ᠤᠷᠠᠳ ᠤᠨ ᠡᠮᠦᠨᠡᠳᠦ ᠬᠤᠰᠢᠭᠤᠨ ᠤ ᠠᠷᠪᠠᠨ ᠲᠦᠷᠪᠡᠳᠦᠬᠡᠷ ᠤᠳᠠᠭᠠᠨ ᠤ ᠨᠠᠮ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠶᠠᠳᠤᠭᠠᠷ ᠤᠳᠠᠭᠠᠨ ᠤ ᠬᠤᠷᠠᠯᠳᠤᠭᠠᠨ ᠶᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2021/9/13
    9 ᠰᠠᠷ᠎ᠠ ᠶᠢᠨ 8 ᠤ ᠡᠳᠦᠷ᠂  ᠤᠷᠠᠳ ᠤᠨ ᠡᠮᠦᠨᠡᠳᠦ ᠬᠤᠰᠢᠭᠤᠨ ᠤ ᠠᠷᠪᠠᠨ ᠲᠦᠷᠪᠡᠳᠦᠬᠡᠷ ᠤᠳᠠᠭᠠᠨ ᠤ ᠨᠠᠮ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠶᠠᠳᠤᠭᠠᠷ ᠤᠳᠠᠭᠠᠨ ᠤ ᠬᠤᠷᠠᠯᠳᠤᠭᠠᠨ ᠶᠢ ᠡᠷᠬᠢᠯᠡᠨ ᠬᠢᠪᠡ ᠬᠤᠰᠢᠭᠤᠨ ᠤ ᠤᠳᠤᠷᠢᠳᠤᠯᠭ᠎ᠠ ᠰᠤᠶᠤᠯᠳᠤ᠂ ᠸᠠᠩ ᠵᠢᠶᠦᠨ ᠶᠦᠨ ᠵᠢᠶᠧ᠂ ᠵᠢᠶᠠ ᠵᠧᠨ ᠬᠤᠸᠠ᠂ ᠱᠢ ᠸᠠᠩ ᠴᠢᠩ᠂ ᠰᠠᠷᠠᠨᠴᠡᠴᠡᠭ᠂ ᠭᠤᠤ ᠺᠧ᠂ ᠷᠧᠨ ᠶᠢᠨ ᠮᠢᠩ᠂ ᠬᠤᠤ ᠮᠢᠨ ᠯᠢᠤ ᠶᠤᠸᠠᠢ ᠮᠢᠩ ᠬᠤᠷᠠᠯ ᠳᠤ ᠤᠷᠤᠯᠴᠠᠪᠠ᠃ ᠰᠤ᠋ ᠴᠠᠩ᠂ ᠵᠠᠩ ᠰᠢᠶᠤᠤ ᠳ᠋ᠦᠩ᠂ ᠪᠠᠶᠠᠨᠪᠢᠯᠢᠭ᠌ ᠵᠡᠷᠭᠡ ᠬᠤᠰᠢᠭᠤᠨ   ᠤ ᠤᠳᠤᠷᠢᠳᠤᠯᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ᠂ ᠰᠠᠬᠢᠯᠭ᠎ᠠ ᠪᠠᠶᠢᠴᠠᠭᠠᠬᠤ ᠬᠤᠷᠢᠶ᠎ᠠ᠂ ᠡᠷᠡᠭᠦᠯ ᠬᠠᠮᠠᠭᠠᠯᠠᠯᠡᠷᠡᠭᠦᠯ ᠮᠡᠨᠳᠦ ᠶᠢᠨ ᠵᠦᠪᠯᠡᠯ᠂ ᠤᠷᠤᠨ ᠰᠠᠭᠤᠴᠠ ᠪᠠ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ ᠵᠡᠷᠭᠡ ᠲᠤᠪᠴᠢᠶ᠎ᠠ ᠵᠢᠴᠢ ᠬᠤᠯᠪᠤᠭᠳᠠᠯ ᠪᠦᠬᠦᠢ ᠰᠣᠮᠣ ᠪᠠᠯᠭᠠᠰᠤᠨ ᠤ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠵᠠᠢ᠃ ᠬᠤᠷᠠᠯ ᠢ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠤᠶᠤᠯᠳᠤ ᠡᠷᠬᠢᠯᠡᠪᠡ᠃ ᠬᠤᠷᠠᠯ ᠲᠡᠭᠡᠷ᠎ᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ  ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠷᠧᠨ ᠶᠢᠨ ᠮᠢᠩ ᠲᠦᠪ ᠬᠤᠷᠢᠶᠠᠨ ᠤ ᠦᠨᠳᠦᠰᠦᠳᠡᠨ ᠤ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ  ᠬᠤᠰᠢᠭᠤᠨ  ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ  ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠱᠢ ᠸᠠᠩ ᠴᠢᠩ   ᠤᠨ ᠪᠦᠬᠦ ᠬᠤᠰᠢᠭᠤᠨ ᠤ ᠬᠢᠵᠢᠭ ᠤᠨ ᠸᠠᠺᠽᠢᠨ ᠤ ᠲᠠᠷᠢᠯᠭ᠎ᠠ ᠲᠠᠷᠢᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠦᠯᠳᠡ᠂ ᠪᠦᠬᠦ ᠬᠤᠰᠢᠭᠤᠨ ᠤ ᠠᠯᠪᠠᠨ ᠵᠢᠷᠤᠮ ᠤᠨ ᠰᠤᠷᠠᠭᠠᠨ ᠬᠦᠮᠦᠵᠢᠯ ᠤᠨ ᠬᠤᠤᠰ ᠬᠠᠰᠤᠭᠳᠠᠯ  ᠤᠨ ᠠᠵᠢᠯ᠂ ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠠᠵᠢᠯ᠂ ᠪᠤᠭᠤᠳᠤ ᠠᠴᠠ ᠶᠢᠨᠴᠤᠸᠠᠨ ᠬᠦᠷᠬᠦ ᠲᠦᠷᠭᠬᠡᠨ ᠤ ᠭᠠᠯᠳᠤ ᠲᠡᠷᠬᠡ ᠶᠢᠨ ᠵᠠᠮ ᠤᠨ ᠨᠤᠷᠠᠭᠠᠨ ᠪᠠᠭᠤᠯᠭᠠᠬᠤ ᠠᠵᠢᠯ ᠤᠨ   ᠶᠢ  ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠦᠯᠳᠡ᠂ ᠡᠨᠡ ᠵᠢᠯ ᠠᠴᠠ ᠨᠠᠰᠢᠬᠢ ᠪᠦᠬᠦ ᠬᠤᠰᠢᠭᠤᠨ ᠤ ᠭᠤᠤᠯ ᠠᠵᠤ ᠠᠬᠤᠢ ᠶᠢᠨ ᠬᠦᠢᠴᠡᠳᠬᠡᠯ ᠲᠤᠭ᠎ᠠ᠂ ᠴᠢᠬᠤᠯᠠ ᠶᠡᠭᠡ ᠲᠦᠷᠦᠯ ᠵᠦᠢᠯ ᠪᠦᠳᠦᠬᠡᠨ ᠪᠠᠶᠢᠭᠤᠯᠤᠯᠳᠠ ᠶᠢᠨ ᠲᠤᠬᠠᠢ ᠬᠠᠷᠢᠭᠤ ᠮᠡᠳᠡᠬᠦᠯᠦᠯᠳᠡ ᠶᠢ ᠰᠤᠨᠤᠰᠴᠠᠢ︔  ᠬᠤᠰᠢᠭᠤᠨ ᠤ ᠲᠡᠳ᠋ ᠬᠤᠰᠢᠭᠤ ᠲᠠᠷᠤᠭ᠎ᠠ ᠶᠢᠨ ᠵᠢᠱᠢᠭᠳᠡᠭᠴᠢ ᠰᠠᠷᠠᠨᠴᠡᠴᠡᠭ ᠤᠨ ᠡᠨᠡ ᠵᠢᠯ ᠠᠴᠠ ᠨᠠᠰᠢᠬᠢ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠳᠡ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠠᠢ︔ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ  ᠤᠬᠠᠭᠤᠯᠬᠤ ᠬᠡᠯᠳᠡᠰ ᠤᠨ ᠲᠠᠷᠤᠭ᠎ᠠ ᠬᠤᠤ ᠮᠢᠨ ᠤ ᠪᠦᠬᠦ ᠬᠤᠰᠢᠭᠤᠨ ᠤ ᠬᠡᠪᠴᠢᠶ᠎ᠡ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠣᠨᠣᠰᠴᠠᠢ᠃ ᠰᠤᠶᠤᠯᠳᠤ ᠠᠴᠠ ᠲᠦᠪ ᠬᠤᠷᠢᠶᠠᠨ ᠤ ᠦᠨᠳᠦᠰᠦᠳᠡᠨ ᠤ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠰᠤᠷᠤᠯᠴᠠᠬᠤ ᠱᠠᠭᠠᠷᠳᠠᠯᠭ᠎ᠠ ᠲᠤᠷᠠᠳᠪᠠ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号