︽ᠮᠥᠩᠬᠡ ᠰᠤᠪᠠᠭ ᠴᠠᠬᠢᠮ ᠠᠯᠪᠠᠨ ᠭᠡᠷ︾ ᠤᠨ ᠠᠵᠢᠯ ᠤᠨ ᠬᠡᠷᠡᠭᠵᠢᠭᠦᠯᠬᠦ ᠲᠥᠰᠦᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/7/15
  ᠨᠢᠭᠡ᠄ ᠠᠵᠢᠯ ᠤᠨ ᠬᠠᠷᠠᠯᠲᠠ   ︽ᠨᠢᠭᠡ ᠲᠠᠪᠴᠠᠩ᠂ ᠣᠯᠠᠨ ᠠᠷᠭ᠎ᠠ ᠵᠠᠮ᠂ ᠥᠷᠭᠡᠨ ᠢᠶᠠᠷ ᠬᠠᠮᠤᠷᠬᠤ︾ ᠰᠡᠳᠬᠢᠮᠵᠢ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠨᠢ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠬᠠᠮᠲᠤᠪᠠᠷ ᠪᠠᠶᠢᠭᠤᠯᠵᠤ ᠬᠠᠮᠲᠤ ᠪᠠᠷ ᠬᠡᠷᠡᠭᠯᠡᠨ᠎ᠡ ︵︽ᠮᠥᠩᠬᠡ ᠰᠤᠪᠠᠭ︾ ᠤᠨ APP ᠭᠡᠵᠦ ᠲᠣᠪᠴᠢᠯᠠᠨ᠎ᠠ︶ ᠶᠢ ᠬᠠᠮᠲᠤᠪᠠᠷ ᠪᠠᠶᠢᠭᠤᠯᠤᠨ᠎ᠠ᠃ ︽ᠮᠥᠩᠬᠡ ᠰᠤᠪᠠᠭ · ᠴᠠᠬᠢᠮ ᠠᠯᠪᠠᠨ ᠭᠡᠷ︾ ᠤᠨ ᠠᠵᠢᠯ ᠢ ᠠᠬᠢᠭᠤᠯᠬᠤ ᠶᠢᠨ ᠵᠣᠷᠢᠯᠭ᠎ᠠ ᠨᠢ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠠ ᠤᠳᠠᠭ᠎ᠠ ᠳᠤ ᠭᠦᠢᠴᠡᠳᠬᠡᠬᠦ︾ ᠴᠠᠬᠢᠮ ᠢᠶᠠᠷ ᠪᠠᠶᠢᠴᠠᠭᠠᠨ ᠯᠠᠪᠯᠠᠬᠤ᠂ ᠴᠠᠬᠢᠮ ᠢᠶᠠᠷ ᠤᠷᠢᠳᠴᠢᠯᠠᠨ ᠪᠣᠯᠵᠣᠬᠤ᠂ ᠴᠠᠬᠢᠮ ᠢᠶᠠᠷ ᠭᠦᠢᠴᠡᠳᠬᠡᠬᠦ᠂ ᠴᠠᠬᠢᠮ ᠢᠶᠠᠷ ᠦᠨᠡᠯᠡᠯᠲᠡ ᠶᠢᠨ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠡᠭᠦᠨ ᠤ ᠵᠡᠷᠭᠡ ᠳᠤ᠂ ︽ᠮᠥᠩᠬᠡ ᠰᠤᠪᠠᠭ︾ ᠤᠨ APP ᠨᠢ ᠪᠠᠰᠠ ᠣᠯᠠᠨ ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ 24 ᠴᠠᠭ ᠤᠨ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ ᠤᠨ ᠲᠥᠬᠦᠮ ᠨᠥᠬᠦᠴᠡᠯ ᠢ ᠡᠳ᠋ᠯᠡᠭᠦᠯᠵᠦ᠂ ︽ᠮᠥᠩᠬᠡ ᠰᠤᠪᠠᠭ︾ ᠴᠠᠬᠢᠮ ᠵᠠᠰᠠᠭ ᠤᠨ ᠦᠢᠯᠡᠴᠢᠯᠡᠭᠡᠨ ᠤ ᠲᠠᠪᠴᠠᠩ ᠢ ᠠᠷᠠᠳ ᠣᠯᠠᠨ ᠤ ︽ᠰᠠᠶᠢᠬᠠᠨ ᠪᠥᠭᠡᠳ ᠬᠡᠷᠡᠭᠯᠡᠬᠦ ᠳᠤ ᠰᠠᠶᠢᠨ᠂ ᠦᠵᠡᠬᠦ ᠳᠤᠷᠠᠲᠠᠶ ᠬᠡᠷᠡᠭᠯᠡᠬᠦ ᠳᠤᠷᠠᠲᠠᠶ᠂ ᠦᠷᠭᠦᠯᠵᠢ ᠦᠵᠡᠵᠦ ᠦᠷᠭᠦᠯᠵᠢ ᠬᠡᠷᠡᠭᠯᠡᠬᠦ᠂ ᠵᠠᠪᠠᠯ ᠦᠵᠡᠵᠦ ᠵᠠᠪᠠᠯ ᠬᠡᠷᠡᠭᠯᠡᠬᠦ︾ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠣᠯᠭᠠᠨ ᠪᠣᠶ ᠪᠣᠯᠭᠠᠵᠠᠶ   ᠬᠤᠶᠠᠷ᠄ ᠭᠤᠣᠯ ᠡᠭᠦᠷᠭᠡ   ︵ᠨᠢᠭᠡ︶ ᠴᠠᠬᠢᠮ ᠦᠨᠡᠮᠯᠡᠯ ᠤᠨ ᠬᠡᠷᠡᠭᠯᠡᠯᠲᠡ ᠶᠢ ᠴᠢᠩᠭᠠᠷᠠᠭᠤᠯᠤᠨ᠎ᠠ   ᠴᠠᠬᠢᠮ ᠦᠨᠡᠮᠯᠡᠯ ᠢ ᠴᠤᠭᠯᠠᠭᠤᠯᠤᠨ ᠳᠡᠭᠡᠭᠰᠢ ᠳᠠᠮᠵᠢᠭᠤᠯᠬᠤ ᠶᠢ ᠦᠷᠭᠦᠯᠵᠢᠯᠡᠨ ᠥᠷᠨᠢᠭᠦᠯᠵᠦ᠂ ᠦᠨᠡᠮᠯᠡᠯ ᠤᠨ ᠲᠤᠭ᠎ᠠ ᠪᠠᠷᠢᠮᠲᠠ ᠶᠢ ᠰᠢᠨᠡᠳᠬᠡᠬᠦ ᠲᠣᠭᠲᠠᠴᠠ ᠶᠢ ᠪᠠᠶᠢᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠢᠨ᠎ᠡ ᠪᠠᠷ ᠦᠨᠡᠮᠯᠡᠯ ᠣᠯᠭᠤᠭᠰᠠᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠴᠠᠬᠢᠮ ᠦᠨᠡᠮᠯᠡᠯ ᠤᠨ ᠲᠠᠪᠴᠠᠩ ᠳᠤ ᠵᠡᠷᠭᠡᠪᠡᠷ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃ ︵ᠬᠠᠷᠢᠭᠤᠴᠠᠬᠤ ᠨᠢᠭᠡᠴᠡ᠄ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ 2021 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶   ︵ᠬᠤᠶᠠᠷ︶ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠥᠬᠦ ᠲᠠᠯ᠎ᠠ ᠪᠠᠷ ᠥᠷᠨᠢᠭᠦᠯᠦᠨ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠨᠡᠶᠢᠭᠡᠮ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ︽ᠴᠠᠬᠢᠮ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠯᠲᠡ ᠶᠢ ᠡᠮᠬᠢᠯᠡᠨ ᠳᠢᠭᠯᠡᠬᠦ ᠬᠦᠰᠦᠨᠦᠭᠲᠦ︾ ᠶᠣᠰᠣᠭᠠᠷ ᠠᠵᠤ ᠠᠬᠤᠶᠢᠯᠠᠯ᠂ ᠣᠯᠠᠨ ᠲᠦᠮᠡᠨ ᠳᠤ ᠬᠠᠨᠳᠤᠭᠤᠯᠤᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠵᠢᠴᠢ ᠬᠠᠮᠢᠶ᠎ᠠ ᠪᠥᠬᠦᠶ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠯ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠤᠨ ᠴᠠᠬᠢᠮ ᠰᠦᠯᠵᠢᠶᠡᠨ ᠤ ᠬᠡᠷᠡᠭᠯᠡᠯᠲᠡ᠂ ᠸᠢᠴᠠᠲ ᠤᠨ ᠨᠡᠶᠢᠲᠡ ᠶᠢᠨ ᠲᠠᠪᠴᠠᠩ ᠪᠠ ᠵᠢᠵᠢᠭ ᠲᠠᠰ ᠳᠠᠷᠠᠭᠠᠯᠠᠯ ᠢ ᠭᠤᠤᠯᠳᠠᠯᠭ᠎ᠠ ᠲᠠᠢ ᠡᠮᠬᠢᠯᠡᠨ ᠳᠢᠭᠯᠡᠵᠦ᠂ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠳᠤ ᠱᠠᠲᠤ ᠦᠶ᠎ᠡ ᠶᠢᠨ ᠴᠢᠨᠠᠷᠲᠠᠶ ᠡᠮᠬᠢᠯᠡᠨ ᠳᠢᠭᠯᠡᠬᠦ ᠠᠵᠢᠯ ᠢ ᠪᠡᠶᠡᠯᠡᠭᠦᠯᠦᠨ᠎ᠡ᠃ 2021 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠵᠠᠮ ᠬᠠᠷᠢᠯᠴᠠᠭ᠎ᠠ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠰᠤᠷᠭᠠᠨ ᠬᠥᠮᠦᠵᠢᠯ᠂ ᠤᠰᠤ ᠴᠠᠬᠢᠯᠭᠠᠨ ᠬᠡᠢ ᠳᠤᠯᠠᠭᠠᠯᠠᠭ᠎ᠠ᠂ ᠨᠡᠶᠢᠭᠡᠮ ᠤᠨ ᠵᠠᠰᠠᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠥᠨᠳᠥᠷ ᠲᠠᠪᠳᠠᠮᠵᠢᠳᠤ ᠵᠦᠢᠯᠡᠰ ᠤᠨ ︽ᠴᠠᠬᠢᠮ ᠰᠦᠯᠵᠢᠶᠡᠨ ᠤ ᠠᠯᠪᠠᠨ ᠬᠡᠷ︾ ᠢ ᠳᠥᠯᠭᠢᠨ ᠠᠬᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ︶    ︵ᠭᠤᠷᠪᠠ︶ ᠪᠥᠬᠦ ᠲᠠᠯ᠎ᠠ ᠪᠠᠷ ᠤᠬᠠᠭᠤᠯᠤᠨ ᠳᠡᠯᠭᠡᠷᠡᠭᠦᠯᠬᠦ ᠶᠢ ᠢᠳᠡᠪᠬᠢᠲᠡᠶ ᠥᠷᠨᠢᠭᠦᠯᠬᠦ ᠬᠡᠷᠡᠭᠲᠡᠶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠬᠢᠭᠡᠳ ᠨᠡᠶᠢᠭᠡᠮ ᠤᠨ ᠡᠬᠢ ᠪᠠᠶᠠᠯᠢᠭ ᠢ ᠠᠰᠢᠭᠯᠠᠨ᠂ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠤᠨ ᠪᠥᠬᠦ ᠲᠠᠯ᠎ᠠ ᠶᠢᠨ ᠤᠬᠠᠭᠤᠯᠭ᠎ᠠ ᠶᠢᠨ ᠠᠷᠭ᠎ᠠ ᠵᠠᠮ ᠢ ᠨᠡᠪᠲᠡᠷᠡᠭᠦᠯᠵᠦ᠂ ︽ᠮᠥᠩᠬᠡ ᠰᠤᠪᠠᠭ︾ ᠲᠤ ᠵᠠᠭᠤᠴᠢᠯᠠᠭᠤᠷ ᠤᠨ ᠳᠡᠯᠭᠡᠷᠡᠭᠦᠯᠬᠦ ᠲᠣᠤᠷ ᠰᠦᠯᠵᠢᠶ᠎ᠡ ᠶᠢ ᠪᠠᠶᠢᠭᠤᠯᠤᠨ ᠥᠭᠴᠦ᠂ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠥᠩᠬᠡ ᠰᠤᠪᠠᠭ︾ ᠤᠨ ᠨᠠᠷᠠᠲᠤ ᠲᠥᠷᠥᠯ ᠲᠡᠮᠳᠡᠭᠲᠦ ᠶᠢ ᠰᠠᠶᠢᠲᠤᠷ ᠪᠣᠶ ᠪᠣᠯᠭᠠᠵᠤ᠂ ᠥᠷᠭᠡᠨ ᠣᠯᠠᠨ ᠲᠦᠮᠡᠨ ᠤ ︽ᠮᠥᠩᠬᠡ ᠰᠤᠪᠠᠭ︾ ᠴᠠᠬᠢᠮ ᠵᠠᠰᠠᠭ ᠤᠨ ᠦᠢᠯᠡᠴᠢᠯᠡᠭᠡᠨ ᠤ ᠲᠠᠪᠴᠠᠩ ᠢ ᠬᠡᠷᠡᠭᠯᠡᠨ ᠠᠵᠢᠯ ᠶᠠᠪᠤᠳᠠᠯ ᠭᠦᠢᠴᠡᠳᠬᠡᠬᠦ ᠶᠢ ᠬᠥᠲᠥᠯᠦᠨ ᠵᠢᠯᠣᠭᠤᠳᠬᠤ ᠶᠢᠨ ᠬᠠᠮᠲᠤ ᠵᠣᠷᠢᠭᠵᠢᠭᠤᠯᠤᠨ᠎ᠠ᠃ ︵ᠬᠠᠷᠢᠭᠤᠴᠠᠬᠤ ᠨᠢᠭᠡᠴᠡ ᠄ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠦᠷᠭᠦᠯᠵᠢᠯᠡᠨ ᠠᠬᠢᠭᠤᠯᠤᠨ᠎ᠠ︶   ︵ᠳᠥᠷᠪᠡ︶ ︽ᠴᠠᠬᠢᠮ ᠢᠶᠠᠷ ᠭᠦᠢᠴᠡᠳᠬᠡᠬᠦ︾ ᠬᠠᠮᠢᠶᠠᠷᠤᠯᠲᠠ ᠶᠢᠨ ᠵᠢᠷᠤᠮᠵᠢᠯ ᠢ ᠨᠠᠶᠢᠳᠠᠪᠤᠷᠢᠵᠢᠭᠤᠯᠤᠨ᠎ᠠ    1. ︽ᠴᠠᠬᠢᠮ ᠠᠯᠪᠠᠨ ᠭᠡᠷ︾ ᠤᠨ ᠠᠵᠢᠯᠯᠠᠭᠠᠨ ᠤ ᠬᠠᠮᠢᠶᠠᠷᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠬᠦᠯᠦᠨ ᠵᠢᠷᠤᠮᠵᠢᠭᠤᠯᠵᠤ᠂ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠢᠴᠢ ᠪᠤᠰᠤᠳ ᠨᠡᠭᠦᠳᠡᠯ ᠦᠢᠯᠡᠴᠢᠯᠡᠭᠡᠨ ᠤ ᠠᠷᠭ᠎ᠠ ᠵᠠᠮ ᠤᠨ ᠡᠯ᠎ᠡ ᠵᠦᠢᠯ ᠤᠨ ᠬᠡᠷᠡᠭᠯᠡᠭᠡᠨ ᠤ ᠦᠢᠯᠡᠴᠢᠯᠡᠭᠡᠨ ᠤ ᠪᠠᠭᠲᠠᠭᠠᠮᠵᠢᠲᠤ ᠴᠢᠨᠠᠷ᠂ ᠴᠢᠳᠠᠮᠵᠢ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ᠂ ᠪᠠᠶᠢᠴᠠᠭᠠᠨ ᠬᠡᠮᠵᠢᠯᠲᠡ ᠪᠠ ᠦᠨᠡᠯᠡᠨ ᠵᠢᠱᠢᠯᠲᠡ ᠶᠢ ᠴᠢᠩᠭᠠᠳᠬᠠᠵᠤ᠂ ᠰᠠᠭᠠᠳ ᠤᠨ ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶    2. ︽ᠲᠤᠷᠰᠢᠨ ᠬᠡᠷᠡᠭᠯᠡᠬᠦ︾ ᠤ ︽ᠳᠤᠲᠠᠭᠳᠠᠯ ᠢᠶᠠᠨ ᠡᠷᠢᠬᠦ︾ ᠲᠣᠭᠲᠠᠴᠠ ᠶᠢᠨ ᠪᠠᠶᠢᠭᠤᠯᠤᠯᠲᠠ ᠵᠢᠴᠢ ᠬᠡᠷᠡᠭᠯᠡᠭᠴᠢ ᠶᠢᠨ ᠣᠶᠢᠯᠠᠭᠠᠬᠤ ᠪᠠᠶᠢᠳᠠᠯ ᠢ ᠮᠡᠳᠡᠭᠡᠯᠡᠬᠦ ᠲᠣᠭᠲᠠᠴᠠ ᠶᠢ ᠠᠬᠢᠭᠤᠯᠵᠤ᠂ ︽ᠮᠥᠩᠬᠡ ᠰᠤᠪᠠᠭ︾ ᠤᠨ ᠴᠢᠳᠠᠮᠵᠢ ᠶᠢᠨ ᠲᠣᠬᠢᠷᠠᠭᠤᠯᠤᠯᠲᠠ ᠪᠠ ᠬᠡᠷᠡᠭᠯᠡᠭᠴᠢ ᠶᠢᠨ ᠣᠶᠢᠯᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶    3. ᠠᠮᠤᠷ ᠲᠦᠪᠰᠢᠨ ᠤ ᠬᠠᠮᠢᠶᠠᠷᠤᠯᠲᠠ ᠪᠠ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠠᠰᠠᠭᠤᠳᠠᠯ ᠢ ᠴᠠᠭ ᠲᠤᠬᠠᠶ ᠳᠤᠨᠢ ᠨᠡᠶᠢᠲᠡᠯᠡᠨ᠂ ᠴᠡᠭᠴᠡᠯᠡᠨ ᠰᠠᠶᠢᠵᠢᠷᠠᠭᠤᠯᠵᠤ᠂ ᠲᠠᠪᠴᠠᠩ ᠤᠨ ᠠᠶᠦᠯᠭᠦᠢ ᠲᠣᠭᠲᠠᠪᠤᠷᠢᠲᠠᠢ ᠠᠵᠢᠯᠯᠠᠬᠤ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶     ᠭᠤᠷᠪᠠ᠄ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ︽ᠮᠥᠩᠬᠡ ᠰᠤᠪᠠᠭ︾ ᠴᠠᠬᠢᠮ ᠵᠠᠰᠠᠭ ᠤᠨ ᠦᠢᠯᠡᠴᠢᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠤᠯᠵᠤ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠳ ᠣᠷᠣᠯᠴᠠᠵᠤ᠂ ︽ᠮᠥᠩᠬᠡ ᠰᠤᠪᠠᠭ︾ ᠴᠠᠬᠢᠮ ᠵᠠᠰᠠᠭ ᠤᠨ ᠦᠢᠯᠡᠴᠢᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠤᠯᠵᠤ ᠪᠠᠲᠤᠯᠠᠬᠤ ᠠᠵᠢᠯ ᠢ ᠬᠠᠮᠵᠢᠯᠴᠠᠨ ᠠᠬᠢᠭᠤᠯᠬᠤ ᠶᠢ ᠪᠠᠲᠤᠯᠠᠬᠤ ᠬᠡᠷᠡᠭᠲᠡᠶ᠃    ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠣᠰ ᠪᠡᠶ᠎ᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠲᠠᠢ ᠪᠠᠨ ᠤᠶᠠᠯᠳᠤᠭᠤᠯᠤᠨ᠂ ᠥᠨᠳᠥᠷ ᠳᠠᠪᠲᠠᠮᠵᠢ ᠶᠢᠨ ᠬᠡᠷᠡᠭᠯᠡᠭᠡ ᠶᠢ ︽ᠮᠥᠩᠬᠡ ᠰᠤᠪᠠᠭ︾ ᠴᠠᠬᠢᠮ ᠵᠠᠰᠠᠭ ᠤᠨ ᠦᠢᠯᠡᠴᠢᠯᠡᠭᠡᠨ ᠤ ᠲᠠᠪᠴᠠᠩ ᠳᠤ ᠵᠠᠯᠭᠠᠨ ᠣᠷᠣᠭᠤᠯᠬᠤ ᠶᠢ ᠢᠳᠡᠪᠬᠢᠲᠡᠶ ᠠᠬᠢᠭᠤᠯᠵᠤ᠂ ᠲᠠᠰ ᠳᠡᠪᠰᠢᠭᠦᠯᠦᠨ ᠥᠭᠡᠷᠡᠴᠢᠯᠡᠬᠦ ᠵᠠᠷᠤᠳᠠᠯ ᠵᠢᠴᠢ ᠡᠭᠦᠳᠡ ᠡᠷᠦᠬᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠵᠠᠷᠤᠳᠠᠯ ᠢ ᠲᠣᠰ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠪᠠᠲᠤᠯᠠᠵᠤ ᠨᠠᠶᠢᠳᠠᠪᠤᠷᠢᠵᠢᠭᠤᠯᠤᠨ᠎ᠠ᠃     ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ ︽ᠮᠥᠩᠬᠡ ᠰᠤᠪᠠᠭ ᠴᠠᠬᠢᠮ ᠠᠯᠪᠠᠨ ᠭᠡᠷ︾ ᠤᠨ ᠠᠵᠢᠯ ᠢ ᠵᠢᠯ ᠤᠨ ᠦᠨᠡᠯᠡᠭᠡ ᠥᠭᠬᠦ ᠪᠠ ᠰᠢᠯᠭᠠᠨ ᠬᠢᠨᠠᠬᠤ ᠳᠤ ᠣᠷᠣᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠤᠯᠳᠠᠯᠭ᠎ᠠ ᠲᠠᠢ ᠡᠭᠦᠷᠭᠡ ᠶᠢ ᠤᠯᠠᠮ ᠰᠠᠶᠢᠵᠢᠷᠠᠭᠤᠯᠵᠤ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠪᠠᠲᠤᠯᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号