ᠡᠷᠳᠡᠨᠢ ᠰᠢᠰᠢ ᠶᠢᠨ ᠪᠠᠭᠠᠷᠠᠩ ᠬᠤᠷᠤᠬᠠᠢ ᠶᠢ ᠢᠯᠭᠠᠨ ᠲᠠᠨᠢᠬᠤ ᠪᠠ ᠰᠡᠷᠬᠡᠶᠢᠯᠡᠨ ᠵᠠᠰᠠᠬᠤ ᠠᠷᠭ᠎ᠠ
ᠨᠡᠶᠢᠲᠡᠯᠡᠭᠰᠡᠨ ᠴᠠᠭ᠄
2021/8/5
     ᠡᠷᠳᠡᠨᠢ ᠰᠢᠰᠢ ᠶᠢᠨ ᠪᠠᠭᠠᠷᠠᠩ ᠬᠤᠷᠤᠬᠠᠢ ᠬᠦᠢᠬᠡᠨ ᠨᠤᠭᠤᠭᠠᠨ ᠦᠩᠭᠡ ᠲᠠᠢ᠂ ᠵᠤᠤᠪᠠᠩ ᠬᠡᠯᠪᠡᠷᠢᠳᠡᠢ ᠪᠤᠶᠤ ᠨᠠᠷᠢᠨ ᠤᠷᠳᠤ ᠬᠡᠯᠪᠡᠷᠢᠳᠡᠢ᠂ ᠲᠤᠯᠤᠭᠠᠢ ᠪᠠ ᠡᠪᠴᠢᠭᠦᠦ ᠨᠢ ᠬᠦᠷᠡᠩ ᠬᠠᠷ᠎ᠠ ᠦᠩᠭᠡ ᠲᠠᠢ᠃ ᠡᠷᠳᠡᠨᠢ ᠰᠢᠰᠢ ᠶᠢᠨ ᠪᠠᠭᠠᠷᠠᠩ ᠬᠤᠷᠣᠬᠠᠢ ᠤᠷᠭᠤᠮᠠᠯ ᠤᠨ ᠡᠷᠡᠭᠦᠯ ᠴᠢᠬᠢᠷᠠᠭ ᠢ ᠨᠦᠯᠦᠬᠡᠯᠡᠬᠦ ᠪᠠᠷ ᠪᠠᠷᠠᠬᠤ ᠦᠬᠡᠢ ᠪᠠᠰᠠ ᠤᠷᠭᠤᠮᠠᠯ ᠤᠨ ᠨᠠᠪᠴᠢ ᠶᠢ ᠠᠳᠣᠷᠢᠭᠤᠯᠤᠨ᠎ᠠ᠃ ᠪᠠᠰᠠ ᠡᠪᠡᠳᠴᠢᠨ ᠤ ᠬᠤᠤᠷ ᠲᠠᠮᠵᠢᠭᠤᠯᠬᠤ ᠠᠷᠭ᠎ᠠ ᠵᠠᠮ ᠮᠦᠨ᠃      ᠰᠡᠷᠬᠡᠶᠢᠯᠡᠨ ᠵᠠᠰᠠᠬᠤ ᠠᠷᠭ᠎ᠠ᠄     1. ᠡᠮ ᠲᠠᠢ ᠬᠤᠯᠢᠵᠤ ᠲᠠᠷᠢᠬᠤ  ᠄  ᠡᠷᠳᠡᠨᠢ ᠰᠢᠰᠢ ᠶᠢ ᠲᠠᠷᠢᠬᠤ ᠠᠴᠠ ᠡᠮᠦᠨ᠎ᠡ ᠵᠤᠬᠢᠬᠤ ᠬᠡᠮᠵᠢᠶᠡᠨ ᠤ ᠲᠠᠷᠢᠶᠠᠨ ᠡᠮ ᠢ ᠡᠷᠳᠡᠨᠢ ᠰᠢᠰᠢ ᠶᠢᠨ ᠦᠷ᠎ᠡ ᠲᠠᠢ ᠬᠠᠮᠳᠤ ᠬᠤᠯᠢᠵᠤ ᠨᠠᠶᠢᠷᠠᠭᠤᠯᠤᠭᠰᠠᠨ ᠤ ᠲᠠᠷᠠᠭ᠎ᠠ ᠲᠠᠷᠢᠨ᠎ᠠ᠃ ᠲᠠᠷᠢᠶᠠᠨ ᠡᠮ  ᠡᠷᠳᠡᠨᠢ ᠰᠢᠰᠢ ᠶᠢᠨ ᠦᠷ᠎ᠡ ᠶᠢ ᠬᠠᠮᠠᠭᠠᠯᠠᠬᠤ ᠶᠢᠨ ᠬᠠᠮᠳᠤ ᠪᠠᠰᠠ ᠨᠢᠬᠡᠳᠦᠬᠡᠷ ᠤᠳᠠᠭ᠎ᠠ ᠲᠠᠷᠢᠶᠠᠨ ᠦᠷ᠎ᠡ ᠶᠢ ᠦᠩᠭᠡᠯᠡᠨ᠎ᠡ᠃ ᠰᠡᠬᠦᠯᠡᠷ ᠨᠢ ᠲᠠᠷᠢᠶᠠᠨ ᠦᠷ᠎ᠡ ᠰᠤᠶᠤᠭᠠᠯᠠᠭᠰᠠᠨ ᠤ ᠲᠠᠷᠠᠭ᠎ᠠ ᠲᠠᠬᠢᠨ ᠨᠢᠬᠡ ᠤᠳᠠᠭ᠎ᠠ ᠡᠮ ᠰᠠᠴᠤᠵᠤ᠂ ᠬᠤᠶᠠᠳᠤᠭᠠᠷ ᠤᠳᠠᠭ᠎ᠠ ᠲᠠᠷᠢᠶᠠᠨ ᠦᠷ᠎ᠡ ᠶᠢ ᠦᠩᠭᠡᠯᠡᠨ᠎ᠡ᠂ ᠢᠩᠭᠢᠪᠡᠯ  ᠡᠷᠳᠡᠨᠢ ᠰᠢᠰᠢ ᠶᠢᠨ ᠪᠠᠭᠠᠷᠠᠩ ᠬᠤᠷᠤᠬᠠᠢ ᠶᠢ ᠠᠰᠢᠭᠳᠠᠢ ᠬᠤᠷᠢᠭᠯᠠᠵᠤ ᠴᠢᠳᠠᠨ᠎ᠠ᠃     2. ᠡᠮ ᠰᠠᠴᠣᠵᠣ ᠪᠤᠷᠳᠤᠭᠤᠷ ᠤᠷᠤᠭᠤᠯᠬᠤ᠄ ᠡᠷᠳᠡᠨᠢ ᠰᠢᠰᠢ ᠪᠠᠭᠠᠷᠠᠩ ᠬᠤᠷᠤᠬᠠᠢ ᠳᠤ ᠬᠦᠨᠦᠬᠡᠭᠳᠡᠬᠦ ᠦᠶᠡᠰ ᠵᠠᠪᠠᠯ ᠱᠤᠸᠠᠵᠠ ᠪᠠᠷ ᠬᠤᠷᠤᠬᠠᠢ ᠶᠢ ᠬᠤᠷᠳᠤᠨ ᠱᠤᠸᠠᠳᠠᠵᠤ  ᠬᠠᠶᠠᠬᠤ ᠬᠡᠷᠡᠭᠳᠡᠢ᠃ ᠱᠣᠸᠠᠳᠠᠵᠤ ᠪᠠᠷᠠᠭᠰᠠᠨ  ᠤ ᠲᠠᠷᠠᠭ᠎ᠠ ᠬᠤᠷᠳᠤᠬᠠᠨ ᠡᠮ ᠰᠠᠴᠤᠨ᠎ᠠ᠃ ᠨᠢᠬᠡ ᠭᠠᠷᠠᠭ ᠠᠯᠣᠰᠯᠠᠪᠠᠯ ᠵᠤᠬᠢᠰᠳᠠᠢ ᠬᠤᠷᠢᠭᠯᠠᠵᠤ ᠲᠡᠶᠢᠯᠦᠨ᠎ᠡ᠃ ᠨᠡᠶᠢᠳᠡ ᠭᠤᠷᠪᠠ ᠲᠦᠷᠪᠡ ᠤᠳᠠᠭ᠎ᠠ ᠰᠠᠴᠣᠪᠠᠯ ᠵᠤᠬᠢᠰᠳᠠᠢ ᠬᠤᠷᠢᠭᠯᠠᠵᠤ ᠲᠡᠶᠢᠯᠦᠨ᠎ᠡ᠃     3. ᠤᠷᠴᠢᠨ ᠲᠤᠭᠷᠢᠨ ᠤ ᠨᠦᠬᠦᠴᠡᠯ ᠢ ᠰᠠᠶᠢᠵᠢᠷᠠᠭᠤᠯᠬᠤ᠄ ᠡᠷᠳᠡᠨᠢ ᠰᠢᠰᠢ ᠪᠠᠭᠠᠷᠠᠩ ᠬᠤᠷᠤᠬᠠᠢ ᠳᠤ ᠬᠦᠨᠦᠬᠡᠭᠳᠡᠬᠦ ᠦᠶᠡᠰ ᠡᠮ ᠰᠠᠴᠣᠬᠤ ᠠᠴᠠ ᠭᠠᠳᠠᠨ᠎ᠠ ᠪᠠᠰᠠ ᠤᠷᠴᠢᠨ ᠲᠤᠭᠤᠷᠢᠨ ᠤ ᠨᠦᠬᠦᠴᠡᠯ ᠢ ᠰᠠᠶᠢᠵᠢᠷᠠᠭᠤᠯᠬᠤ ᠬᠡᠷᠡᠭᠳᠡᠢ᠃ ᠦᠷᠬᠦᠯᠵᠢ ᠲᠠᠷᠢᠶᠠᠨ ᠭᠠᠵᠠᠷ ᠤᠨ ᠡᠪᠡᠰᠦ ᠶᠢ ᠠᠷᠴᠢᠵᠤ᠂ ᠰᠠᠯᠬᠢ ᠨᠡᠪᠳᠡᠷᠡᠬᠦ ᠶᠢ ᠪᠠᠳᠤᠯᠠᠬᠤ ᠬᠡᠷᠡᠭᠳᠡᠢ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号