ᠰᠢᠶᠠᠨ ᠫᠧᠩ ᠲᠤᠰᠬᠤᠨ ᠤ ᠠᠷᠠᠳ ᠴᠢᠨ᠋ᠸ᠎ᠠ ᠶᠢᠨ ᠬᠠᠷᠮᠠᠭ ᠤᠨ ᠮᠤᠳᠤᠨ ᠤ ᠲᠤᠤᠭᠤᠷ ᠤᠯᠠᠭᠠᠨ ᠡᠷᠡᠭᠴᠢᠨ ᠲᠠᠬᠢᠶ᠎ᠠ ᠲᠡᠵᠢᠬᠡᠵᠦ ᠤᠷᠤᠯᠭ᠎ᠠ ᠪᠠᠨ ᠨᠡᠮᠡᠭᠳᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2021/8/9
      ᠤᠷᠠᠳ ᠤᠨ ᠡᠮᠦᠨᠡᠳᠦ ᠬᠤᠰᠢᠭᠤᠨ ᠤ ᠰᠢᠶᠠᠨ ᠹᠧᠩ ᠪᠠᠯᠭᠠᠰᠤᠨ ᠤ ᠰᠢ ᠪᠠ ᠲᠸᠤ ᠲᠠᠷᠢᠶᠠᠯᠠᠩ ᠤᠨ ᠲᠤᠰᠬᠠᠢ ᠬᠤᠷᠰᠢᠶᠠᠵᠢᠯ ᠤᠨ  ᠴᠢᠨ᠋ᠸ᠎ᠠ ᠶᠢᠨ ᠬᠠᠷᠮᠠᠭ  ᠤᠨ ᠭᠠᠵᠠᠷ ᠲᠤ 2000 ᠭᠠᠷᠣᠢ ᠤᠯᠠᠭᠠᠨ ᠡᠷᠡᠭᠴᠢᠨ ᠲᠡᠬᠢᠶ᠎ᠡ ᠰᠦᠯᠵᠢᠯᠳᠦᠵᠦ ᠪᠠᠶᠢᠯ᠎ᠠ᠂ ᠡᠨᠡ ᠪᠤᠯ ᠲᠠᠷᠤᠢ ᠴᠢᠨ᠋ᠸ᠎ᠠ ᠶᠢᠨ ᠬᠠᠷᠮᠠᠭ ᠤᠨ ᠲᠠᠬᠢᠶ᠎ᠠ — ᠨᠤᠳᠤᠭ ᠤᠨ ᠲᠦᠷᠦᠯ ᠲᠡᠮᠳᠡᠭᠳᠦ ᠬᠤᠩ ᠢᠦᠢ ᠲᠠᠬᠢᠶ᠎ᠠ ᠪᠤᠯᠤᠨ᠎ᠠ᠃ ᠴᠢᠨ᠋ᠸ᠎ᠠ ᠶᠢᠨ ᠬᠠᠷᠮᠠᠭ ᠤᠨ ᠨᠤᠳᠤᠭ ᠪᠤᠯᠤᠭᠰᠠᠨ ᠤ ᠬᠤᠪᠢ ᠳᠤ ᠴᠢᠨ᠋ᠸ᠎ᠠ ᠶᠢᠨ ᠬᠠᠷᠮᠠᠭ ᠨᠢ ᠰᠢᠶᠠᠨ ᠹᠧᠩ ᠪᠠᠯᠭᠠᠰᠤᠨ ᠤ ᠨᠡᠷ᠎ᠡ ᠲᠡᠮᠳᠡᠭᠳᠦ ᠪᠤᠯᠵᠠᠢ᠃  ᠬᠡᠪᠡᠴᠦ ᠤᠶᠢᠷ᠎ᠠ ᠶᠢᠨ ᠵᠢᠯ ᠳᠤ ᠣᠳᠣᠮᠰᠢᠯᠳᠣ ᠴᠢᠨ᠋ᠸ᠎ᠠ ᠶᠢᠨ ᠬᠠᠷᠮᠠᠭ ᠤᠨ ᠲᠠᠷᠢᠮᠠᠯ ᠨᠢ ᠬᠢᠵᠠᠭᠠᠷᠯᠠᠯ ᠳᠤ ᠤᠴᠠᠷᠠᠵᠤ᠂ ᠡᠮᠦᠨᠡᠳᠦ ᠬᠤᠰᠢᠭᠤᠨ ᠤ ᠲᠠᠷᠢᠶᠠᠴᠢᠳ ᠰᠢᠨ᠎ᠡ ᠴᠢᠨ᠋ᠸ᠎ᠠ ᠶᠢᠨ ᠬᠠᠷᠮᠠᠭ   ᠤᠨ ᠠᠵᠤ ᠠᠬᠤᠢ ᠶᠢ ᠰᠦᠪᠡᠭᠴᠢᠯᠡᠵᠦ ᠡᠬᠢᠯᠡᠵᠡᠢ᠃       2016  ᠤᠨ ᠳᠤ ᠨᠢᠬᠡ ᠤᠳᠠᠭᠠᠨ ᠤ ᠬᠡᠨᠡᠳᠳᠡ ᠶᠢᠨ ᠲᠤᠬᠢᠶᠠᠯ ᠢᠶᠠᠷ ᠸᠠᠩ ᡁᠢ ᠴᠢᠨᠣ ᠶᠢᠨ ᠬᠠᠷᠮᠠᠭ ᠤᠨ ᠲᠠᠬᠢᠶ᠎ᠠ ᠲᠡᠵᠢᠬᠡᠬᠦ ᠪᠤᠳᠤᠯ ᠤᠷᠤᠵᠤ᠂ ᠴᠢᠨ᠋ᠸ᠎ᠠ ᠶᠢᠨ ᠬᠠᠷᠮᠠᠭ ᠤᠨ ᠮᠤᠳᠤᠨ ᠤ ᠠᠵᠤ ᠠᠬᠤᠢ ᠶᠢ ᠬᠦᠭᠵᠢᠬᠦᠯᠵᠦ᠂ ᠲᠠᠬᠢᠶ᠎ᠠ ᠲᠡᠵᠢᠬᠡᠵᠦ ᠡᠬᠢᠯᠡᠵᠡᠢ᠃ ᠲᠠᠬᠢᠶ᠎ᠠ ᠨᠢ ᠭᠠᠵᠠᠷ ᠤᠨᠠᠭᠰᠠᠨ ᠴᠢᠨ᠋ᠸ᠎ᠠ ᠶᠢᠨ ᠬᠠᠷᠮᠠᠭ᠂ ᠡᠪᠡᠰᠦᠨ ᠦᠷ᠎ᠡ᠂ ᠬᠤᠷᠤᠬᠠᠢ ᠰᠢᠪᠡᠵᠢ ᠶᠢ ᠲᠡᠬᠦᠵᠦ ᠢᠳᠡᠵᠤ᠂ ᠲᠠᠬᠢᠨ ᠬᠤᠨᠴᠢᠷ ᠵᠡᠷᠭᠡ ᠬᠢᠳᠡᠳ ᠡᠪᠡᠰᠦᠨ ᠡᠮ ᠨᠦᠬᠦᠪᠦᠷᠢᠯᠡᠨ ᠲᠡᠵᠢᠬᠡᠵᠦ᠂ ᠲᠠᠬᠢᠶᠠᠨ ᠤ ᠪᠡᠶ᠎ᠡ ᠪᠢᠯᠳᠠᠷ ᠨᠢ ᠪᠦᠳᠦᠬᠦᠨ ᠴᠢᠬᠢᠷᠠᠭ ᠪᠤᠯᠵᠤ᠂ ᠡᠪᠳᠴᠢᠨ ᠬᠡᠮ ᠢ ᠲᠡᠰᠪᠦᠷᠢᠯᠡᠬᠦ ᠴᠢᠳᠠᠪᠤᠷᠢ ᠴᠤ ᠨᠡᠮᠡᠭᠳᠡᠨ᠂ ᠮᠢᠬ᠎ᠠ ᠨᠢ ᠰᠢᠮ᠎ᠡ ᠲᠡᠵᠢᠬᠡᠯ ᠢᠶᠠᠷ ᠦᠨᠳᠦᠷ ᠪᠠᠶᠢᠵᠤ᠂ ᠠᠵᠤ ᠠᠬᠤᠢ ᠶᠢᠨ ᠤᠷᠤᠯᠭ᠎ᠠ ᠶᠢ ᠴᠤ ᠨᠡᠮᠡᠭᠳᠡᠬᠦᠯᠵᠡᠢ᠃ ᠢᠩᠭᠢᠵᠦ 150   ᠡᠳᠦᠷ ᠲᠡᠵᠢᠬᠡᠬᠡᠭᠰᠡᠨ ᠲᠠᠬᠢᠶ᠎ᠠ ᠶᠢᠨ ᠦᠷᠳᠡᠭ ᠴᠤ ᠨᠡᠮᠡᠭᠳᠡᠨ᠂ 150 ᠲᠦᠬᠦᠷᠢᠭ — 200 ᠲᠦᠬᠦᠷᠢᠭ ᠤᠨ ᠬᠤᠭᠤᠷᠤᠨᠳᠤ ᠪᠠᠶᠢᠵᠤ᠂ ᠨᠠᠶᠢᠵᠠ ᠶᠢᠨ ᠴᠤᠭᠯᠠᠷᠠᠯ᠂ ᠴᠡᠴᠡᠷᠡᠭᠡ ᠵᠡᠷᠭᠡ ᠰᠦᠯᠵᠢᠶᠡᠨ ᠤ ᠲᠠᠪᠴᠠᠩ ᠢᠶᠠᠷ ᠲᠠᠬᠢᠶ᠎ᠠ ᠪᠠᠨ ᠪᠦᠬᠦ ᠣᠯᠣᠰ  ᠤᠨ ᠡᠯ᠎ᠡ ᠭᠠᠵᠠᠷ ᠲᠤ ᠪᠤᠷᠤᠯᠠᠭᠤᠯᠵᠤ᠂ ᠨᠢᠳᠤᠨᠤᠨ ᠴᠢᠨ᠋ᠸ᠎ᠠ ᠶᠢᠨ ᠬᠠᠷᠮᠠᠭ ᠤᠨ ᠲᠠᠬᠢᠶ᠎ᠠ ᠪᠠᠨ ᠪᠤᠭᠤᠳᠤ ᠶᠢᠨ ᠸᠧᠢ ᠳ᠋ᠦᠸᠧ ᠯᠢ ᠬᠡᠳᠦ ᠲᠡᠯᠬᠡᠬᠦᠷ ᠲᠤ ᠤᠷᠤᠭᠤᠯᠤᠨ ᠬᠤᠳᠠᠯᠳᠤᠵᠤ᠂ ᠬᠡᠷᠡᠭᠯᠡᠭᠴᠢᠳ ᠤᠨ ᠲᠠᠭᠠᠰᠢᠶᠠᠯ ᠢ ᠬᠦᠷᠳᠡᠵᠦ᠂ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠬᠡᠢ ᠪᠤᠯᠪᠠ᠃ ᠴᠢᠨ᠋ᠸ᠎ᠠ ᠶᠢᠨ ᠬᠠᠷᠮᠠᠭ ᠴᠤ ᠲᠠᠷᠢᠶᠠᠨ ᠡᠮ ᠰᠠᠴᠤᠬᠤ ᠬᠡᠷᠡᠭ ᠦᠬᠡᠢ ᠪᠤᠯᠤᠭᠰᠠᠨ ᠢᠶᠠᠷ ᠲᠠᠷᠢᠬᠤ ᠦᠪᠡᠷ ᠤᠨ ᠦᠷᠳᠡᠭ ᠨᠢ ᠪᠠᠭᠤᠷᠠᠵᠤ᠂ ᠠᠵᠤ ᠠᠬᠤᠢ ᠶᠢᠨ ᠤᠷᠤᠯᠭ᠎ᠠ ᠨᠢ ᠨᠡᠮᠡᠭᠳᠡᠵᠦ   ᠲᠠᠬᠢᠶ᠎ᠠ ᠴᠢᠨ᠋ᠸ᠎ᠠ  ᠶᠢᠨ ᠬᠠᠷᠮᠠᠭ ᠠᠴᠠ ᠬᠤᠤᠰ ᠠᠰᠢᠭ ᠬᠦᠷᠳᠡᠪᠡ᠃ ᠲᠠᠷᠠᠭ᠎ᠠ ᠠᠯᠬᠤᠮ ᠳᠤ ᠴᠢᠨ᠋ᠸ᠎ᠠ ᠶᠢᠨ ᠬᠠᠷᠮᠠᠭ ᠤᠨ ᠲᠠᠬᠢᠶ᠎ᠠ ᠶᠢᠨ ᠦᠢᠯᠡᠰ ᠢ ᠤᠯᠠᠮ ᠨᠢᠬᠡ ᠠᠯᠬᠤᠮ ᠪᠤᠵᠠᠭᠠᠶᠢᠷᠠᠭᠤᠯᠵᠤ᠂ ᠲᠠᠷᠢᠶᠠᠴᠢᠳ ᠢ ᠬᠠᠪᠰᠤᠷᠠᠨ ᠤᠷᠤᠯᠭ᠎ᠠ ᠶᠢ ᠨᠢ ᠨᠡᠮᠡᠭᠳᠡᠭᠦᠯᠦᠨ᠎ᠡ ᠬᠡᠵᠦ ᠸᠠᠩ ᡁᠢ ᠬᠤᠶᠢᠰᠢᠳᠠ ᠶᠢᠨ ᠬᠦᠭᠵᠢᠯᠳᠡ ᠳᠡᠭᠡᠨ ᠢᠳᠡᠬᠡᠯ ᠲᠦᠬᠦᠷᠡᠩ ᠶᠠᠷᠢᠵᠤ ᠪᠠᠶᠢᠯ᠎ᠠ  ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ