ᠮᠢᠩᠭᠠᠨ ᠪᠠᠯᠭᠠᠰᠤ᠄  ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠯᠠᠨ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠵᠤ ᠨᠡᠶᠢᠳᠡᠮ ᠪᠦᠷᠬᠦᠭᠦᠯᠬᠦ ᠶᠢ ᠳᠥᠯᠭᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2021/8/27
   8 ᠰᠠᠷ᠎ᠠ ᠶᠢᠨ 24 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ  ᠮᠢᠩᠭᠠᠨ ᠪᠠᠯᠭᠠᠰᠤᠨ ᠤ ᠬᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠢ ᠤᠷᠢᠵᠤ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃
 
        ᠮᠢᠩᠭᠠᠨ ᠪᠠᠯᠭᠠᠰᠤᠨ ᠤ ᠵᠠᠰᠠᠭ ᠤᠨ ᠣᠷᠳᠣᠨ ᠳᠤ᠂ ᠯᠧᠺᠲ᠋ᠣᠷ ︽ᠵᠠᠭᠤᠨ ᠵᠢᠯ ᠤᠨ ᠲᠡᠮᠡᠴᠡᠯ ᠤᠨ ᠰᠢᠨ᠎ᠡ ᠠᠶᠠᠨ ᠢᠶᠠᠨ ᠡᠬᠢᠯᠡᠭᠦᠯᠦᠶ᠎ᠡ︾ ᠭᠡᠬᠦ ᠰᠡᠳᠦᠪ ᠢᠶᠠᠷ᠂ ︽ᠨᠢᠭᠡ ᠭᠤᠤᠯ ᠰᠡᠳᠦᠪ︾᠂ ︽ᠭᠤᠷᠪᠠᠨ ᠭᠦᠨᠵᠡᠭᠡᠶ ᠬᠤᠪᠢᠷᠠᠯᠲᠠ︾᠂ ︽ᠳᠥᠷᠪᠡᠨ ᠠᠭᠤᠤ ᠶᠡᠭᠡ ᠠᠮᠵᠢᠯᠲᠠ ᠪᠦᠲᠦᠮᠵᠢ︾ ᠵᠡᠷᠭᠡ ᠲᠠᠯ᠎ᠠ ᠠᠴᠠ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠶᠠᠷᠢᠶ᠎ᠠ ᠶᠢᠨ ᠪᠥᠬᠦ ᠠᠭᠤᠯᠭ᠎ᠠ ᠳᠤ ᠭᠦᠨᠵᠡᠭᠡᠶ ᠵᠠᠳᠠᠯᠤᠯᠲᠠ ᠬᠢᠵᠦ᠂ ᠪᠥᠬᠦ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠬᠡᠷᠡᠯ ᠰᠠᠴᠤᠷᠠᠩᠭᠤᠶ ᠥᠩᠭᠡᠷᠡᠯᠲᠡ᠂ ᠠᠭᠤᠤ ᠶᠡᠭᠡ ᠠᠮᠵᠢᠯᠲᠠ ᠪᠦᠲᠦᠮᠵᠢ᠂ ᠡᠷᠬᠢᠮ ᠨᠠᠨᠳᠢᠨ ᠲᠤᠷᠰᠢᠯᠭ᠎ᠠ ᠪᠠ ᠦᠢᠯᠡᠴᠢᠯᠡᠭᠡ ᠶᠢᠨ ᠰᠡᠩᠬᠡᠷᠡᠭᠦᠯᠦᠯ ᠢ ᠪᠥᠬᠦ ᠲᠠᠯ᠎ᠠ ᠪᠠᠷ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃  
 
      ᠵᠣᠯ ᠵᠢᠷᠭᠠᠯ ᠤᠨ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠳᠤ᠂ ᠯᠧᠺᠲ᠋ᠣᠷ ᠪᠣᠯᠤᠨ ᠨᠠᠰᠤᠲᠠᠶᠢᠴᠤᠳ ᠲᠣᠭᠤᠷᠢᠨ ᠰᠠᠭᠤᠵᠤ᠂ ᠶᠡᠷᠦᠩᠬᠡᠶ ᠱᠦᠵᠢ ᠰᠢ ᠶᠢᠨ ᠫᠢᠩ  ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠤᠯᠠᠮᠵᠢᠯᠠᠪᠠ᠃
   
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号