · ᠴᠠᠬᠢᠮ ᠠᠯᠪᠠᠨ ᠭᠡᠷ︾ ᠢ ᠬᠡᠷᠡᠭᠵᠢᠭᠦᠯᠬᠦ ᠴᠠᠭ 2021 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠯᠡᠳᠬᠡᠯ ᠠᠵᠢᠯ ᠢ ᠳᠠᠭᠤᠰᠬᠠᠵᠤ᠂ ᠨᠠᠩ ᠣᠯᠠᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠮᠥᠩᠬᠡ ᠰᠤᠪᠠᠭ ᠤᠨ ᠰᠦᠯᠵᠢᠶᠡᠨ ᠳᠤ ᠨᠡᠪᠲᠡᠷᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号