ᠰᠢ ᠰᠢᠶᠤᠤ ᠵᠤᠤ ᠪᠠᠯᠭᠠᠰᠤ ᠡᠷᠦᠬᠡ ᠶᠢᠨ ᠴᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠤᠯᠪᠠᠰᠤᠷᠠᠯ ᠦᠷᠨᠢᠬᠦᠯᠪᠡ
ᠨᠡᠶᠢᠲᠡᠯᠡᠭᠰᠡᠨ ᠴᠠᠭ᠄
2021/8/26
     ᠰᠢ ᠰᠢᠶᠤᠤ ᠵᠤᠤ ᠪᠠᠯᠭᠠᠰᠤ ᠶᠢᠨ ᠵᠦᠽᠢ ᠶᠢᠨ ᠪᠤᠯᠤᠩ ᠲᠤᠰᠬᠤᠨ ᠤ ᠡᠷᠦᠬᠡ ᠶᠢᠨ ᠴᠡᠷᠢᠭ ᠤᠳ ᠪᠠᠴᠢᠮ ᠪᠠᠶᠢᠳᠠᠯ ᠢ ᠠᠷᠭᠠᠴᠠᠭᠠᠬᠤ ᠪᠤᠯᠪᠠᠰᠤᠷᠠᠯ ᠢ ᠦᠷᠨᠢᠬᠦᠯᠪᠡ᠃     ᠤᠨᠤᠯ ᠤᠨ ᠰᠤᠷᠤᠯᠴᠠᠯᠭ᠎ᠠ ᠲᠤᠮᠳᠠ ᠪᠦᠬᠦᠳᠡᠭᠡᠷ ᠢᠶᠠᠨ ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠰᠠᠭᠰᠠᠨ ᠵᠠᠭᠤᠨ ᠵᠢᠯ ᠤᠨ ᠤᠢ ᠶᠢ ᠪᠡᠯᠬᠡᠯᠡᠬᠦ ᠬᠤᠷᠠᠯ ᠲᠡᠭᠡᠷᠡᠬᠢ ᠶᠡᠭᠡ ᠬᠤᠷᠠᠯ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠶᠡᠷᠦᠩᠭᠡᠢ ᠱᠦᠵᠢ ᠰᠢ ᠶᠢᠨ ᠫᠢᠩ ᠤᠨ ᠴᠡᠷᠢᠭ ᠢ ᠴᠢᠩᠭᠠᠳᠬᠠᠬᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠤ᠂ ᠡᠷᠦᠬᠡ ᠶᠢᠨ ᠴᠡᠴᠢᠭ ᠤᠨ ᠠᠵᠢᠯ ᠤᠨ ᠵᠤᠷᠪᠤᠰ ᠢ ᠨᠠᠷᠢᠨ ᠬᠢᠨᠠᠮᠠᠭᠠᠢ ᠲᠡᠮᠳᠡᠭᠯᠡᠵᠦ ᠂ ᠴᠡᠷᠢᠭ ᠤᠨ ᠶᠠᠪᠤᠳᠠᠯ ᠤᠨ ᠤᠨᠤᠯ ᠪᠠ ᠣᠯᠤᠰ ᠲᠦᠷᠦ ᠶᠢᠨ ᠬᠦᠮᠦᠵᠢᠯ ᠰᠣᠷᠣᠯᠴᠠᠯᠭ᠎ᠠ ᠳᠤ ᠤᠷᠤᠯᠴᠠᠪᠠ᠃     ᠬᠡᠷ ᠤᠨ ᠭᠠᠳᠠᠨᠠᠬᠢ ᠪᠤᠯᠪᠠᠰᠤᠷᠠᠯ ᠳᠤ 28 ᠡᠷᠦᠬᠡ ᠶᠢᠨ ᠴᠡᠷᠢᠭ ᠨᠢᠬᠡᠳᠦᠯᠳᠡᠢ ᠲᠦᠬᠡᠷᠢᠯ ᠦᠩᠭᠡᠳᠦ ᠬᠤᠪᠴᠠᠰᠤ ᠡᠮᠦᠰᠴᠦ᠂ ᠰᠢᠳᠠᠮ᠎ᠠ ᠬᠠᠯᠠᠭᠤᠨ ᠢ ᠬᠠᠶᠢᠬᠤᠷᠠᠯ ᠦᠬᠡᠢ᠂ ᠬᠦᠴᠢᠷ ᠠᠴᠠ ᠠᠶᠤᠬᠤ ᠦᠬᠡᠢ᠂ ᠤᠷᠬᠢᠯᠤᠮ᠎ᠠ ᠬᠠᠯᠠᠭᠤᠨ ᠰᠡᠳᠬᠢᠯᠬᠡ ᠪᠠᠷ ᠰᠤᠷᠭᠠᠭᠴᠢ ᠶᠢᠨ ᠤᠷᠢᠶ᠎ᠠ ᠬᠠᠰᠭᠢᠷᠬᠤ ᠶᠢ ᠲᠠᠭᠠᠨ ᠬᠦᠳᠡᠯᠬᠡᠬᠡᠨ ᠪᠦᠷᠢ ᠶᠢ ᠰᠡᠳᠬᠢᠯ ᠲᠠᠯᠪᠢᠨ ᠲᠠᠬᠢᠨ ᠲᠠᠪᠳᠠᠨ ᠬᠢᠵᠦ᠂ ᠦᠷᠬᠦᠯᠵᠢᠯᠡᠨ ᠬᠡᠳᠦᠨ ᠴᠠᠭ ᠢᠶᠠᠷ ᠪᠤᠯᠪᠠᠰᠤᠷᠠᠵᠤ ᠪᠠᠴᠢᠮ ᠢ ᠠᠷᠭᠠᠴᠠᠭᠠᠬᠤ ᠮᠡᠳᠡᠯᠬᠡ ᠢ ᠰᠤᠷᠮᠠᠭᠠᠢ ᠡᠵᠡᠮᠰᠢᠵᠤ᠂ ᠪᠠᠴᠢᠮ ᠢ ᠠᠷᠭᠠᠴᠠᠭᠠᠬᠤ ᠴᠢᠳᠠᠪᠤᠷᠢ ᠪᠠᠨ ᠨᠡᠮᠡᠭᠳᠡᠭᠦᠯᠪᠡ᠃ ᠪᠤᠯᠪᠠᠰᠤᠷᠠᠯ ᠳᠤ ᠪᠠᠰᠨ ᠲᠦ᠋ ᠴᠧᠩ ᠽᠢ ᠲᠤᠰᠬᠤᠨ ᠳᠤ ᠬᠦᠷᠴᠦ ᠠᠮᠧᠷᠢᠺᠠ ᠢ  ᠡᠰᠡᠷᠬᠦᠴᠡᠵᠦ ᠰᠤᠯᠤᠩᠭᠤᠰ ᠢ ᠲᠤᠰᠠᠯᠠᠬᠤ ᠲᠠᠶᠢᠨ ᠳᠤ ᠤᠷᠤᠯᠴᠠᠭᠰᠠᠨ ᠠᠬᠠᠮᠠᠳ ᠴᠡᠷᠢᠭ ᠢ ᠪᠤᠯᠭᠤᠭᠠᠨ ᠦᠵᠡᠵᠦ᠂ ᠲᠤᠬᠤᠨᠢᠭᠤᠯᠤᠯ ᠤᠨ ᠮᠦᠩᠭᠦ ᠬᠦᠷᠭᠡᠵᠦ᠂ ᠬᠡᠷ ᠲᠡᠷᠬᠡ ᠶᠢ ᠨᠢ ᠴᠡᠪᠡᠷᠯᠡᠵᠦ᠂ ᠲᠠᠳᠠᠨ ᠳᠤ ᠰᠢᠨ᠎ᠡ ᠴᠠᠭ ᠦᠶ᠎ᠡ ᠶᠢᠨ ᠨᠠᠮ ᠤᠨ ᠬᠠᠯᠠᠮᠵᠢᠯᠠᠯ ᠢ ᠬᠦᠢᠴᠡᠳ ᠮᠡᠳᠡᠷᠡᠭᠦᠯᠪᠡ᠃ ᠡᠷᠦᠬᠡ ᠶᠢᠨ ᠴᠡᠷᠢᠭ ᠤᠳ ᠪᠠᠰᠠ ᠠᠬᠠᠮᠠᠳ ᠴᠡᠷᠢᠭ ᠠᠴᠠ ᠲᠠᠶᠢᠨ ᠤ ᠦᠯᠢᠬᠡᠷ ᠢ ᠰᠤᠨᠤᠰᠴᠤ ᠤᠳᠤ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠤᠨ ᠢᠷᠡᠭᠰᠡᠨ ᠨᠢ ᠲᠠᠶᠢᠮᠤ ᠬᠢᠯᠪᠡᠷ ᠪᠢᠰᠢ ᠬᠡᠳᠡᠭ ᠢ ᠤᠶᠢᠯᠠᠭᠠᠵᠤ᠂ ᠡᠷᠦᠬᠡ ᠶᠢᠨ ᠴᠡᠷᠢᠭ ᠤᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠤᠷᠤᠨ ᠨᠤᠳᠤᠭ ᠤᠨ ᠪᠦᠳᠦᠬᠡᠨ ᠪᠠᠶᠢᠭᠤᠯᠤᠯᠳᠠ ᠪᠠ ᠬᠦᠭᠵᠢᠯᠳᠡ ᠳᠤ ᠬᠦᠴᠦ ᠪᠠᠨ ᠡᠷᠭᠦᠬᠦ ᠪᠠᠨ  ᠢᠯᠡᠷᠭᠡᠶᠢᠯᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ