ᠤᠷᠭᠤᠮᠠᠯ ᠤᠨ ᠡᠭᠦᠰᠦᠯᠳᠦ ᠲᠠᠷᠢᠶᠠᠨ ᠡᠮ ᠳᠤ ᠶᠠᠮᠠᠷ ᠲᠠᠪᠠᠭᠤᠯᠢᠭ ᠲᠠᠯ᠎ᠠ ᠪᠠ ᠬᠦᠷᠦᠯᠴᠡᠭᠦ ᠦᠬᠡᠢ ᠲᠠᠯ᠎ᠠ  ᠲᠠᠢ ᠪᠤᠢ
ᠨᠡᠶᠢᠲᠡᠯᠡᠭᠰᠡᠨ ᠴᠠᠭ᠄
2021/8/5
     ᠤᠷᠭᠤᠮᠠᠯ ᠤᠨ ᠡᠭᠦᠰᠦᠯᠳᠦ ᠲᠠᠷᠢᠶᠠᠨ ᠡᠮ ᠤᠨ ᠲᠠᠪᠠᠭᠤᠯᠢᠭ ᠲᠠᠯ᠎ᠠ᠄  ᠤᠷᠭᠤᠮᠠᠯ ᠤᠨ ᠡᠭᠦᠰᠦᠯᠳᠦ ᠲᠠᠷᠢᠶᠠᠨ ᠡᠮ ᠢ ᠬᠡᠷᠡᠭᠯᠡᠭᠰᠡᠨ ᠤ ᠲᠠᠷᠠᠭ᠎ᠠ᠂ ᠠᠮᠠᠷᠬᠠᠨ ᠵᠠᠳᠠᠷᠠᠭᠠᠳ ᠬᠤᠤᠷ ᠦᠬᠡᠢ ᠪᠤᠳᠠᠰ ᠪᠤᠯᠬᠤ ᠲᠤᠯᠠ ᠤᠷᠴᠢᠨ ᠲᠤᠭᠤᠷᠢᠨ  ᠢ ᠪᠤᠬᠢᠷᠳᠤᠭᠤᠯᠬᠤ ᠦᠬᠡᠢ︔ ᠤᠷᠭᠤᠮᠠᠯ ᠤᠨ ᠡᠭᠦᠰᠦᠯᠳᠦ ᠬᠤᠷᠤᠬᠠᠢ ᠠᠯᠠᠬᠤ ᠡᠮ ᠤᠨ ᠪᠦᠷᠢᠯᠳᠦᠬᠦᠨ ᠨᠢ ᠤᠯᠠᠨ ᠡᠰᠢᠵᠢᠭᠰᠡᠨ ᠲᠤᠯᠠ ᠬᠦᠨᠦᠬᠡᠯᠳᠦ ᠰᠢᠪᠡᠵᠢ ᠡᠮ ᠲᠠᠭᠠᠭᠠᠬᠤ ᠴᠢᠨᠠᠷ ᠡᠭᠦᠰᠬᠦ ᠳᠤ ᠬᠦᠴᠢᠷᠳᠡᠢ᠂ ᠲᠤᠷᠰᠢᠯᠳᠠ ᠶᠢ ᠦᠨᠳᠦᠰᠦᠯᠡᠪᠡᠯ᠂ ᠵᠢᠭᠠᠰᠤᠨ ᠬᠤᠤᠷ ᠤᠨ ᠤᠳᠪᠠᠯᠠ ᠡᠰᠲ᠋ᠧᠷ ᠤᠨ ᠤᠷᠭᠤᠮᠠᠯ ᠤᠨ ᠬᠤᠷᠤᠬᠠᠢ ᠠᠯᠠᠬᠤ ᠡᠮ ᠢ ᠡᠩ  ᠤᠨ ᠬᠡᠮᠵᠢᠶ᠎ᠡ ᠪᠠᠷ ᠰᠦᠷᠴᠢᠪᠡᠯ ᠯᠤᠤᠪᠠᠩ ᠤᠨ ᠪᠠᠭᠠᠷᠠᠩ ᠬᠤᠷᠤᠬᠠᠢ ᠶᠢ ᠰᠡᠷᠬᠡᠶᠢᠯᠡᠨ ᠵᠠᠰᠠᠬᠤ ᠦᠷ᠎ᠡ ᠠᠰᠢᠭ ᠨᠢ 85% ᠳᠤ ᠬᠦᠷᠴᠦ᠂  ᠪᠠᠭᠠᠷᠠᠩ ᠬᠤᠷᠤᠬᠠᠢ ᠤᠨ ᠲᠠᠷᠤᠯᠭ᠎ᠠ ᠰᠢᠬᠦᠷ ᠬᠤᠷᠤᠬᠠᠢ ᠶᠢ ᠠᠯᠠᠵᠤ ᠰᠢᠷᠬᠠᠳᠣᠭᠤᠯᠬᠤ ᠨᠤᠷᠮ᠎ᠠ ᠨᠢ 11.58% ᠪᠠᠶᠢᠳᠠᠭ︔ ᠬᠤᠤᠷᠳᠤ ᠤᠷᠭᠤᠮᠠᠯ ᠢ ᠶᠡᠭᠡ ᠬᠡᠮᠵᠢᠶ᠎ᠡ ᠪᠠᠷ ᠲᠠᠷᠢᠵᠤ ᠪᠤᠯᠬᠤ ᠪᠦᠬᠡᠳ ᠨᠡᠬᠡᠬᠡᠨ ᠠᠰᠢᠭᠯᠠᠬᠤ ᠵᠠᠷᠣᠳᠠᠯ ᠨᠢ ᠴᠤ ᠨᠡᠯᠢᠶᠡᠳ ᠲᠤᠤᠷ᠎ᠠ ᠶᠤᠮ᠃ ᠮᠡᠨ ᠤ ᠤᠯᠤᠰ ᠤᠨ ᠨᠢᠬᠡᠨᠳᠡ ᠢᠯᠡᠷᠡᠭᠦᠯᠦᠭᠰᠡᠨ ᠬᠤᠤᠷᠳᠤ ᠤᠷᠭᠤᠮᠠᠯ ᠨᠢ  ᠲᠦᠮᠡ ᠢᠯᠡᠭᠦᠦ ᠵᠦᠢᠯ ᠪᠠᠶᠢᠵᠤ᠂ ᠲᠡᠳᠡᠭᠡᠷ ᠤᠨ ᠲᠤᠳᠤᠷᠠᠬᠢ ᠤᠯᠠᠩᠭᠢ ᠨᠢ ᠬᠤᠷᠤᠬᠠᠢ ᠠᠯᠠᠬᠤ ᠪᠠᠺᠲ᠋ᠧᠷᠢ ᠬᠤᠷᠢᠭᠠᠬᠤ ᠦᠢᠯᠡᠳᠦᠯ ᠲᠠᠢ᠃     ᠬᠦᠷᠦᠯᠴᠡᠭᠦ ᠦᠬᠡᠢ ᠲᠠᠯ᠎ᠠ᠄  ᠰᠡᠷᠬᠡᠶᠢᠯᠡᠨ ᠵᠠᠰᠠᠬᠤ ᠦᠷ᠎ᠡ ᠠᠰᠢᠭ ᠨᠢ ᠶᠡᠷᠦ ᠳᠡᠭᠡᠨ ᠨᠡᠯᠢᠶᠡᠳ ᠤᠳᠠᠭᠠᠨ᠂ ᠬᠦᠨᠦᠬᠡᠯᠳᠦ ᠠᠮᠢᠳᠤ ᠪᠤᠳᠠᠰ ᠢ ᠬᠢᠵᠠᠭᠠᠷᠯᠠᠬᠤ ᠬᠡᠪᠴᠢᠶ᠎ᠡ ᠨᠢ ᠨᠡᠯᠢᠶᠡᠳ ᠢᠪᠴᠤᠤ᠂ ᠤᠷᠴᠢᠨ ᠲᠤᠭᠤᠷᠢᠨ ᠤ ᠨᠦᠬᠦᠴᠡᠯ ᠤᠨ ᠬᠢᠵᠠᠭᠠᠷᠯᠠᠯ ᠪᠠ ᠬᠠᠷᠰᠢᠯᠠᠯ ᠢ ᠨᠡᠯᠢᠶᠡᠳ ᠠᠮᠠᠷᠬᠠᠨ ᠬᠦᠷᠳᠡᠵᠦ᠂ ᠦᠢᠯᠡᠳᠬᠦᠨ ᠤ ᠬᠦᠴᠦᠨ ᠲᠠᠢ ᠬᠤᠭᠤᠴᠠᠭ᠎ᠠ ᠨᠢ ᠤᠬᠤᠷ᠂ ᠶᠠᠰᠤ ᠴᠢᠨᠠᠷ ᠤᠨ ᠲᠤᠭᠳᠠᠭᠤᠨ ᠴᠢᠨᠠᠷ ᠨᠢ ᠨᠡᠯᠢᠶᠡᠳ ᠠᠨᠠᠢ ᠪᠠᠶᠢᠳᠠᠭ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号