ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠬᠤᠤ ᠮᠢᠨ᠂ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠪᠠᠶᠠᠨᠪᠢᠯᠢᠭ᠌ ᠮᠠᠨ ᠤ ᠬᠤᠰᠢᠭᠤᠨ ᠤ ᠰᠤᠶᠤᠯ ᠵᠢᠭᠤᠯᠴᠢᠯᠠᠯ ᠤᠨ ᠠᠭᠤᠰᠤᠯᠴᠠᠯ ᠪᠠ ᠲᠡᠦᠬᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠠᠵᠢᠯ  ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/16
     ᠤᠶᠢᠷ᠎ᠠ ᠳᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠬᠤᠤ ᠮᠢᠨ᠂ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠪᠠᠶᠠᠨᠪᠢᠯᠢᠭ᠌ ᠮᠠᠨ ᠤ ᠬᠤᠰᠢᠭᠤᠨ ᠤ  ᠰᠤᠶᠤᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤ ᠲᠤᠪᠴᠢᠶ᠎ᠠ ᠶᠢᠨ ᠬᠤᠯᠪᠤᠭᠳᠠᠯ ᠪᠦᠬᠦᠢ ᠤᠳᠤᠷᠢᠳᠤᠯᠭ᠎ᠠ ᠪᠠ ᠠᠵᠢᠯᠳᠠᠳ ᠤᠨ ᠬᠠᠮᠳᠤ ᠮᠠᠨ ᠤ ᠬᠤᠰᠢᠥᠭᠤᠨ ᠤ ᠰᠤᠶᠤᠯ ᠵᠢᠭᠤᠯᠴᠢᠯᠠᠯ ᠤᠨ ᠠᠭᠤᠰᠤᠯᠴᠠᠯ ᠪᠠ ᠲᠡᠦᠬᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠲᠤᠭᠤᠶᠢᠯᠠᠩ ᠤᠷᠢᠳ ᠬᠤᠵᠢᠳ ᠦᠪᠦᠷ ᠮᠤᠩᠭᠤᠯ ᠤᠨ ᠯᠢᠶᠠᠨ ᠶᠦᠩ ᠬᠤᠯᠤᠰᠤᠨ ᠵᠢᠷᠤᠭ ᠤᠨ ᠤᠷᠠᠯᠢᠭ ᠰᠤᠶᠤᠯ ᠤᠨ ᠬᠦᠭᠵᠢᠯᠳᠡ ᠶᠢᠨ ᠬᠢᠵᠠᠭᠠᠷᠳᠤ ᠺᠤᠮᠫᠠᠨᠢ᠂ ᠮᠧᠩ ᠼᠦᠢ ᠨᠡᠭᠡᠬᠡᠨ ᠰᠤᠳᠤᠯᠬᠤ ᠰᠠᠭᠤᠷᠢᠨ ᠭᠠᠵᠠᠷ᠂ ᠪᠡᠶ᠎ᠡ ᠶᠢᠨ ᠲᠠᠮᠢᠷ ᠰᠤᠶᠤᠯ ᠤᠨ ᠦᠢᠯᠡᠰ ᠤᠨ ᠬᠦᠷᠢᠶᠡᠯᠡᠩ᠂ ᠮᠦᠽᠸᠢ ᠶᠢᠨ ᠴᠤᠭᠯᠠᠷᠠᠯ᠂ ᠶᠠᠪᠤᠨ ᠢ ᠡᠰᠡᠷᠭᠦᠴᠡᠬᠦ ᠲᠠᠶᠢᠨ ᠤ ᠲᠤᠷᠠᠰᠬᠠᠯ ᠤᠨ ᠤᠷᠳᠤᠨ᠂ ᠠᠭᠤᠰᠤᠯᠴᠠᠯ ᠡᠮᠡᠭᠳᠡᠢ ᠪᠠᠭᠠᠳᠤᠷ ᠴᠢ ᠵᠢᠶᠦ᠋ᠨ ᠹᠧᠩ ᠤᠨ ᠤᠩᠭᠤᠨ᠂ ᠵᠤᠤ ᠤᠯᠤᠰ ᠤᠨ ᠤᠷᠳᠤ ᠴᠠᠭᠠᠨ ᠬᠡᠷᠡᠮ ᠤᠨ ᠦᠯᠡᠳᠡᠭᠳᠡᠯ᠂ ᠪᠠᠷᠠᠭᠤᠨ ᠬᠦᠩ ᠤᠨ ᠬᠤᠰᠢᠭᠤᠨ ᠤ ᠰᠡᠷᠬᠡᠶᠢᠯᠡᠨ ᠬᠠᠮᠠᠭᠠᠯᠠᠬᠤ ᠰᠧᠯᠢᠩᠪᠦ ᠶᠢᠨ ᠬᠠᠭᠤᠴᠢᠨ ᠪᠠᠭᠤᠷᠢ᠂ ᠤᠯᠢᠶᠠᠰᠤ ᠨᠠᠭᠤᠷ᠂ ᠬᠠᠭᠠᠯᠪᠤᠷᠢᠯᠠᠯᠳᠠ ᠶᠢᠨ ᠤᠷᠤᠨ ᠤ ᠤᠷᠪᠠᠯᠭ᠎ᠠ ᠵᠢᠴᠢ ᠰᠡᠬᠡᠬᠡᠳᠡᠨ ᠵᠠᠯᠠᠭᠤᠴᠤᠳ ᠤᠨ ᠰᠤᠶᠤᠯ ᠤᠨ ᠲᠤᠷᠠᠰᠬᠠᠯ ᠤᠨ ᠤᠷᠳᠤᠨ ᠵᠡᠷᠭᠡ ᠭᠠᠵᠠᠷ  ᠢᠶᠠᠷ ᠪᠠᠶᠢᠴᠠᠭᠠᠨ ᠰᠤᠳᠤᠯᠤᠯᠳᠠ ᠬᠢᠵᠦ᠂ ᠲᠤᠬᠠᠢ ᠶᠢᠨ ᠭᠠᠵᠠᠷ ᠤᠨ ᠲᠠᠶᠢᠯᠪᠤᠷᠢᠯᠠᠯᠳᠠ ᠶᠢ ᠰᠤᠨᠤᠰᠬᠤ ᠲᠤᠭᠤᠷᠢᠨ ᠦᠵᠡᠬᠦ ᠵᠡᠷᠭᠡ ᠬᠡᠯᠪᠡᠷᠢ ᠪᠠᠷ ᠮᠠᠨ ᠤ ᠬᠤᠰᠢᠭᠤᠨ ᠤ ᠰᠤᠶᠤᠯ ᠵᠢᠭᠤᠯᠴᠢᠯᠠᠯ ᠤᠨ ᠠᠭᠤᠰᠤᠯᠴᠠᠯ ᠪᠠ ᠲᠡᠦᠬᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠠᠵᠢᠯ ᠢ  ᠤᠶᠢᠯᠠᠭᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号