ᠲᠦᠬᠦᠬᠡᠢ ᠭᠠ ᠬᠤᠳᠤᠷᠢᠩᠭᠡᠢ ᠬᠡᠳᠡᠰᠦᠨ ᠤ ᠦᠷᠪᠢᠰᠦᠯ ᠳᠤ ᠲᠤᠰᠠᠳᠠᠢ
ᠨᠡᠶᠢᠲᠡᠯᠡᠭᠰᠡᠨ ᠴᠠᠭ᠄
2021/8/9
   ᠤᠶᠢᠷ᠎ᠠ ᠳᠤ ᠠᠮᠧᠷᠢᠺᠠ ᠶᠢᠨ ᠮᠢᠰᠢᠶᠧᠭᠧᠨ ᠡᠮᠨᠡᠯᠭᠡ ᠶᠢᠨ ᠶᠡᠭᠡ ᠰᠣᠷᠭᠠᠭᠤᠯᠢ ᠶᠢᠨ ᠰᠣᠳᠣᠯᠭᠠᠳᠠᠳ ᠤᠨ ᠢᠯᠡᠷᠡᠭᠦᠯᠦᠭᠰᠡᠨ ᠢᠶᠠᠷ᠂ ᠲᠦᠬᠦᠬᠡᠢ ᠭᠠ ᠲᠠᠢ ᠡᠮ ᠤᠤᠭᠤᠪᠠᠯ  ᠬᠤᠳᠤᠷᠢᠩᠭᠡᠢ ᠬᠡᠳᠡᠰᠦᠨ ᠤ ᠦᠷᠪᠢᠰᠦᠯ ᠳᠤ ᠵᠤᠬᠢᠬᠤ ᠡᠮᠨᠡᠬᠦ ᠦᠢᠯᠡᠳᠦᠯ ᠲᠠᠢ᠃ ᠰᠣᠳᠣᠯᠭᠠᠳᠠᠳ ᠬᠤᠳᠤᠷᠢᠩᠭᠡᠢ ᠬᠡᠳᠡᠰᠦᠨ ᠤ ᠦᠷᠪᠢᠰᠦᠯ ᠲᠠᠢ 60 ᠡᠪᠡᠳᠴᠢᠳᠡᠨ ᠢ ᠬᠤᠶᠠᠷ ᠲᠤᠭᠤᠶᠢᠯᠠᠩ ᠬᠤᠪᠢᠶᠠᠭᠠᠳ᠂ ᠨᠢᠬᠡ ᠲᠤᠭᠤᠶᠢᠯᠠᠩ ᠳᠤ ᠨᠢ ᠲᠦᠬᠦᠬᠡᠢ ᠭᠠ ᠠᠴᠠ ᠪᠤᠯᠪᠠᠰᠤᠷᠠᠭᠤᠯᠤᠭᠰᠠᠨ ᠬᠤᠮᠵᠢᠶ᠎ᠠ ᠡᠮ ᠤᠤᠭᠤᠯᠭᠠᠨ᠂ ᠨᠦᠬᠦᠬᠡ ᠨᠢᠬᠡ ᠲᠤᠭᠤᠶᠢᠯᠠᠩ ᠳᠤ ᠨᠢ   ᠲᠠᠶᠢᠳᠬᠤᠷᠠᠭᠤᠯᠬᠤ ᠡᠮ ᠤᠤᠭᠤᠯᠭᠠᠵᠤ᠂ ᠲᠡᠳᠡᠨ ᠤ ᠬᠡᠳᠡᠰᠦᠨ ᠤ ᠰᠢᠩᠭᠡᠨ ᠵᠡᠷᠭᠡ ᠶᠢ ᠵᠠᠳᠠᠯᠬᠤ ᠪᠠᠷ ᠲᠠᠮᠵᠢᠭᠤᠯᠤᠨ ᠡᠮᠨᠡᠭᠦ ᠦᠢᠯᠡᠳᠦᠯ ᠢ ᠦᠨᠡᠯᠡᠪᠡ᠃ ᠡᠭᠦᠨ ᠤ ᠳ᠋ᠦᠩ ᠳᠤ ᠲᠠᠶᠢᠳᠬᠤᠷᠠᠭᠤᠯᠬᠤ ᠡᠮ ᠤᠤᠭᠤᠭᠰᠠᠨ ᠡᠪᠡᠳᠴᠢᠳᠡᠨ ᠲᠠᠢ ᠬᠠᠷᠢᠴᠠᠭᠤᠯᠪᠠᠯ ᠲᠦᠬᠦᠬᠡᠢ ᠭᠠ ᠠᠴᠠ ᠪᠤᠯᠪᠠᠰᠤᠷᠠᠭᠤᠯᠤᠨ ᠠᠪᠤᠭᠰᠠᠨ ᠡᠮ ᠢ ᠤᠤᠭᠤᠭᠰᠠᠨ ᠡᠪᠡᠳᠴᠢᠳᠡᠨ ᠤ ᠬᠤᠳᠤᠷᠢᠩᠭᠡᠢ ᠬᠡᠳᠡᠰᠦᠨ ᠤ ᠦᠷᠪᠢᠰᠦᠯ ᠤᠨ ᠬᠦᠢᠴᠡᠳᠭᠡᠯ ᠬᠦᠰᠦᠨᠦᠭᠳᠦ ᠨᠢ ᠴᠦᠮ ᠵᠤᠬᠢᠬᠤ ᠬᠡᠮᠵᠢᠶ᠎ᠡ ᠪᠠᠷ ᠪᠠᠭᠤᠷᠠᠬᠤ ᠬᠠᠨᠳᠤᠰᠢ  ᠲᠠᠢ ᠪᠠᠶᠢᠪᠠ᠃ ︿︿ᠦᠮᠡᠨ ᠤ ᠰᠡᠷᠭᠡᠶᠢᠯᠡᠯᠳᠡ ᠶᠢᠨ ᠰᠣᠳᠣᠯᠣᠯ﹀﹀  ᠰᠡᠳᠬᠦᠯ ᠲᠡᠭᠡᠷ᠎ᠡ ᠨᠡᠶᠢᠳᠡᠯᠡᠭᠳᠡᠭᠰᠡᠨ ᠲᠤᠰ ᠰᠣᠳᠣᠯᠭᠠᠨ ᠤ ᠰᠠᠨᠠᠭᠤᠯᠤᠭᠰᠠᠨ ᠢᠶᠠᠷ᠂ ᠬᠠᠷᠢᠴᠠᠩᠭᠤᠢ ᠢᠶᠠᠷ ᠲᠦᠬᠦᠬᠡᠢ ᠭᠠ ᠢᠳᠡᠳᠡᠭ ᠦᠬᠡᠢ ᠬᠦᠮᠦᠨ ᠲᠠᠢ ᠬᠠᠷᠢᠭᠤᠴᠠᠭᠤᠯᠪᠠᠯ ᠲᠦᠭᠦᠬᠡᠢ ᠭᠠ ᠬᠡᠪ ᠢᠶᠠᠷ ᠢᠳᠡᠳᠡᠭ ᠬᠦᠮᠦᠨ ᠤ ᠬᠤᠳᠤᠷᠢᠩᠭᠡᠢ ᠬᠡᠳᠡᠰᠦᠨ ᠤ ᠦᠷᠪᠢᠰᠦᠯ ᠳᠤ ᠨᠡᠪᠳᠡᠷᠡᠬᠦ ᠨᠤᠷᠮ᠎ᠠ 28 % ᠪᠠᠷ ᠲᠤᠷᠤᠭᠰᠢᠯᠠᠳᠠᠭ᠃  ᠬᠡᠶ᠎ᠡ ᠡᠨᠡ ᠨᠢ ᠵᠦᠪᠬᠡᠨ ᠠᠩᠬ᠎ᠠ ᠠᠯᠬᠤᠮ ᠤᠨ ᠰᠣᠳᠣᠯᠭᠠᠨ ᠲᠤᠯᠠ ᠦᠷᠭᠡᠨ ᠤᠯᠠᠨ ᠡᠪᠳᠴᠢᠳᠡᠨ ᠡᠪᠡᠳᠴᠢᠨ ᠢᠶᠠᠨ  ᠡᠮᠨᠡᠬᠦ ᠵᠤᠷᠢᠯᠭ᠎ᠠ ᠪᠠᠷ ᠲᠦᠭᠦᠬᠡᠢ ᠭᠠ ᠶᠢ ᠶᠡᠭᠡ ᠬᠡᠮᠵᠢᠶ᠎ᠡ ᠪᠠᠷ ᠢᠳᠡᠵᠦ ᠪᠤᠯᠬᠤ ᠦᠬᠡᠢ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号