ᠰᠢ ᠰᠢᠶᠤᠤ ᠵᠤᠤ ᠪᠠᠯᠭᠠᠰᠤᠨ ᠤ ᠠᠯᠴᠢᠭᠤᠷᠳᠠᠨ ᠤ ᠰᠠᠶᠢᠨ ᠲᠤᠷᠠᠴᠤᠳ ᠤᠨ ᠦᠢᠯᠡᠴᠢᠯᠡᠬᠡᠨ ᠤ ᠠᠵᠢᠯᠯᠠᠭ᠎ᠠ ᠦᠷᠭᠦᠯᠵᠢ ᠶᠢᠨ ᠴᠢᠨᠠᠷᠳᠠᠢ ᠪᠤᠯᠪᠠ
ᠨᠡᠶᠢᠲᠡᠯᠡᠭᠰᠡᠨ ᠴᠠᠭ᠄
2021/8/5
     ᠤᠶᠢᠷ᠎ᠠ ᠶᠢᠨ ᠡᠳᠦᠷ᠂ ᠰᠢ ᠰᠢᠶᠤᠤ ᠵᠤᠤ ᠪᠠᠯᠭᠠᠰᠤᠨ ᠤ ᠹᠦ᠋ ᠱᠧᠩ ᠲᠤᠰᠬᠤᠨ᠂ ᠬᠦᠩ ᠲᠢᠶᠡᠨ ᠲᠤᠰᠬᠤᠨ ᠵᠡᠷᠭᠡ ᠠᠯᠴᠢᠭᠤᠷᠳᠠᠨ ᠤ ᠰᠠᠶᠢᠨ ᠲᠤᠷᠠᠴᠤᠳ  ᠢ ᠵᠤᠬᠢᠶᠠᠨ ᠪᠠᠶᠢᠭᠤᠯᠤᠨ ᠲᠤᠰᠬᠤᠨ ᠢ ᠴᠡᠪᠡᠷᠯᠡᠬᠦ ᠰᠠᠶᠢᠨ ᠲᠤᠷ᠎ᠠ ᠶᠢᠨ ᠠᠵᠢᠯᠯᠠᠭ᠎ᠠ ᠦᠷᠨᠢᠬᠦᠯᠵᠦ᠂ ᠭᠤᠶᠤ ᠦᠵᠡᠰᠬᠦᠯᠡᠩᠳᠦ ᠬᠦᠳᠡᠭᠡ ᠲᠤᠰᠬᠤᠨ ᠢ ᠪᠦᠳᠦᠬᠡᠨ ᠪᠠᠶᠢᠭᠤᠯᠬᠤ ᠳᠤ ᠠᠯᠴᠢᠭᠤᠷᠳᠠᠨ  ᠬᠤᠪᠢ ᠨᠡᠮᠡᠬᠦᠷᠢ ᠪᠠᠨ ᠡᠷᠭᠦᠪᠡ᠃      ᠰᠠᠶᠢᠨ ᠲᠤᠷ᠎ᠠ ᠶᠢᠨ ᠠᠵᠢᠯᠯᠠᠭ᠎ᠠ ᠶᠢᠨ ᠡᠳᠦᠷ ᠨᠡᠶᠢᠳᠡ 20 ᠭᠠᠷᠤᠢ ᠬᠦᠮᠦᠨ ᠤᠷᠤᠯᠴᠠᠵᠤ᠂ ᠱᠦᠬᠦᠷ᠂ ᠬᠦᠷᠵᠡ᠂  ᠬᠤᠭ ᠤᠨ ᠤᠭᠤᠳᠠ ᠠᠪᠴᠤ᠂ ᠲᠤᠰᠬᠤᠨ ᠤ ᠵᠠᠰᠠᠮᠠᠯ ᠵᠠᠮ ᠤᠨ ᠬᠠᠵᠠᠭᠤ ᠬᠠᠪᠢ᠂ ᠨᠤᠭᠤᠭᠠᠷᠠᠵᠢᠭᠤᠯᠤᠯᠳᠠ ᠶᠢᠨ ᠭᠠᠵᠠᠷ᠂ ᠠᠶᠢᠯ ᠬᠡᠷ ᠤᠨ ᠬᠦᠷᠢᠶ᠎ᠠ ᠬᠠᠰᠢᠶ᠎ᠠ᠂ ᠭᠤᠤ ᠰᠤᠪᠠᠭ ᠵᠡᠷᠭᠡ ᠭᠠᠵᠠᠷ ᠤᠨ ᠬᠤᠭ ᠨᠤᠪᠰᠢ ᠶᠢ ᠴᠡᠪᠡᠷᠯᠡᠨ᠂ ᠲᠤᠰᠬᠤᠨ ᠤ ᠠᠷᠠᠳ ᠲᠤ ᠭᠤᠶᠤ ᠦᠵᠡᠰᠬᠦᠯᠡᠩᠳᠦ ᠬᠦᠳᠡᠭᠡ ᠲᠤᠰᠬᠤᠨ ᠢ ᠪᠦᠳᠦᠬᠡᠨ ᠪᠠᠶᠢᠭᠤᠯᠬᠤ ᠲᠤᠬᠠᠢ ᠬᠤᠯᠪᠤᠭᠳᠠᠯ ᠪᠦᠬᠦᠢ ᠲᠤᠬᠢᠷᠠᠭᠤᠯᠤᠯᠳᠠ ᠪᠠᠶᠢᠷᠢᠯᠠᠭᠤᠯᠤᠳᠠ ᠶᠢ ᠤᠬᠠᠭᠤᠯᠤᠨ ᠶᠠᠷᠢᠵᠤ᠂ ᠠᠷᠠᠳ ᠤᠨ ᠠᠮᠢᠳᠤᠷᠠᠯ ᠤᠨ ᠬᠤᠭ ᠨᠤᠪᠰᠢ ᠪᠠᠨ ᠲᠤᠬᠢᠳᠠᠢ ᠰᠡᠢᠳᠪᠦᠷᠢᠯᠡᠬᠦ ᠶᠢ ᠰᠠᠨᠠᠭᠤᠯᠪᠠ᠃ ᠤᠶᠢᠷ᠎ᠠ ᠶᠢᠨ ᠵᠢᠯ ᠠᠴᠠ ᠨᠠᠰᠢ᠂ ᠰᠢ ᠰᠢᠶᠤᠤ ᠪᠠᠯᠭᠠᠰᠤᠨ ᠤ ᠡᠯ᠎ᠡ ᠲᠤᠰᠬᠤᠨ ᠢᠶᠠᠷ ᠨᠢᠬᠡ ᠪᠦᠯᠦᠭ ᠠᠯᠴᠢᠭᠤᠷᠳᠠᠨ ᠤ ᠰᠠᠶᠢᠨ ᠲᠤᠷᠠᠴᠤᠳ᠂ ᠠᠶᠢᠯ ᠲᠤᠰᠬᠤᠨ  ᠢᠶᠠᠷ ᠤᠷᠤᠵᠤ ᠨᠠᠮ ᠤᠨ ᠤᠨᠤᠯ ᠪᠠ ᠠᠷᠠᠳ ᠲᠤ ᠬᠠᠷᠠᠭᠠᠯᠵᠠᠯᠠᠯ ᠦᠵᠡᠬᠦᠯᠬᠦ ᠲᠦᠷᠦ ᠶᠢᠨ ᠪᠤᠳᠤᠯᠭ᠎ᠠ ᠶᠢᠨ ᠲᠤᠬᠠᠢ ᠤᠬᠠᠭᠤᠯᠭ᠎ᠠ ᠬᠢᠵᠦ᠂ ᠰᠢᠶᠠᠩ ᠲᠤᠰᠬᠤᠨ ᠤ ᠬᠦᠭᠵᠢᠯ ᠮᠠᠨᠳᠤᠯ ᠳᠤ ᠬᠤᠪᠢ ᠨᠡᠮᠡᠬᠦᠷᠢ ᠪᠠᠨ ᠦᠵᠡᠬᠦᠯᠦᠭᠰᠡᠬᠡᠷ ᠢᠷᠡᠪᠡ᠃ ᠤᠶᠢᠯᠠᠭᠠᠬᠤ ᠪᠠᠷ ᠰᠢ ᠰᠢᠶᠤᠤ ᠵᠤᠤ ᠪᠠᠯᠭᠠᠰᠤᠨ ᠤ 11 ᠲᠤᠰᠬᠤᠨ ᠨᠢ ᠤᠳᠤ ᠨᠢᠬᠡᠨᠳᠡ ᠰᠠᠷ᠎ᠠ ᠪᠦᠷᠢ ᠶᠢᠨ 13 ᠤ ᠡᠳᠦᠷ᠂ 28   ᠤ ᠡᠳᠦᠷ ᠲᠤ ᠠᠯᠴᠢᠭᠤᠷᠳᠠᠨ ᠤ ᠰᠠᠶᠢᠨ ᠲᠤᠷᠠᠴᠤᠳ ᠤᠨ ᠦᠢᠯᠡᠴᠢᠯᠡᠬᠡᠨ ᠤ ᠠᠵᠢᠯᠯᠠᠭ᠎ᠠ ᠶᠢ ᠦᠷᠬᠦᠯᠵᠢ ᠶᠢᠨ ᠴᠢᠨᠠᠷᠳᠠᠢ ᠪᠠᠷ ᠦᠷᠨᠢᠬᠦᠯᠬᠦ ᠪᠤᠯᠤᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ