ᠬᠠᠭᠤᠴᠢᠨ ᠭᠠᠷ ᠤᠲᠠᠰᠤ ᠪᠠᠨ ᠬᠤᠳᠠᠯᠳᠤᠬᠤ ᠦᠶ᠎ᠡ ᠨᠢᠭᠤᠴᠠ ᠪᠠᠨ ᠶᠠᠭᠠᠬᠢᠵᠤ ᠬᠠᠮᠠᠭᠠᠯᠠᠬᠤ ᠪᠣᠢ︖
ᠨᠡᠶᠢᠲᠡᠯᠡᠭᠰᠡᠨ ᠴᠠᠭ᠄
2021/8/27
   ᠮᠠᠰᠢ ᠣᠯᠠᠨ ᠬᠥᠮᠥᠨ ᠬᠠᠭᠤᠴᠢᠨ ᠭᠠᠷ ᠤᠲᠠᠰᠤ ᠪᠠᠨ ᠬᠤᠳᠠᠯᠳᠤᠬᠤ ᠦᠶ᠎ᠡ᠂ ᠭᠠᠷ ᠤᠲᠠᠰᠤᠨ ᠳᠣᠲᠣᠷᠠᠬᠢ ᠥᠪᠡᠷ ᠤᠨ ᠵᠢᠷᠤᠭ ᠸᠢᠳᠢᠤ᠋ ᠵᠡᠷᠭᠡ ᠬᠤᠪᠢ ᠬᠥᠮᠥᠨ ᠤ ᠮᠠᠲ᠋ᠧᠷᠢᠶᠠᠯ ᠢᠶᠠᠨ ᠠᠷᠢᠯᠭᠠᠬᠤ ᠶᠢᠨ ᠲᠥᠯᠥᠭᠡ ᠭᠠᠷ ᠤᠲᠠᠰᠤᠨ ᠤ ᠪᠠᠨ ︽ᠦᠢᠯᠡᠳᠪᠦᠷᠢ ᠠᠴᠠ ᠭᠠᠷᠬᠤ ᠦᠶ᠎ᠡ ᠶᠢᠨ ᠪᠠᠶᠢᠳᠠᠯ︾ ᠢ ᠰᠡᠷᠭᠦᠭᠡᠳᠡᠭ᠃ ᠲᠡᠭᠡᠪᠡᠯ᠂ ᠢᠩᠭᠢᠵᠦ ᠬᠢᠬᠦ ᠨᠢ ᠨᠡᠭᠡᠷᠡᠨ ᠲᠤᠭ᠎ᠠ ᠪᠠᠷᠢᠮᠲᠠ ᠶᠢ ᠴᠢᠨᠢ ᠣᠷᠣ ᠦᠭᠡᠢ ᠠᠷᠢᠯᠭᠠᠵᠤ ᠬᠤᠪᠢ ᠶᠢᠨ ᠨᠢᠭᠤᠴᠠ ᠶᠢ ᠴᠢᠨᠢ ᠬᠠᠮᠠᠭᠠᠯᠠᠵᠤ ᠴᠢᠳᠠᠨ᠎ᠠ ᠭᠡᠵᠦ ᠤᠤ︖    ᠬᠤᠪᠢ ᠬᠥᠮᠥᠨ ᠤ ᠴᠢᠮᠡᠭᠡ ᠵᠠᠩᠭᠢ ᠨᠢ ᠴᠠᠬᠢᠯᠭᠠᠨ ᠴᠢᠮᠡᠭᠡ ᠵᠠᠩᠭᠢ ᠪᠠᠷ ᠳᠠᠮᠵᠢᠨ ᠮᠡᠬᠡᠯᠡᠬᠦ᠂ ᠰᠦᠷᠳᠡᠭᠦᠯᠬᠦ᠂ ᠬᠠᠭᠤᠷᠮᠠᠭ ᠳᠠᠩᠰᠠᠨ ᠤ ᠳ᠋ᠤᠭᠠᠷ ᠭᠠᠷᠭᠠᠬᠤ ᠵᠡᠷᠭᠡ ᠶᠢᠨ ᠡᠬᠢ ᠡᠭᠦᠰᠦᠯ ᠪᠣᠯᠳᠠᠭ᠃ ᠲᠥᠪ ᠲᠧᠯᠸᠢᠰ ᠤᠨ ᠬᠢᠨ ᠬᠠᠭᠤᠴᠢᠨ ᠭᠠᠷ ᠤᠲᠠᠰᠤᠨ ᠤ ᠵᠠᠬ᠎ᠠ ᠳᠡᠯᠭᠡᠭᠦᠷ ᠳᠡᠭᠡᠷᠡᠬᠢ ᠨᠢᠭᠤᠭᠳᠠᠮᠠᠯ ᠠᠵᠤ ᠦᠢᠯᠡᠰ ᠤᠨ ᠬᠡᠯᠬᠢᠶᠡᠵᠢᠯ ᠢ ᠢᠯᠡᠴᠢᠯᠡᠭᠰᠡᠨ ᠪᠠᠶᠢᠨ᠎ᠠ᠃ ᠣᠶᠢᠯᠭᠠᠭᠰᠠᠨ ᠢᠶᠠᠷ᠂ ᠰᠦᠯᠵᠢᠶᠡᠨ ᠳᠡᠭᠡᠷ᠎ᠡ ᠮᠠᠰᠢ ᠣᠯᠠᠨ ᠠᠷᠠᠯᠵᠢᠶᠠᠴᠢᠨ ︽ᠭᠡᠷᠡᠴᠢ ᠣᠯᠬᠤ ᠰᠢᠰᠲ᠋ᠧᠮ︾ ᠭᠡᠳᠡᠭ ᠲᠥᠬᠦᠭᠡᠷᠦᠮᠵᠢ ᠶᠢ ᠠᠰᠢᠭᠯᠠᠵᠤ᠂ ᠭᠠᠷ ᠤᠲᠠᠰᠤᠨ ᠳᠣᠲᠣᠷ᠎ᠠ ᠪᠠᠶᠢᠭ᠎ᠠ᠂ ᠠᠯᠢ ᠡᠰᠡᠬᠦᠯ᠎ᠡ ᠨᠢᠭᠤᠵᠤ ᠲᠠᠯᠪᠢᠭᠰᠠᠨ ᠪᠤᠶᠤ ᠠᠷᠢᠯᠭᠠᠭᠰᠠᠨ ᠲᠤᠭ᠎ᠠ ᠪᠠᠷᠢᠮᠲᠠ ᠶᠢ ᠪᠦᠷ ᠣᠯᠵᠤ ᠭᠠᠷᠭᠠᠵᠤ ᠴᠢᠳᠠᠳᠠᠭ ᠶᠤᠮ ᠪᠠᠶᠢᠨ᠎ᠠ᠃    ᠭᠠᠷ ᠤᠲᠠᠰᠤᠨ ᠤ ᠴᠢᠨᠢ ᠬᠠᠲᠠᠭᠤ ᠲᠠᠪᠠᠭ ᠨᠢ ᠡᠪᠳᠡᠷᠡᠭᠰᠡᠨ ᠦᠭᠡᠢ ᠯᠠ ᠶᠤᠮ ᠪᠣᠯ ᠭᠠᠷ ᠤᠲᠠᠰᠤᠨ ᠤ ᠪᠠᠨ ᠦᠢᠯᠡᠳᠪᠦᠷᠢ ᠠᠴᠠ ᠭᠠᠷᠬᠤ ᠦᠶ᠎ᠡ ᠶᠢᠨ ᠪᠠᠶᠢᠳᠠᠯ ᠢ ᠰᠡᠷᠭᠦᠭᠡᠭᠰᠡᠨ ᠴᠦ ᠲᠤᠭ᠎ᠠ ᠪᠠᠷᠢᠮᠲᠠ ᠶᠢ ᠨᠢ ᠪᠦᠷ ᠳᠠᠬᠢᠨ ᠰᠡᠷᠭᠦᠭᠡᠵᠦ ᠴᠢᠳᠠᠬᠤ ᠶᠤᠮ ᠪᠠᠶᠢᠨ᠎ᠠ᠃    ᠡᠶᠢᠮᠦ ᠠᠴᠠ ᠬᠠᠭᠤᠴᠢᠨ ᠭᠠᠷ ᠤᠲᠠᠰᠤ ᠪᠠᠨ ᠬᠤᠳᠠᠯᠳᠤᠬᠤ ᠠᠴᠠ ᠡᠮᠦᠨ᠎ᠡ ᠬᠤᠪᠢ ᠬᠥᠮᠥᠨ ᠤ ᠮᠠᠲ᠋ᠧᠷᠢᠶᠠᠯ ᠢᠶᠠᠨ ᠠᠷᠢᠯᠭᠠᠬᠤ ᠶᠢᠨ ᠬᠠᠮᠲᠤ ᠭᠤᠷᠪᠠᠳᠠᠬᠢ ᠲᠠᠯ᠎ᠠ ᠪᠠᠷ ᠬᠠᠪᠰᠤᠷᠤᠭᠤᠯᠤᠨ ᠬᠡᠷᠡᠭᠯᠡᠭᠡᠨ ᠤ ᠰᠢᠰᠲ᠋ᠧᠮ ᠢ ᠨᠢ ᠲᠦᠢᠯᠪᠤᠷᠢᠲᠠᠢ ᠰᠢᠨᠡᠳᠬᠡᠪᠡᠯ ᠰᠠᠶ᠋ᠢ ᠬᠤᠪᠢ ᠬᠥᠮᠥᠨ ᠤ ᠴᠢᠮᠡᠭᠡ ᠵᠠᠩᠭᠢ ᠶᠢᠨ ᠨᠢᠭᠤᠴᠠ ᠶᠢ ᠬᠠᠮᠠᠭᠠᠯᠠᠵᠤ ᠴᠢᠳᠠᠨ᠎ᠠ ᠭᠡᠳᠡᠭ ᠢ ᠲᠤᠰᠬᠠᠢ ᠮᠡᠷᠭᠡᠵᠢᠯᠲᠡᠨ ᠠᠴᠠ ᠰᠠᠨᠠᠭᠤᠯᠵᠤ ᠪᠠᠶᠢᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号