ᠰᠤᠶᠤᠯᠳᠤ ᠤᠷᠠᠳ ᠤᠨ ᠡᠮᠦᠨᠡᠳᠦ ᠬᠤᠰᠢᠭᠤᠨ ᠤ ᠨᠢᠬᠡᠳᠦᠬᠡᠷ ᠲᠤᠮᠳᠠᠳᠤ ᠰᠤᠷᠭᠠᠭᠤᠯᠢ ᠳᠤ ᠬᠦᠷᠴᠦ ᠪᠠᠭᠰᠢ ᠠᠵᠢᠯᠳᠠᠨ ᠢ ᠲᠤᠬᠤᠨᠢᠭᠤᠯᠪᠠ
ᠨᠡᠶᠢᠲᠡᠯᠡᠭᠰᠡᠨ ᠴᠠᠭ᠄
2021/9/16
    ᠪᠠᠭᠰᠢ ᠶᠢᠨ ᠪᠠᠶᠠᠷ ᠤᠨ ᠡᠳᠦᠷ ᠢ ᠲᠤᠬᠢᠶᠠᠯᠳᠤᠭᠤᠯᠤᠨ᠂ ᠤᠷᠠᠳ ᠤᠨ ᠡᠮᠦᠨᠡᠳᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠤᠶᠤᠯᠳᠤ ᠰᠤᠷᠠᠭᠠᠨ ᠬᠦᠮᠦᠵᠢᠯ ᠤᠨ ᠨᠢᠬᠡᠳᠦᠬᠡᠷ ᠹᠷᠤᠨᠲ ᠲᠤ ᠭᠠᠪᠰᠢᠭᠠᠶᠢᠯᠠᠨ ᠠᠵᠢᠯᠯᠠᠵᠤ ᠪᠠᠶᠢᠭ᠎ᠠ ᠪᠠᠭᠰᠢ ᠠᠵᠢᠯᠳᠠᠳ ᠢ ᠪᠤᠯᠭᠤᠭᠠᠨ ᠦᠵᠡᠵᠦ᠂ ᠲᠠᠳᠠᠨ ᠤ ᠡᠮᠦᠨᠡᠳᠦ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠲᠤ  ᠠᠯᠢᠪᠠ ᠪᠠᠨ ᠵᠤᠷᠢᠭᠤᠯᠵᠤ ᠪᠠᠶᠢᠭ᠎ᠠ ᠳᠤ ᠲᠠᠯᠠᠷᠬᠠᠵᠦ᠂ ᠡᠮᠦᠨᠡᠳᠦ ᠬᠤᠰᠢᠭᠤᠨ ᠤ ᠨᠠᠮ ᠵᠠᠰᠠᠭ ᠢ ᠲᠦᠯᠦᠬᠡᠯᠡᠨ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠠᠵᠢᠯᠳᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠦᠩᠨᠠᠯ ᠢᠶᠠᠨ ᠲᠡᠪᠰᠢᠬᠦᠯᠵᠦ ᠪᠠᠶᠢᠬᠤ ᠪᠠᠨ ᠢᠯᠡᠳᠬᠡᠪᠡ  ᠃    ᠰᠤᠶᠤᠯᠳᠤ ᠪᠤᠯᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠯᠢᠦ ᠶᠤᠸᠠᠢ ᠮᠢᠩ᠂ ᠬᠤᠰᠢᠭᠤᠨ ᠤ ᠰᠤᠷᠠᠭᠠᠨ ᠬᠦᠶ᠋ᠮᠦᠵᠢᠯ ᠤᠨ ᠲᠤᠪᠴᠢᠶᠠᠨ ᠤ ᠬᠠᠷᠢᠭᠤᠴᠠᠯᠭᠠᠳᠠᠨ ᠲᠠᠢ ᠬᠠᠮᠳᠤᠪᠠᠷ ᠤᠷᠢᠳ ᠬᠤᠵᠢᠳ ᠬᠤᠰᠢᠭᠤᠨ ᠤ ᠱᠤ᠋ ᠯᠢᠨ ᠽᠢ ᠰᠣᠷᠠᠭᠠᠭᠤᠯᠢ ᠪᠠ ᠬᠤᠰᠢᠭᠤᠨ ᠤ ᠵᠢᠷᠭᠤᠳᠤᠭᠠᠷ ᠲᠤᠮᠳᠠᠳᠤ ᠰᠤᠷᠭᠠᠭᠤᠯᠢ ᠳᠤ ᠬᠦᠷᠴᠦ᠂ ᠪᠠᠭᠰᠢ ᠠᠵᠢᠯᠳᠠᠨ ᠲᠠᠢ ᠲᠤᠳᠤᠨᠤᠰᠤᠭ ᠢᠶᠠᠷ ᠶᠠᠷᠢᠯᠴᠠᠨ᠂ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠬᠠᠮᠢᠶᠠᠷᠤᠯᠳᠠ᠂ ᠪᠠᠭᠰᠢ ᠶᠢᠨ ᠬᠢᠷᠢ ᠬᠡᠮ ᠤᠨ ᠲᠤᠬᠢᠷᠠᠭᠤᠯᠤᠯᠳᠠ᠂ ᠠᠵᠢᠯ ᠠᠮᠢᠳᠤᠷᠠᠯ ᠤᠨ ᠪᠠᠶᠢᠳᠠᠯ ᠢ ᠤᠶᠢᠯᠠᠭᠠᠵᠤ᠂ ᠪᠠᠭᠰᠢᠨᠠᠷ ᠶᠢᠨ ᠲᠦᠯᠦᠬᠡᠯᠡᠭᠴᠢ ᠸᠠᠩ ᠯᠸᠢ᠂ ᠸᠠᠩ ᡁᠢ ᠹᠧᠩ ᠲᠤ ᠲᠤᠬᠤᠨᠢᠭᠤᠯᠤᠯ ᠤᠨ ᠮᠦᠩᠭᠦ ᠭᠠᠷᠳᠠᠭᠤᠯᠪᠠ᠃    ᠰᠤᠶᠤᠯᠳᠤ ᠠᠴᠠ ᠪᠠᠭᠰᠢ ᠶᠢᠨ ᠡᠩᠨᠡᠭᠡ ᠶᠢᠨ ᠪᠦᠳᠦᠬᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠰᠠᠶᠢᠳᠤᠷ ᠠᠳᠬᠤᠵᠤ᠂ ᠲᠦᠷᠦ ᠶᠢᠨ ᠪᠤᠳᠤᠯᠭ᠎ᠠ ᠶᠢ ᠢᠵᠢ ᠪᠦᠷᠢᠳᠦᠬᠦᠯᠦᠨ  ᠂ ᠴᠢᠳᠠᠪᠤᠷᠢᠳᠠᠨ ᠢ ᠲᠠᠳᠠᠨ ᠤᠷᠤᠭᠤᠯᠵᠤ᠂ ᠵᠢᠭᠠᠨ ᠰᠤᠷᠭᠠᠯᠳᠠ ᠶᠢᠨ ᠡᠬᠢ ᠰᠤᠷᠪᠤᠯᠵᠢ ᠶᠢ ᠰᠢᠯᠢᠳᠡᠭᠵᠢᠬᠦᠯᠦᠨ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠴᠢᠨᠠᠷ ᠰᠠᠶᠢᠳᠠᠢ ᠬᠦᠭᠵᠢᠯᠳᠡ ᠶᠢ  ᠠᠬᠢᠭᠤᠯᠵᠤ ᠠᠷᠠᠳ ᠲᠦᠮᠡᠨ ᠬᠠᠨᠤᠮᠵᠢᠳᠠᠢ ᠰᠤᠷᠭᠠᠨ ᠬᠦᠮᠦᠵᠢᠯ ᠢ ᠰᠠᠶᠢᠳᠤᠷ ᠬᠢᠬᠦ ᠬᠡᠷᠡᠭᠳᠡᠢ ᠬᠡᠵᠡᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ