ᠪᠠᠶᠠᠨᠬᠤᠸᠠ ᠪᠠᠯᠭᠠᠰᠤ ᠬᠠᠤᠯᠢ ᠪᠤᠰᠤ ᠪᠠᠷᠢᠯᠭ᠎ᠠ ᠨᠤᠭᠤᠳ ᠢ ᠪᠠᠭᠤᠯᠭᠠᠵᠤ ᠨᠤᠷᠠᠭᠠᠨ ᠵᠠᠰᠠᠵᠤ᠂ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ  ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2021/8/20
    ᠤᠤᠯ ᠤᠨ ᠬᠡᠷ ᠤᠨ ᠠᠷᠤ ᠦᠪᠦᠷ ᠢᠶᠠᠷ ᠤᠪᠤᠭᠠᠷᠠᠭᠰᠠᠨ ᠲᠦᠯᠡᠭᠡ ᠮᠤᠳᠤ ᠦᠵᠡᠭᠳᠡᠬᠦ ᠪᠠᠨ ᠪᠠᠶᠢᠵᠤ᠂ ᠬᠦᠨᠳᠡᠯᠡᠨ ᠭᠤᠤᠯᠳᠤ ᠪᠠᠷᠢᠭᠰᠠᠨ ᠮᠠᠯ ᠤᠨ ᠫᠧᠩ ᠬᠠᠰᠢᠶ᠎ᠠ᠂ ᠬᠡᠷᠡᠯ ᠠᠪᠬᠤ ᠪᠠᠶᠢᠰᠢᠩ ᠦᠵᠡᠭᠳᠡᠬᠦ ᠪᠠᠨ ᠪᠠᠶᠢᠵᠤ᠂ ᠲᠤᠰᠬᠤᠨ ᠤ ᠲᠤᠮᠳᠠᠬᠢ ᠵᠠᠰᠠᠮᠠᠯ ᠵᠠᠮ ᠴᠡᠪᠡᠷ ᠴᠡᠮᠴᠡᠬᠡᠷ ᠪᠤᠯᠪᠠ᠃ ᠤᠯᠢᠶᠠᠰᠤ ᠨᠠᠭᠤᠷ ᠤᠨ ᠰᠠᠪᠠ ᠭᠠᠵᠠᠷ ᠤᠨ ᠶᠡᠷᠦᠩᠭᠡᠶᠢᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠡᠬᠢᠯᠡᠭᠦᠯᠦᠭᠰᠡᠨ ᠠᠴᠠ ᠨᠠᠰᠢ᠂ ᠪᠠᠶᠠᠨᠬᠤᠸᠠ ᠪᠠᠯᠭᠠᠰᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠲᠤᠬᠢᠷᠠᠭᠤᠯᠤᠯᠳᠠ ᠶᠤᠰᠤᠭᠠᠷ᠂ ᠦᠨᠳᠦᠷ ᠵᠤᠭᠰᠤᠴᠠ  ᠠᠴᠠ ᠪᠠᠶᠢᠷᠢᠯᠠᠭᠤᠯᠵᠤ᠂ ᠦᠨᠳᠦᠷ ᠭᠠᠷᠤᠭ᠎ᠠ ᠠᠴᠠ ᠲᠦᠯᠦᠪᠯᠡᠬᠦᠯᠵᠦ᠂ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠪᠦᠳᠦᠬᠡᠨ ᠪᠠᠶᠢᠭᠤᠯᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ︿︿ᠪᠢ ᠤᠯᠠᠨ ᠲᠦᠮᠡᠨ ᠳᠤ ᠪᠤᠳᠠᠳᠤ ᠠᠵᠢᠯ ᠬᠢᠵᠦ ᠦᠭᠬᠦ﹀﹀ ᠦᠢᠯᠡᠳᠦᠯᠬᠡ ᠠᠵᠢᠯᠯᠠᠭ᠎ᠠ ᠲᠠᠢ ᠤᠶᠠᠯᠳᠤᠭᠤᠯᠵᠤ᠂ ᠬᠠᠤᠯᠢ ᠪᠤᠰᠤ ᠪᠠᠷᠢᠯᠭ᠎ᠠ ᠨᠤᠭᠤᠳ ᠢ ᠨᠤᠷᠠᠭᠠᠨ ᠪᠠᠭᠤᠯᠭᠠᠵᠤ ᠰᠠᠮᠠᠭᠤᠨ ᠢ ᠵᠠᠰᠠᠵᠤ᠂ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ   ᠰᠠᠶᠢᠵᠢᠷᠠᠭᠤᠯᠪᠠ  ᠃     ᠴᠡᠭᠴᠡᠯᠡᠨ ᠰᠠᠶᠢᠵᠢᠷᠠᠭᠤᠯᠬᠤ ᠠᠵᠢᠯ ᠢ ᠪᠤᠳᠠᠳᠤ ᠦᠷ᠎ᠡ ᠪᠦᠳᠦᠮᠵᠢ ᠲᠠᠢ ᠪᠠᠶᠢᠬᠤ ᠶᠢ ᠦᠨᠡᠨᠬᠦ  ᠪᠠᠳᠤᠯᠠᠬᠤ  ᠶᠢᠨ ᠲᠦᠯᠦᠬᠡ᠂ ᠪᠠᠶᠠᠨᠬᠤᠸᠠ ᠪᠠᠯᠭᠠᠰᠤ ᠺᠠᠳ᠋ᠷ ᠰᠣᠩᠭᠤᠨ ᠲᠤᠮᠢᠯᠠᠵᠤ᠂ ᠤᠯᠢᠶᠠᠰᠤ ᠨᠠᠭᠤᠷ ᠤᠨ ᠰᠠᠪᠠ ᠭᠠᠵᠠᠷ ᠢ ᠶᠡᠷᠦᠩᠭᠡᠶᠢᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠭᠤᠶᠢᠯᠠᠩ ᠢ ᠪᠠᠶᠢᠭᠤᠯᠵᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠪᠦᠬᠦ ᠲᠠᠯ᠎ᠠ ᠪᠠᠷ ᠨᠡᠶᠢᠳᠡᠮᠵᠢᠬᠦᠯᠵᠦ ᠲᠤᠶᠢᠯᠪᠤᠷᠢᠳᠡᠢ ᠴᠡᠭᠴᠡᠯᠡᠨ ᠵᠠᠰᠠᠵᠤ᠂ ᠦᠨᠴᠦᠭ ᠪᠤᠯᠤᠩ ᠦᠯᠡᠳᠡᠬᠡᠬᠦ ᠦᠬᠡᠢ ᠴᠡᠪᠡᠷᠯᠡᠪᠡ᠃    ᠪᠠᠶᠠᠨᠬᠤᠸᠠ ᠪᠠᠯᠭᠠᠰᠣᠨ ᠤ ᠴᠠᠭᠠᠨᠬᠠᠳᠠ ᠭᠠᠴᠠᠭ᠎ᠠ ᠶᠢᠨ ᠭᠤᠤᠯ ᠤᠨ ᠲᠤᠬᠤᠢ ᠳᠤ 15 ᠡᠳᠦᠷ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠲᠡᠭᠡᠭᠰᠢᠯᠡᠬᠦᠯᠬᠦ ᠠᠵᠢᠯᠯᠠᠭ᠎ᠠ  ᠶᠠᠪᠤᠭᠳᠠᠭᠤᠯᠵᠤ᠂  ᠬᠠᠤᠯᠢ ᠪᠤᠰᠤ ᠪᠠᠷᠢᠯᠭ᠎ᠠ ᠶᠢ ᠵᠠᠰᠠᠬᠤ ᠰᠢᠪᠳᠤᠯᠤᠯᠳᠠ ᠶᠢᠨ ᠲᠠᠶᠢᠨ ᠂ ᠤᠪᠤᠭᠠᠷᠠᠭᠰᠠᠨ ᠬᠤᠭ ᠨᠤᠪᠰᠢ ᠶᠢ ᠴᠡᠪᠡᠷᠯᠡᠬᠦ ᠲᠠᠶᠢᠨ᠂ ᠤᠷᠤᠭᠤᠯᠤᠯᠳᠠ ᠶᠢᠨ ᠴᠢᠨᠠᠷᠳᠠᠢ ᠬᠤᠭ ᠨᠤᠪᠰᠢ ᠶᠢ ᠬᠤᠷᠢᠭᠯᠠᠬᠤ ᠲᠠᠶᠢᠨ ᠢ ᠶᠡᠬᠡᠪᠡᠷ ᠦᠷᠨᠢᠬᠦᠯᠵᠦ᠂ ᠤᠬᠤᠭᠤᠷ ᠮᠠᠰᠢᠨ᠂ ᠭᠤᠭ᠎ᠠ ᠮᠠᠰᠢᠨ᠂ ᠲᠡᠭᠡᠭᠡᠪᠦᠷᠢ ᠶᠢᠨ ᠮᠠᠰᠢᠨ ᠵᠡᠷᠭᠡ ᠮᠠᠰᠢᠨ ᠢ ᠬᠡᠷᠡᠭᠯᠡᠨ ᠴᠡᠪᠠᠷᠯᠠᠵᠤ᠂ ᠨᠢᠬᠡ ᠭᠠᠵᠠᠷ ᠢ ᠵᠠᠰᠠᠪᠠᠯ ᠨᠢᠭᠡ ᠭᠠᠵᠠᠷ ᠢ ᠴᠡᠪᠡᠷᠰᠢᠬᠦᠯᠵᠦ᠂ ᠨᠢᠬᠡ ᠭᠠᠵᠠᠷ  ᠢ ᠵᠠᠰᠠᠪᠠᠯ ᠨᠢᠬᠡ ᠭᠠᠵᠠᠷ ᠢ ᠭᠤᠸᠠᠯᠢᠭᠵᠢᠭᠤᠯᠪᠠ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号