ᠵᠢᠳᠬᠦᠯ ᠴᠢᠷᠮᠠᠶᠢᠯᠭ᠎ᠠ ᠲᠠᠢ ᠴᠢᠩ ᠯᠢᠶᠠᠩ ᠪᠠᠭᠰᠢ
ᠨᠡᠶᠢᠲᠡᠯᠡᠭᠰᠡᠨ ᠴᠠᠭ᠄
2021/9/14
    ᠠᠷᠠᠳ ᠤᠨ ᠪᠠᠭᠰᠢ ᠶᠢᠨ ᠨᠡᠷ᠎ᠡ ᠬᠦᠨᠳᠦ ᠶᠢ ᠭᠤᠳᠤᠭᠠᠯ ᠦᠬᠡᠢ᠂ ᠬᠡᠦᠬᠡᠳ ᠤᠨ ᠬᠦᠰᠡᠯ ᠮᠦᠷᠦᠬᠡᠳᠦᠯ ᠢ ᠮᠦᠷᠦᠨ ᠳᠤ ᠪᠠᠨ ᠯᠠ ᠪᠢᠰᠢ᠂ ᠰᠡᠳᠬᠢᠯ ᠳᠤ ᠪᠠᠨ ᠲᠡᠭᠡᠭᠡᠵᠦ ᠶᠠᠪᠤᠭᠰᠠᠨ ᠤᠯᠠᠨ ᠤ ᠲᠤᠮᠳᠠ ᠤᠨᠴᠠᠭᠠᠢ ᠴᠢᠷᠮᠠᠶᠢᠯᠭ᠎ᠠ ᠲᠠᠢ ᠴᠢᠩ ᠯᠢᠶᠠᠩ ᠪᠠᠭᠰᠢ ᠪᠤᠯ ᠤᠷᠠᠳ ᠤᠨ ᠡᠮᠦᠨᠡᠳᠦ ᠬᠤᠰᠢᠭᠤᠨ ᠤ ᠮᠤᠩᠭᠤᠯ ᠦᠨᠳᠦᠰᠦᠳᠡᠨ  ᠤ ᠲᠤᠮᠳᠠᠳᠤ ᠰᠤᠷᠭᠠᠭᠤᠯᠢ ᠶᠢᠨ ᠦᠨᠳᠦᠷ ᠲᠡᠰ ᠤᠨ ᠲᠤᠭᠠᠨ ᠤ ᠤᠬᠠᠭᠠᠨ ᠤ ᠪᠠᠭᠰᠢ ᠪᠢᠯᠡ᠃ ᠲᠡᠷᠡ ᠮᠢᠨᠢ ᠰᠤᠷᠭᠠᠭᠤᠯᠢ ᠪᠤᠯ ᠬᠦᠮᠦᠨ ᠢ ᠬᠦᠮᠦᠵᠢᠬᠦᠯᠵᠦ ᠪᠢᠴᠢᠭ ᠰᠤᠶᠤᠯ ᠰᠤᠷᠭᠠᠳᠠᠭ ᠠᠷᠢᠭᠤᠨ ᠦᠯᠦᠬᠡᠢ ᠬᠡᠳᠡᠭ ᠢ ᠵᠠᠯᠠᠭᠤ ᠢᠳᠡᠷ ᠨᠠᠰᠤᠨ ᠠᠴᠠ ᠲᠠᠨᠢᠵᠤ ᠮᠦᠨ ᠢᠩᠭᠢᠵᠦ ᠬᠢᠭᠰᠡᠬᠡᠷ ᠢᠷᠡᠭᠰᠡᠨ ᠶᠤᠮ᠃     ᠲᠡᠷᠡ ᠮᠢᠨᠢ ᠪᠠᠭᠰᠢᠯᠠᠭᠠᠳ ᠬᠤᠷᠢᠨ ᠲᠦᠷᠪᠡᠨ ᠵᠢᠯ ᠤᠨ ᠨᠢᠭᠤᠷ ᠢ ᠦᠵᠡᠵᠦ᠂ ᠰᠢᠨᠳᠠᠰᠤ ᠰᠤᠩᠭᠤᠵᠤ ᠶᠠᠪᠤᠬᠤ ᠳᠠᠭᠠᠨ ᠠᠬᠠᠮᠠᠳ ᠪᠠᠭᠰᠢ ᠶᠢᠨ ᠵᠢᠭᠠᠨ ᠵᠢᠯᠤᠭᠤᠳᠤᠯᠭ᠎ᠠ ᠶᠢ  ᠬᠢᠴᠢᠶᠡᠩᠭᠦᠢ ᠬᠦᠯᠢᠶᠡᠵᠦ᠂ ᠪᠤᠳᠠᠳᠠᠢ ᠲᠠᠢ ᠤᠶᠠᠯᠳᠤᠭᠤᠯᠤᠨ ᠵᠤᠷᠢᠭᠳᠠᠢ ᠰᠡᠳᠬᠢᠵᠦ ᠵᠤᠷᠢᠭᠳᠠᠢ ᠤᠷᠤᠯᠳᠤᠨ᠂ ᠰᠤᠷᠤᠭᠴᠢ ᠶᠢᠨ ᠪᠠᠶᠢᠳᠠᠯ ᠢ ᠬᠦᠳᠡᠯᠦᠩᠭᠦᠢ ᠠᠵᠢᠵᠤ᠂ ᠯᠠᠪᠳᠠᠭᠤᠨ ᠤᠪᠤᠷ ᠬᠦᠯᠢᠴᠡᠩᠭᠦᠢ ᠬᠠᠷᠢᠭᠤᠴᠠᠯᠭᠠᠳᠤ ᠰᠡᠳᠬᠢᠯᠬᠡ ᠪᠠᠷ ᠬᠢᠴᠢᠶᠡᠯ ᠬᠦᠮᠦᠵᠢᠯ ᠢᠶᠠᠨ ᠶᠠᠪᠤᠭᠳᠠᠭᠤᠯᠵᠤ᠂ ᠠᠵᠢᠯ ᠳᠠᠭᠠᠨ ᠴᠠᠭᠠᠷᠠᠵᠤ᠂ ᠦᠪᠡᠷ ᠤᠨ ᠬᠡᠰᠡᠨ ᠵᠢᠭᠠᠨ ᠰᠤᠷᠭᠠᠯᠳᠠ ᠶᠢᠨ ᠬᠡᠪ ᠨᠠᠮᠪᠠ ᠲᠠᠢ ᠪᠤᠯᠵᠠᠢ᠃ ᠴᠢᠷᠮᠠᠶᠢᠯᠭ᠎ᠠ ᠬᠦᠮᠦᠨ ᠢ ᠭᠤᠮᠤᠳᠠᠭᠠᠳᠠᠭ ᠦᠬᠡᠢ ᠬᠡᠳᠡᠭ ᠢᠶᠠᠷ ᠲᠡᠷᠡ ᠮᠢᠨᠢ᠂ ᠤᠯᠤᠰ ᠤᠷᠤᠨ ᠬᠤᠳᠠ ᠬᠤᠰᠢᠭᠤᠨ ᠤ ᠲᠡᠰ ᠤᠨ ᠱᠠᠩᠨᠠᠯ ᠢ ᠤᠯᠠᠨᠳᠠ ᠲᠤᠰᠴᠤ ᠶᠠᠪᠤᠵᠠᠢ᠃ 200 2 ᠤᠨ ᠳᠤ ᠲᠡᠷᠡ ᠬᠤᠳᠠ ᠶᠢᠨ ᠲᠡᠰ ᠤᠨ ᠰᠢᠯᠢᠳᠡᠭ ᠬᠢᠴᠢᠶᠡᠯᠡᠯᠬᠡ ᠶᠢᠨ ᠴᠢᠳᠠᠪᠤᠷᠢᠳᠠᠨ᠂ 2004 ᠤᠨ ᠳᠤ ᠪᠦᠬᠦ ᠤᠷᠤᠨ ᠤ ︿︿ᠰᠢᠨ᠎ᠡ ᠶᠢ ᠡᠬᠦᠳᠬᠦ  ᠬᠢᠴᠢᠶᠡᠯᠡᠯᠬᠡ﹀﹀ ᠶᠢᠨ ᠤᠷᠤᠯᠳᠤᠭᠠᠨ ᠳᠤ ᠨᠢᠬᠡᠳᠦᠬᠡᠷ ᠲᠡᠰ  ᠤᠨ ᠱᠠᠩᠨᠠᠯ ᠬᠦᠷᠳᠡᠵᠦ᠂ 2006  ᠤᠨ ᠳᠤ ᠪᠦᠬᠦ ᠤᠯᠤᠰ ᠤᠨ ︿︿ᠵᠠᠯᠠᠭᠤ ᠢᠳᠡᠷ ᠪᠠᠭᠰᠢ ᠨᠠᠷ ᠤᠨ ᠰᠢᠨ᠎ᠡ ᠶᠢ ᠡᠬᠦᠳᠬᠦ ᠬᠢᠴᠢᠶᠡᠯᠡᠯᠬᠡ ᠶᠢᠨ ᠤᠷᠤᠯᠳᠤᠭᠠᠨ﹀﹀  ᠳᠤ ᠬᠤᠶᠠᠳᠤᠭᠠᠷ ᠲᠡᠰ ᠲᠤ ᠤᠷᠤᠵᠠᠢ᠃ 2007 ᠤᠨ ᠤ 9 ᠰᠠᠷ᠎ᠠ ᠠᠴᠠ 2010 ᠤᠨ ᠤ 9 ᠰᠠᠷ᠎ᠠ ᠶᠢᠨ ᠬᠤᠭᠤᠷᠤᠨᠳᠤ ᠵᠢᠯ ᠲᠠᠷᠠᠭᠠᠯᠠᠨ ᠬᠤᠰᠢᠭᠤᠨ ᠲᠡᠰ  ᠤᠨ ᠨᠡᠷᠡᠳᠦ ᠪᠠᠭᠰᠢ ᠪᠠᠷ ᠬᠦᠬᠢᠬᠦᠯᠦᠭᠳᠡᠪᠡ᠃ 2007  ᠣᠨ ᠳᠤ ᠶᠠᠪᠤᠭᠳᠠᠭᠰᠠᠨ ᠬᠤᠳᠠ ᠶᠢᠨ ᠲᠡᠰ ᠤᠨ ︿︿ᠰᠣᠳᠣᠴᠤᠤᠯ ᠤᠨ ᠬᠢᠴᠢᠶᠡᠯᠡᠯᠬᠡ ᠶᠢᠨ ᠤᠷᠤᠯᠳᠤᠭᠠᠨ﹀﹀ ᠳᠤ ᠨᠢᠬᠡᠳᠦᠬᠡᠷ ᠲᠡᠰ ᠤᠨ ᠱᠠᠩᠨᠠᠯ ᠬᠦᠷᠳᠡᠪᠡ᠃ 2013  ᠣᠨ ᠳᠤ ᠶᠠᠪᠤᠭᠳᠠᠭᠰᠠᠨ ᠪᠦᠬᠦ ᠤᠯᠤᠰ ᠤᠨ ᠠᠩᠬ᠎ᠠ ᠲᠤᠮᠳᠠᠳᠤ ᠶᠢᠨ ᠲᠤᠭᠠᠨ ᠤ ᠤᠬᠠᠭᠠᠨ ᠤ ᠤᠷᠤᠯᠳᠤᠭᠠᠨ ᠳᠤ ᠲᠡᠭᠦᠨ ᠤ ᠵᠢᠯᠤᠭᠤᠳᠤᠭᠰᠠᠨ ᠠᠩᠭᠢ ᠶᠢᠨ ᠰᠤᠷᠤᠭᠴᠢᠳ ᠤᠯᠤᠰ ᠤᠨ ᠨᠢᠬᠡᠳᠦᠬᠡᠷ ᠲᠡᠰ᠂ ᠬᠤᠶᠠᠳᠤᠭᠠᠷ ᠲᠡᠰ᠂ ᠭᠤᠷᠪᠠᠳᠤᠭᠠᠷ ᠲᠡᠰ ᠲᠤ ᠲᠤᠳᠤᠷᠠᠵᠠᠢ᠃ 2019 ᠣᠨ ᠤ 5 ᠰᠠᠷ᠎ᠠ ᠳᠤ ᠪᠦᠬᠦ ᠬᠤᠳᠠ ᠶᠢᠨ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠠᠩᠬ᠎ᠠ ᠲᠤᠮᠳᠠᠳᠤ ᠶᠢᠨ ᠲᠤᠭᠠᠨ ᠤ ᠪᠠᠭᠰᠢ  ᠶᠢᠨ ᠪᠤᠯᠪᠠᠰᠤᠷᠠᠯ ᠢ ᠵᠤᠬᠢᠶᠡᠨ ᠪᠠᠶᠢᠭᠤᠯᠵᠤ᠂ ᠲᠤᠷᠰᠢᠯᠭ᠎ᠠ ᠪᠠᠨ ᠬᠠᠷᠠᠮ ᠦᠬᠡᠢ ᠬᠤᠪᠢᠶᠠᠯᠴᠠᠪᠠ᠃ 2020 ᠣᠨ ᠳᠤ ᠤᠷᠠᠳ ᠤᠨ ᠡᠮᠦᠨᠡᠳᠦ ᠬᠤᠰᠢᠭᠤᠨ ᠤ ᠵᠠᠰᠠᠭ ᠤᠨ ᠤᠷᠳᠤᠨ ᠤ ᠵᠢᠯ ᠤᠨ ᠡᠴᠦᠰ ᠤᠨ ᠰᠢᠯᠭᠠᠨ ᠦᠨᠡᠯᠡᠯᠳᠡ ᠳᠤ ᠰᠢᠯᠢᠳᠡᠭ ᠺᠠᠳ᠋ᠷ ᠢᠶᠠᠷ ᠦᠨᠡᠯᠡᠭᠳᠡᠪᠡ᠃     ᠤᠳᠤᠬᠠᠨ ᠳᠤ ᠴᠢᠩ ᠯᠢᠶᠠᠩ ᠪᠠᠭᠰᠢ ᠠᠷᠠᠳ ᠤᠨ ᠪᠠᠭᠰᠢ ᠶᠢᠨ ᠠᠭᠤᠤ ᠶᠡᠭᠡ ᠬᠠᠶᠢᠷ᠎ᠠ ᠪᠠ ᠲᠡᠭᠡᠳᠦ ᠬᠡᠮᠵᠢᠶᠡᠨ ᠤ ᠬᠠᠷᠢᠭᠤᠴᠠᠯᠭᠠᠳᠤ ᠰᠡᠳᠬᠢᠯᠬᠡ ᠢᠶᠠᠷ᠂ ᠨᠠᠩ ᠤᠯᠠᠨ ᠰᠠᠶᠢᠨ ᠰᠤᠷᠤᠭᠴᠢ ᠶᠢ ᠬᠦᠮᠦᠵᠢᠬᠦᠯᠦᠨ ᠭᠠᠷᠭᠠᠵᠤ᠂ ᠰᠤᠷᠭᠠᠨ ᠬᠦᠮᠦᠵᠢᠯ ᠤᠨ ᠦᠢᠯᠡᠰ ᠤ ᠦᠪᠡᠷ ᠤᠨ ᠬᠦᠴᠦ ᠪᠠᠨ ᠡᠷᠭᠦᠭᠦ ᠪᠠᠷ ᠮᠦᠨᠬᠦ ᠴᠢᠷᠮᠠᠶᠢᠨ ᠠᠵᠢᠯᠯᠠᠭᠰᠠᠭᠠᠷ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ