ᠮᠢᠩᠭᠠᠨ ᠪᠠᠯᠭᠠᠰᠣ ᠬᠤᠰᠢᠭᠤᠨ ᠤ ᠠᠷᠪᠠᠨ ᠲᠦᠷᠪᠡᠳᠦᠬᠡᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠦᠷᠨᠢᠯᠳᠡ ᠭᠠᠷᠪᠠ
ᠨᠡᠶᠢᠲᠡᠯᠡᠭᠰᠡᠨ ᠴᠠᠭ᠄
2021/9/13
     ᠮᠢᠩᠭᠠᠨ ᠪᠠᠯᠭᠠᠰᠤ ᠬᠤᠰᠢᠭᠤᠨ ᠤ ᠠᠷᠪᠠᠨ ᠲᠦᠷᠪᠡᠳᠦᠬᠡᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ   ᠶᠢ ᠤᠳᠤᠬᠠᠨ ᠤ ᠪᠠ ᠬᠤᠶᠢᠰᠢᠳᠠ ᠶᠢᠨ ᠨᠢᠬᠡᠨ ᠬᠤᠭᠤᠴᠠᠭᠠᠨ ᠤ ᠲᠡᠷᠢᠬᠦᠨ ᠴᠢᠬᠤᠯᠠ ᠣᠯᠣᠰ ᠲᠦᠷᠦ ᠶᠢᠨ ᠡᠭᠦᠷᠬᠡ ᠪᠤᠯᠭᠠᠨ᠂ ᠬᠤᠶᠠᠷ ᠢᠯᠡᠳᠬᠡᠯ   ᠢᠶᠠᠷ  ᠦᠨᠳᠦᠰᠦᠨ ᠠᠭᠤᠯᠭ᠎ᠠ ᠪᠤᠯᠭᠠᠵᠤ᠂  ︿︿ᠭᠤᠷᠪᠠᠨ ᠬᠤᠷᠠᠯ ᠨᠢᠬᠡ  ᠬᠢᠴᠢᠶᠡᠯ﹀﹀ ᠢᠶᠠᠷ ᠠᠴᠢᠶᠠᠯᠠᠪᠤᠷᠢ ᠪᠤᠯᠭᠠᠵᠤ᠂ ᠪᠠᠯᠭᠠᠰᠤᠨ ᠤ ᠪᠠᠶᠢᠭᠤᠯᠭ᠎ᠠ ᠶᠢᠨ ᠤᠳᠤᠷᠢᠳᠬᠤ ᠺᠠᠳ᠋ᠷ ᠲᠤᠭᠤᠶᠢᠯᠠᠩ ᠬᠤᠪᠢᠶᠠᠨ  ᠶᠠᠷᠢᠯᠴᠠᠬᠤ᠂  ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠳᠠ ᠠᠴᠠ ᠪᠤᠳᠠᠳᠤ ᠠᠭᠤᠯᠭ᠎ᠠ ᠶᠢ ᠵᠠᠳᠠᠯᠵᠤ ᠰᠤᠷᠤᠯᠴᠠᠪᠠ︔ ᠲᠤᠰᠬᠤᠨ ᠬᠤᠷᠰᠢᠶ᠎ᠠ ᠶᠢᠨ ᠺᠠᠳ᠋ᠷ ᠲᠦᠪᠯᠡᠷᠡᠭᠦᠯᠦᠨ  ᠰᠣᠷᠣᠯᠴᠠᠵᠤ᠂ ᠤᠶᠢᠷ᠎ᠠ ᠶᠢᠨ ᠬᠤᠭᠤᠴᠠᠭᠠᠨ ᠤ ᠭᠤᠤᠯᠳᠠᠯᠠᠭ᠎ᠠ ᠲᠠᠢ ᠠᠵᠢᠯ  ᠲᠠᠢ ᠤᠶᠠᠯᠳᠤᠭᠤᠯᠵᠤ᠂ ᠠᠶᠢᠯ ᠡᠷᠦᠬᠡ ᠪᠠᠷ ᠤᠷᠤᠵᠤ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠵᠤ᠂ ᠤᠳᠤᠷᠢᠳᠬᠤ ᠪᠠᠭ ᠤᠨ ᠬᠢᠨ ᠲᠦᠷᠦᠬᠦᠯᠡᠨ ᠰᠤᠷᠤᠯᠴᠠᠬᠤ᠂ ᠪᠦᠬᠦ ᠪᠠᠯᠭᠠᠰᠤ ᠪᠠᠷ ᠢᠶᠠᠨ ᠰᠢᠰᠲ᠋ᠧᠮ ᠲᠠᠢ ᠰᠤᠷᠤᠯᠴᠠᠬᠤ᠂ ᠲᠤᠰᠬᠠᠢ ᠰᠡᠳᠦᠪ ᠢᠶᠠᠷ ᠭᠤᠤᠯᠳᠠᠯᠠᠭ᠎ᠠ ᠲᠠᠢ ᠰᠤᠷᠤᠯᠴᠠᠬᠤ᠂ ᠦᠷᠬᠡᠨ ᠲᠡᠯᠬᠡᠷᠡᠩᠭᠦᠢ ᠤᠬᠠᠭᠤᠯᠤᠨ ᠰᠤᠷᠤᠯᠴᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠯᠠᠨ ᠲᠠᠰ ᠲᠠᠪᠬᠤᠷᠭ᠎ᠠ ᠪᠠᠷ ᠰᠤᠷᠤᠯᠴᠠᠬᠤ ᠦᠷᠨᠢᠯᠳᠡ  ᠪᠤᠯᠵᠤ᠂ ᠬᠤᠷᠠᠯ ᠤᠨ ᠵᠤᠷᠢᠭ ᠰᠠᠨᠠᠭ᠎ᠠ ᠶᠢ ᠺᠠᠳ᠋ᠷ ᠤᠯᠠᠨ ᠲᠦᠮᠡᠨ ᠤ ᠲᠤᠮᠳᠠ ᠤᠯᠠᠮᠵᠢᠯᠠᠨ᠂ ᠦᠵᠡᠯ ᠰᠠᠨᠠᠭ᠎ᠠ ᠪᠠ ᠠᠵᠢᠯᠯᠠᠭ᠎ᠠ ᠪᠠᠨ ᠬᠤᠰᠢᠭᠤᠨ ᠤ ᠠᠷᠪᠠᠨ ᠲᠦᠷᠪᠡᠳᠦᠬᠡᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠲᠡᠬᠡᠷ᠎ᠡ ᠨᠢᠬᠡᠳᠦᠬᠦᠯᠵᠦ᠂ ᠬᠤᠷᠠᠯ ᠤᠨ ᠵᠤᠷᠢᠭ ᠰᠠᠨᠠᠭ᠎ᠠ  ᠪᠠᠷ ᠲᠠᠷᠢᠬᠢ ᠲᠤᠯᠤᠭᠠᠢ ᠪᠠᠨ ᠵᠠᠪᠰᠡᠭᠯᠡᠵᠦ᠂ ᠦᠢᠯᠡᠳᠦᠯᠬᠡ ᠪᠠᠷ ᠵᠢᠯᠤᠭᠤᠳᠤᠭᠤᠯᠵᠤ᠂ ᠦᠢᠯᠡ ᠠᠵᠢᠯᠯᠠᠭ᠎ᠠ ᠪᠠᠨ ᠠᠬᠢᠭᠤᠯᠵᠤ ᠪᠠᠶᠢᠨ᠎ᠠ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号