ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠣᠯᠣᠰ ᠲᠦᠷᠦ  ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠢᠶᠠ ᠵᠧᠨ ᠬᠤᠸᠠ ᠤᠷᠠᠳ ᠤᠨ ᠡᠮᠦᠨᠡᠳᠦ ᠬᠤᠰᠢᠭᠤᠨ ᠤ ᠨᠤᠳᠤᠭ ᠪᠡᠯᠴᠢᠬᠡᠷ ᠤᠶᠢᠳᠤ ᠭᠠᠵᠠᠷ ᠤᠨ ᠬᠠᠤᠯᠢ ᠲᠤᠭᠳᠠᠭᠠᠯ ᠠᠴᠠ ᠵᠦᠷᠢᠴᠡᠭᠰᠡᠨ ᠲᠤᠰᠬᠠᠢ ᠵᠠᠰᠠᠨ ᠴᠡᠭᠴᠡᠯᠡᠭᠰᠡᠨ ᠠᠵᠢᠯ ᠢ ᠪᠠᠶᠢᠴᠠᠭᠠᠨ ᠰᠤᠳᠤᠯᠤᠯᠳᠠ ᠬᠢᠵᠦ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2021/9/16
    ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠣᠯᠣᠰ ᠲᠦᠷᠦ  ᠬᠠᠤᠯᠢ ᠴᠠᠭᠠᠵᠠ ᠶᠢᠨ ᠬᠤᠷᠢᠶ᠎ᠠ  ᠶᠢᠨ ᠱᠦᠵᠢ ᠵᠢᠶᠠ ᠵᠧᠨ ᠬᠤᠸᠠ᠂ ᠤᠬᠠᠭᠤᠯᠬᠤ ᠬᠡᠯᠳᠡᠰ ᠤᠨ ᠲᠠᠷᠤᠭ᠎ᠠ ᠬᠤᠤ ᠮᠢᠨ᠂ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠶᠢᠨ ᠵᠢᠱᠢᠭᠳᠡᠭᠴᠢ ᠰᠤ᠋ ᠴᠠᠩ  ᠵᠢᠴᠢ ᠤᠢ ᠰᠢᠭᠤᠢ ᠡᠪᠡᠰᠦ ᠪᠡᠯᠴᠢᠬᠡᠷ᠂ ᠪᠠᠶᠢᠭᠠᠯᠢ ᠶᠢᠨ ᠡᠬᠢ ᠰᠤᠷᠪᠤᠯᠵᠢ᠂ ᠲᠤᠳᠤᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤᠷᠢᠳ ᠬᠤᠵᠢᠳ ᠬᠤᠸᠠ ᠲᠦᠸᠧ ᠠᠭᠤᠷᠬᠠᠢ᠂ ᠮᠢᠩᠭᠠᠨ ᠪᠠᠯᠭᠠᠰᠤ ᠵᠡᠷᠭᠡ ᠭᠠᠵᠠᠷ ᠳᠤ ᠬᠦᠷᠴᠦ᠂  ᠨᠤᠳᠤᠭ ᠪᠡᠯᠴᠢᠬᠡᠷ᠂ ᠣᠢ ᠰᠢᠭᠤᠢ ᠶᠢᠨ ᠠᠰᠠᠭᠤᠳᠠᠯ ᠤᠨ ᠲᠤᠬᠠᠢ ᠲᠤᠰᠬᠠᠢ ᠵᠠᠰᠠᠨ ᠴᠡᠭᠴᠡᠯᠡᠬᠦ ᠠᠵᠢᠯ ᠢ ᠦᠷᠨᠢᠬᠦᠯᠦᠭᠰᠡᠨ ᠪᠠᠶᠢᠳᠠᠯ ᠢ ᠤᠶᠢᠯᠠᠭᠠᠵᠠᠢ᠃     ᠬᠤᠷᠠᠯ  ᠲᠡᠭᠡᠷ᠎ᠡ  ᠵᠢᠶᠠ ᠵᠧᠨ ᠬᠤᠸᠠ ᠡᠯ᠎ᠡ ᠰᠠᠯᠠᠭ᠎ᠠ ᠮᠦᠴᠢᠷ ᠪᠠ ᠰᠤᠮᠤ ᠪᠠᠯᠭᠠᠰᠤ ᠨᠢ ᠨᠤᠳᠤᠭ ᠪᠡᠯᠴᠢᠬᠡᠷ ᠤᠶᠢᠳᠤ ᠭᠠᠵᠠᠷ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠢ ᠬᠦᠨᠵᠡᠬᠡᠢ ᠲᠠᠨᠢᠵᠤ᠂ ᠤᠯᠤᠰ ᠲᠦᠷᠦ ᠶᠢᠨ ᠦᠨᠳᠦᠷ ᠵᠤᠭᠰᠤᠯᠳᠠ ᠠᠴᠠ ᠨᠤᠳᠤᠭ ᠪᠡᠯᠴᠢᠬᠡᠷ᠂ ᠣᠢ ᠰᠢᠭᠤᠢ ᠶᠢᠨ ᠬᠠᠤᠯᠢ  ᠲᠤᠭᠳᠠᠭᠠᠯ ᠠᠴᠠ ᠵᠦᠷᠢᠴᠡᠭᠰᠡᠨ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠰᠢᠨᠵᠢᠯᠠᠬᠦ ᠤᠬᠠᠭᠠᠨᠴᠢ ᠪᠠᠷ ᠦᠨᠡᠨ ᠪᠤᠳᠠᠳᠠᠢ ᠪᠠᠷ ᠰᠡᠢᠳᠪᠦᠷᠢᠯᠡᠬᠦ ᠠᠷᠭ᠎ᠠ ᠪᠠ ᠲᠦᠰᠦᠯ ᠭᠠᠷᠭᠠᠬᠤ ᠬᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ ᠬᠤᠷᠠᠯ ᠠᠴᠠ ᠪᠠᠰᠠ ᠬᠦᠳᠡᠭᠡ ᠲᠤᠰᠬᠤᠨ ᠮᠠᠯᠵᠢᠬᠤ ᠤᠷᠤᠨ ᠤ ᠵᠤᠷᠯᠤᠩ ᠤᠨ ᠦᠬᠡᠷᠡᠴᠢᠯᠡᠯᠳᠡ᠂ ᠵᠠᠬᠢᠳᠡᠯ ᠰᠤᠷᠪᠤᠯᠵᠢᠯᠠᠯ ᠲᠤᠭᠳᠠᠭᠤᠨ ᠢ ᠬᠠᠮᠠᠭᠠᠯᠠᠬᠤ ᠬᠤᠯᠪᠤᠭᠳᠠᠯ ᠪᠦᠬᠦᠢ ᠵᠦᠢᠯᠡᠰ ᠤᠨ ᠲᠤᠬᠠᠢ ᠰᠤᠳᠤᠯᠵᠠᠢ᠃  
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号