ᠰᠤᠶᠤᠯᠳᠤ ᠤᠷᠠᠳ ᠤᠨ ᠡᠮᠦᠨᠡᠳᠦ ᠬᠤᠰᠢᠭᠤᠨ ᠤ ᠣᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠨ ᠰᠤᠷᠭᠠᠯᠳᠠ ᠶᠢᠨ ᠮᠠᠲ᠋ᠧᠷᠢᠶᠠᠯ ᠢ ᠲᠡᠯᠬᠡᠷᠡᠬᠦᠯᠦᠨ ᠬᠡᠷᠡᠭᠯᠡᠬᠦ ᠪᠠ ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠦᠷᠨᠢᠬᠦᠯᠭᠰᠡᠨ ᠪᠠᠶᠢᠳᠠᠯ ᠤᠨ ᠲᠤᠬᠠᠢ ᠰᠤᠳᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/8/31
    8 ᠰᠠᠷ᠎ᠠ ᠶᠢᠨ 25   ᠤ ᠡᠳᠦᠷ᠂ ᠤᠷᠠᠳ ᠤᠨ ᠡᠮᠦᠨᠡᠳᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠤᠶᠤᠯᠳᠤ ᠡᠮᠦᠨᠡᠳᠦ ᠬᠤᠰᠢᠭᠤᠨ ᠤ ᠣᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠨ ᠰᠤᠷᠠᠭᠠᠯᠳᠠ ᠶᠢᠨ ᠮᠠᠲ᠋ᠧᠷᠢᠶᠠᠯ ᠢ ᠲᠡᠯᠬᠡᠷᠡᠬᠦᠯᠦᠨ ᠬᠡᠷᠡᠭᠯᠡᠬᠦ ᠪᠠ ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠦᠷᠨᠢᠬᠦᠯᠭᠰᠡᠨ ᠪᠠᠶᠢᠳᠠᠯ ᠤᠨ ᠲᠤᠬᠠᠢ  ᠪᠠᠶᠢᠴᠠᠭᠠᠨ ᠰᠤᠳᠤᠯᠤᠯᠳᠠ ᠬᠢᠪᠡ᠃      ᠰᠤᠶᠤᠯᠳᠤ ᠪᠤᠯᠤᠨ ᠬᠤᠰᠢᠭᠤᠨ ᠤ ᠤᠳᠤᠷᠢᠳᠤᠯᠭ᠎ᠠ ᠵᠢᠶᠠ ᠵᠧᠨ ᠬᠤᠸᠠ᠂ ᠤᠶᠤᠨ᠎ᠠ᠂ ᠬᠤᠤ ᠮᠢᠨ᠂ ᠯᠢᠤ ᠶᠤᠸᠠᠢ ᠮᠢᠩ᠂ ᠪᠠᠶᠠᠨᠪᠢᠯᠢᠭ᠌ ᠵᠢᠴᠢ ᠬᠤᠰᠢᠭᠤᠨ  ᠤ ᠨᠠᠮ ᠤᠨ ᠬᠤᠷᠢᠶ᠎ᠠ ᠶᠢᠨ ᠤᠷᠤᠨ ᠲᠤᠭᠠᠨ ᠤ ᠵᠦᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠲᠠᠢ ᠤᠷᠢᠳ ᠬᠤᠵᠢᠳ ᠤᠷᠠᠳ ᠤᠨ ᠡᠮᠦᠨᠡᠳᠦ ᠬᠤᠰᠢᠭᠤᠨ ᠤ ᠮᠤᠩᠭᠤᠯ ᠦᠨᠳᠤᠰᠤᠳᠠᠨ ᠤ ᠰᠤᠷᠭᠠᠨ ᠬᠦᠮᠦᠵᠢᠯ ᠤᠨ ᠬᠦᠷᠢᠶᠡᠯᠡᠩ᠂ ᠦᠨᠳᠦᠰᠦᠳᠡᠨ ᠤ ᠬᠡᠦᠬᠡᠳ ᠤᠨ ᠴᠡᠴᠡᠷᠯᠢᠭ ᠲᠤ ᠬᠦᠷᠴᠦ᠂ ᠪᠠᠶᠢᠴᠠᠭᠠᠨ ᠦᠵᠡᠬᠦ᠂ ᠰᠠᠭᠤᠳᠠᠯ ᠤᠨ ᠬᠤᠷᠠᠯ ᠬᠢᠬᠦ ᠵᠡᠷᠭᠡ ᠬᠡᠯᠪᠡᠷᠢ ᠪᠠᠷ ᠣᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠨ ᠰᠤᠷᠠᠭᠠᠯᠳᠠ ᠶᠢᠨ ᠮᠠᠲ᠋ᠧᠷᠢᠶᠠᠯ ᠢ ᠲᠡᠯᠬᠡᠷᠡᠬᠦᠯᠦᠨ ᠬᠡᠷᠡᠭᠯᠡᠬᠦ᠂ ᠰᠤᠷᠤᠭᠴᠢ ᠶᠢᠨ ᠢᠷᠡᠯᠳᠡ᠂ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠦᠳᠦᠬᠡᠨ ᠪᠠᠶᠢᠭᠤᠯᠤᠯᠳᠠ ᠵᠡᠷᠭᠡ ᠪᠠᠶᠢᠳᠠᠯ ᠤᠨ ᠲᠤᠬᠠᠢ ᠨᠠᠷᠢᠨ ᠤᠶᠢᠯᠠᠭᠠᠵᠤ᠂ ᠲᠡᠭᠦᠨᠴᠢᠯᠡᠨ ᠲᠤᠬᠠᠢ ᠶᠢᠨ ᠲᠠᠯᠠᠪᠤᠷ ᠲᠤ ᠦᠨᠳᠦᠰᠦᠳᠡᠨ ᠤ ᠰᠤᠷᠭᠠᠨ ᠬᠦᠮᠦᠵᠢᠯ  ᠤᠨ ᠠᠵᠢᠯ ᠤᠨ ᠲᠤᠮᠳᠠ ᠲᠤᠯᠭᠠᠷᠠᠭᠰᠠᠨ ᠠᠰᠠᠭᠤᠳᠠᠯ ᠤᠨ ᠲᠤᠬᠠᠢ ᠰᠤᠳᠤᠯᠤᠨ ᠰᠡᠢᠳᠪᠦᠷᠢᠯᠡᠪᠡ᠃     ᠰᠤᠶᠤᠯᠳᠤ ᠱᠠᠭᠠᠷᠳᠠᠭᠰᠠᠨ ᠨᠢ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠰᠤᠷᠭᠠᠭᠤᠯᠢ ᠲᠠᠢ ᠬᠠᠷᠢᠯᠴᠠᠨ ᠵᠤᠯᠭᠠᠯᠳᠤᠵᠤ᠂ ᠡᠯ᠎ᠡ ᠬᠠᠷᠠᠭᠠᠯᠵᠠᠯᠠᠯᠳᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠦᠢᠯᠡᠴᠢᠯᠡᠬᠡᠨ ᠤ ᠪᠠᠳᠤᠯᠠᠭ᠎ᠠ ᠶᠢᠨ ᠠᠵᠢᠯ ᠢ ᠤᠨᠤᠪᠴᠢᠳᠠᠢ ᠦᠷ᠎ᠡ ᠠᠰᠢᠭ ᠲᠠᠢ ᠪᠠᠷ ᠰᠠᠶᠢᠳᠤᠷ ᠬᠢᠵᠦ᠂ ᠡᠯ᠎ᠡ ᠲᠦᠷᠦᠯ ᠤᠨ ᠰᠤᠷᠭᠠᠨ ᠬᠦᠮᠦᠵᠢᠯ᠂ ᠵᠢᠭᠠᠨ ᠰᠤᠷᠭᠠᠯᠳᠠ ᠶᠢᠨ ᠠᠵᠢᠯ ᠳᠤ ᠰᠠᠭᠤᠷᠢ ᠶᠢ ᠲᠠᠯᠪᠢᠵᠦ ᠦᠭᠬᠦ ᠠᠵᠢᠯ ᠢ ᠤᠯᠠᠮ ᠰᠠᠶᠢᠨ ᠦᠷᠨᠢᠬᠦᠯᠬᠦ ᠬᠡᠷᠡᠭᠳᠡᠢ ᠬᠡᠵᠡᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ