ᠡᠷᠳᠡᠨᠢᠪᠤᠯᠠᠭ ᠰᠤᠮᠤ ᠤᠯᠠᠨ ᠠᠷᠭ᠎ᠠ ᠠᠪᠴᠢᠯ ᠢ ᠵᠡᠷᠭᠡᠪᠡᠷ ᠬᠡᠷᠡᠭᠯᠡᠨ ᠸᠠᠺᠴᠢᠨ ᠤ ᠲᠠᠷᠢᠯᠭ᠎ᠠ ᠶᠢᠨ ᠠᠵᠢᠯ ᠢ ᠪᠦᠬᠦ ᠬᠦᠴᠦᠨ ᠢᠶᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/8/18
     ᠰᠢᠨ᠎ᠡ ᠲᠢᠳᠢᠮᠯᠢᠭ ᠡᠪᠡᠳᠴᠢᠨ ᠤ ᠸᠠᠺᠴᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ  ᠶᠠᠪᠤᠭᠳᠠᠬᠤ ᠶᠢ ᠦᠨᠡᠨᠬᠦ ᠪᠠᠳᠤᠯᠠᠵᠤ᠂ ᠬᠢᠵᠢᠭ ᠤᠨ ᠪᠠᠶᠢᠳᠠᠯ  ᠢ ᠬᠢᠵᠠᠭᠠᠷᠯᠠᠨ ᠡᠵᠡᠮᠳᠡᠬᠦ ᠠᠮᠤᠷ ᠲᠦᠪᠰᠢᠨ ᠤ ᠪᠦᠳᠦᠬᠡᠨ ᠪᠠᠶᠢᠭᠤᠯᠤᠯᠳᠠ ᠶᠢ ᠲᠦᠷᠭᠡᠳᠭᠡᠬᠦ ᠶᠢᠨ ᠲᠦᠯᠦᠬᠡ᠂ ᠤᠶᠢᠷ᠎ᠠ ᠶᠢᠨ ᠬᠤᠭᠤᠴᠠᠭᠠᠨ ᠳᠤ ᠡᠷᠳᠡᠨᠢᠪᠤᠯᠠᠭ ᠰᠣᠮᠤ ᠨᠢᠬᠡᠳᠦᠯᠳᠡᠢ ᠵᠤᠬᠢᠴᠠᠭᠤᠯᠤᠨ ᠣᠯᠠᠨ ᠠᠷᠭ᠎ᠠ ᠠᠪᠴᠢᠯ ᠪᠠᠷ ᠸᠠᠺᠴᠢᠨ ᠤ ᠲᠠᠷᠢᠯᠭ᠎ᠠ ᠲᠠᠷᠢᠬᠤ ᠲᠠᠶᠢᠴᠢᠯᠠᠯᠳᠠ ᠶᠢᠨ ᠠᠵᠢᠯ ᠤᠨ ᠦᠷ᠎ᠡ ᠠᠰᠢᠭ ᠢ ᠲᠠᠰᠤᠷᠠᠯᠳᠠ ᠦᠬᠡᠢ ᠴᠢᠩᠭᠠᠭᠬᠠᠵᠤ᠂ ᠬᠤᠷᠠᠯ ᠬᠢᠵᠦ ᠪᠠᠶᠢᠷᠢᠯᠠᠭᠤᠯᠬᠤ᠂ ᠠᠶᠢᠯ ᠬᠡᠷ ᠢᠶᠠᠷ ᠬᠦᠨᠵᠡᠬᠡᠶᠢᠷᠡᠨ ᠤᠬᠠᠭᠤᠯᠬᠤ ᠵᠡᠷᠭᠡ ᠠᠷᠭ᠎ᠠ ᠪᠠᠷ᠂ ᠸᠠᠺᠴᠢᠨ ᠲᠠᠷᠢᠵᠤ ᠪᠤᠯᠬᠤ ᠪᠦᠬᠦᠨ  ᠳᠤ ᠪᠦᠷ ᠸᠠᠺᠴᠢᠨ ᠲᠠᠷᠢᠭᠤᠯᠵᠤ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠬᠢᠵᠠᠭᠠᠷᠯᠠᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ   ᠳᠤ ᠬᠠᠮᠤᠭ ᠶᠡᠭᠡ ᠬᠡᠮᠵᠢᠶ᠎ᠠ ᠪᠠᠷ ᠴᠢᠷᠮᠠᠶᠢᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ