| | 9 ᠰᠠᠷ᠎ᠠ ᠶᠢᠨ 13 ᠠᠴᠠ 14 ᠤ ᠡᠳᠦᠷ ᠪᠤᠯᠲᠠᠯ᠎ᠠ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠮᠤᠵᠢ ᠶᠢᠨ ᠲᠡᠮᠡᠭᠡᠲᠤ ᠬᠤᠳᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 13 ᠤ | ᠦᠳᠡ ᠶᠢᠨ ᠡᠮᠦᠨ᠎ᠡ᠂ ᠰᠢ ᠶᠢᠨ ᠫᠢᠩ ᠤᠯᠤᠰ ᠤᠨ ᠡᠨᠧᠷᠬᠢ ᠶᠢᠨ ᠪᠦᠯᠦᠭᠯᠡᠯ ᠤᠨ ᠲᠡᠮᠡᠭᠡᠲᠤ ᠳᠠᠬᠢ ᠬᠢᠮᠢ ᠶᠢᠨ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠳᠤ | ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤ᠋ ᠵᠢᠯᠠᠯ ᠤᠨ ᠠᠵᠢᠯᠲᠡᠨ ᠠᠵᠢᠯᠴᠢᠨ ᠤ ᠲᠦᠯᠦᠭᠡᠯᠡᠭᠴᠢᠳ ᠲᠠᠢ ᠲᠤᠳᠤᠨᠤ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ | | | | 9 ᠰᠠᠷ᠎ᠠ ᠶᠢᠨ 13 ᠠᠴᠠ 14 ᠤ ᠡᠳᠦᠷ ᠪᠤᠯᠲᠠᠯ᠎ᠠ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠮᠤᠵᠢ ᠶᠢᠨ ᠲᠡᠮᠡᠭᠡᠲᠤ ᠬᠤᠳᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 14 ᠤ | ᠦᠳᠡ ᠶᠢᠨ ᠬᠤᠶᠢᠨ᠎ᠠ᠂ ᠰᠢ ᠶᠢᠨ ᠫᠢᠩ ᠰᠦᠢ ᠳ᠋ᠧ ᠰᠢᠶᠠᠨ ᠤ ᠵᠠᠩ ᠵᠢᠶᠠ ᠪᠢᠶᠠᠨ ᠪᠠᠯᠭᠠᠰᠤ ᠶᠢᠨ ᠬᠤᠤ ᠵᠢᠶᠠ ᠴᠢᠶᠣᠤ ᠲᠣᠰᠬᠤᠨ ᠳᠤ ᠰᠢᠨᠵᠢᠯᠡᠨ | ᠪᠠᠶᠢᠴᠠᠭᠠᠬᠤ ᠳᠠᠭᠠᠨ ᠨᠤᠳᠤᠭ ᠤᠨ ᠠᠬ᠎ᠠ ᠲᠡᠭᠦᠤ ᠨᠠᠷ ᠲᠠᠢ ᠮᠠᠨᠳᠤᠴᠢᠯᠡᠵᠤ ᠪᠠᠶᠢᠭ᠎ᠠ ᠨᠢ᠃ | ᠰᠢᠨᠬᠤᠸᠠ ᠬᠤᠷᠢᠶᠡᠨ ᠤ ᠰᠤᠷᠪᠤᠯᠵᠢᠯᠠᠬᠴᠢ ᠰᠢᠶᠧ ᠬᠤᠸᠠᠨ ᠤᠤᠢ ᠰᠡᠬᠦᠳᠡᠷᠯᠡᠪᠡ | ᠰᠢᠨᠬᠤᠸᠠ ᠬᠤᠷᠢᠶᠠᠨ ᠤ ᠲᠡᠮᠡᠭᠡᠲᠦ ᠶᠢᠨ 9 ᠰᠠᠷ᠎ᠠ ᠶᠢᠨ 15 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤ᠊ ᠵᠢᠷᠠ ᠶᠢᠨ ᠡᠳᠦᠷ ᠱᠠᠨᠰᠢ ᠮᠤᠵᠢ ᠶᠢᠨ ᠲᠡᠮᠡᠭᠡᠲᠦ ᠬᠤᠳᠠ ᠳᠤ | ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ | ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠤᠨ᠂ ᠦᠵᠡᠯ ᠰᠠᠨᠠᠭ᠎ᠠ ᠪᠠᠨ ᠴᠢᠯᠥᠭᠡᠯᠡᠵᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠡᠯ᠎ᠡ ᠵᠦᠶ᠋ᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠬᠥᠭᠵᠢᠯᠲᠡ ᠪᠠ ᠠᠮᠤᠷ ᠲᠦᠪᠰᠢᠨ ᠢ | ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠶ᠋ᠯᠡᠴᠢᠯᠡᠬᠦ ᠪᠠ ᠠᠭᠤᠰᠤᠯᠴᠠᠵᠤ᠂ ᠱᠠᠨᠰᠢ ᠶᠢᠨ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | 9 ᠰᠠᠷ᠎ᠠ ᠶᠢᠨ 13 ᠠᠴᠠ 14 ᠤ ᠡᠳᠦᠷ ᠪᠣᠯᠲᠠᠯ᠎ᠠ᠂ ᠰᠢ ᠶᠢᠨ ᠫᠢᠩ ᠱᠠᠨᠰᠢ ᠮᠤᠵᠢ ᠶᠢᠨ ᠨᠠᠮ ᠤᠨ ᠬᠤᠷᠢᠶᠠᠨ ᠤ ᠱᠦᠵᠢ ᠯᠢᠦ ᠭᠦᠸᠧ ᠵᠦᠩ᠂ ᠮᠤᠵᠢ ᠶᠢᠨ | ᠳᠠᠷᠤᠭ᠎ᠠ ᠵᠤᠤ ᠢ ᠳ᠋ᠧ ᠶᠢᠨ ᠪᠠᠷ᠎ᠠ ᠪᠤᠯᠤᠯᠭ᠎ᠠ ᠪᠠᠷ ᠠᠵᠤ ᠠᠬᠤᠶᠢᠯᠠᠯ᠂ ᠬᠥᠳᠡᠭᠡ ᠲᠣᠰᠬᠤᠨ᠂ ᠰᠤᠷᠭᠠᠭᠤᠯᠢ᠂ ᠬᠤᠪᠢᠰᠬᠠᠯ ᠤᠨ ᠬᠠᠭᠤᠴᠢᠨ ᠰᠠᠭᠤᠴᠠ ᠵᠡᠷᠭᠡ ᠳᠤ | ᠭᠦᠨᠵᠡᠭᠡᠶᠢᠷᠡᠨ ᠪᠠᠶᠢᠴᠠᠭᠠᠨ ᠰᠤᠳᠤᠯᠪᠡ᠃ | 13 ᠤ ᠦᠳᠡ ᠶᠢᠨ ᠡᠮᠦᠨ᠎ᠡ᠂ ᠰᠢ ᠶᠢᠨ ᠫᠢᠩ ᠡᠩ ᠲᠡᠷᠢᠭᠦᠨ ᠳᠤ ᠤᠯᠤᠰ ᠤᠨ ᠡᠨᠧᠷᠭᠢ ᠶᠢᠨ ᠪᠦᠯᠦᠭᠯᠡᠯ ᠤᠨ ᠲᠡᠮᠡᠭᠡᠲᠤ ᠳᠠᠬᠢ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠡᠷᠬᠢᠯᠳᠡᠳᠤ ᠠᠵᠤ ᠠᠬᠤᠢ ᠶᠢᠨ ᠨᠡᠭᠦᠷᠡᠰᠦ ᠶᠢ ᠶᠡᠷᠦᠩᠬᠡᠶᠢᠯᠡᠨ ᠠᠰᠢᠬᠯᠠᠬᠤ ᠲᠦᠷᠦᠯ ᠵᠦᠢᠯ ᠤᠨ | ᠲᠥᠯᠥᠪᠵᠢᠭᠦᠯᠭᠡ ᠪᠠ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠭᠤᠣᠯ ᠡᠵᠡᠮᠳᠡᠬᠦ ᠲᠠᠰᠤᠭ ᠲᠤ᠂ ᠰᠢ ᠶᠢᠨ ᠫᠢᠩ ᠲᠦᠷᠦᠯ ᠵᠦᠢᠯ ᠤᠨ | ᠦᠢᠯᠡᠳᠬᠦᠨ ᠤ ᠦᠵᠡᠭᠦᠯᠭᠡ ᠶᠢ ᠦᠵᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ᠂ ᠠᠮᠤᠷ ᠲᠦᠪᠰᠢᠨ᠂ ᠲᠣᠭᠲᠠᠭᠤᠨ᠂ | ᠠᠷᠢᠭᠤᠨ ᠴᠡᠪᠡᠷ ᠡᠷᠬᠢᠯᠳᠡ ᠶᠢ ᠪᠠᠷᠢᠮᠲᠠᠯᠠᠭᠰᠠᠨ ᠠᠷᠭ᠎ᠠ ᠬᠢᠳᠡᠯ ᠢ ᠨᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠠᠷᠠᠭ᠎ᠠ ᠨᠢ᠂ ᠰᠢ ᠶᠢᠨ ᠫᠢᠩ ᠵᠢᠯ ᠤᠨ | ᠦᠢᠯᠡᠳᠪᠦᠷᠢᠯᠡᠯ ᠤᠨ ᠬᠡᠮᠵᠢᠶ᠎ᠠ ᠨᠢ 40 ᠲᠦᠮᠡᠨ ᠲᠣᠨ ᠤ ᠡᠲ᠋ᠠ ᠬᠤᠶᠠᠷᠴᠢ ᠠᠯᠺᠣᠣᠯ ᠤᠨ ᠲᠦᠷᠦᠯ ᠵᠦᠢᠯ ᠤᠨ ᠲᠤᠬᠠᠢ ᠶᠢᠨ ᠭᠠᠵᠠᠷ ᠲᠤ ᠬᠦᠷᠴᠦ ᠪᠠᠶᠢᠴᠠᠭᠠᠨ | ᠦᠵᠡᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠭᠦᠨᠵᠡᠭᠡᠢ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ᠂ ᠠᠵᠤ | ᠠᠬᠤᠶᠢᠯᠠᠯ ᠤᠨ ᠠᠵᠢᠯᠳᠠᠨ ᠠᠵᠢᠯᠴᠢᠨ ᠤ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠲᠡᠮᠡᠭᠡᠲᠦ ᠪᠣᠯ ᠤᠯᠤᠰ ᠤᠨ ᠡᠨᠧᠷᠭᠢ ᠶᠢᠨ ᠴᠢᠬᠤᠯᠠ | ᠰᠠᠭᠤᠷᠢᠨ ᠮᠥᠨ᠂ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠨᠡᠭᠦᠷᠡᠰᠦ ᠨᠢ ᠮᠠᠨ ᠤ ᠤᠯᠤᠰ ᠤᠨ ᠭᠤᠤᠯ | ᠴᠣᠭᠴᠠᠳᠤ ᠡᠨᠧᠷᠭᠢ ᠪᠣᠯᠤᠭᠰᠠᠨ ᠤ ᠬᠤᠪᠢ ᠳᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠴᠢᠭᠯᠡᠯ ᠶᠣᠰᠣᠭᠠᠷ᠂ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠬᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠪᠠᠨ ᠪᠠᠷᠢᠮᠵᠢᠶᠠᠯᠠᠨ ᠪᠡᠶᠡᠯᠡᠭᠦᠯᠵᠦ᠂ | ᠤᠯᠤᠰ ᠤᠨ ᠪᠠᠶᠢᠳᠠᠯ ᠳᠤ ᠰᠠᠭᠤᠷᠢᠯᠠᠨ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ᠂ ᠬᠤᠷᠢᠭ᠎ᠠ ᠱᠤᠭᠤᠮ ᠢ ᠰᠠᠬᠢᠵᠤ᠂ ᠡᠮᠬᠢ ᠵᠢᠷᠤᠮ ᠲᠠᠢ ᠪᠠᠷ ᠬᠡᠮᠵᠢᠶ᠎ᠡ ᠶᠢ ᠪᠠᠭᠠᠰᠬᠠᠨ | ᠣᠷᠣᠯᠠᠭᠤᠯᠵᠤ᠂ ᠨᠡᠭᠦᠷᠡᠰᠦᠨ ᠤ ᠬᠡᠷᠡᠭᠯᠡᠭᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ᠃ ᠨᠡᠭᠦᠷᠡᠰᠦ ᠬᠢᠮᠢ ᠶᠢᠨ ᠠᠵᠤ | ᠦᠢᠯᠡᠤᠨᠪᠤᠷᠢ ᠶᠢᠨ ᠠᠵᠤ ᠦᠢᠯᠡᠰ ᠤᠨ ᠲᠠᠯᠳᠠ ᠬᠦᠴᠦᠨ ᠮᠠᠰᠢ ᠶᠡᠭᠡ ᠪᠥᠭᠡᠳ ᠠᠯᠤᠰ ᠢᠷᠡᠭᠡᠳᠦᠢ ᠲᠠᠢ ᠶᠤᠮ᠂ ᠨᠡᠭᠦᠷᠡᠰᠦ ᠪᠠᠷ ᠬᠢᠮᠢ ᠶᠢᠨ ᠠᠵᠤ | ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠣᠯᠭᠠᠬᠤ ᠶᠡᠷᠦᠩᠬᠡᠶᠢᠯᠡᠨ ᠠᠰᠢᠬᠯᠠᠬᠤ ᠪᠦᠳᠦᠮᠵᠢ ᠴᠢᠳᠠᠪᠤᠷᠢ ᠶᠢ ᠳᠡᠭᠡᠭᠰᠢᠯᠡᠭᠦᠯᠵᠦ᠂ ᠨᠡᠭᠦᠷᠡᠰᠦ ᠬᠢᠮᠢ ᠶᠢᠨ ᠠᠵᠤ | ᠦᠢᠯᠡᠤᠨᠪᠤᠷᠢ ᠶᠢᠨ ᠠᠵᠤ ᠦᠢᠯᠡᠰ ᠢ ᠳᠡᠭᠡᠳᠦ ᠲᠡᠰᠵᠢᠬᠦᠯᠬᠦ᠂ ᠤᠯᠠᠨ ᠡᠰᠢᠵᠢᠬᠦᠯᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠶᠢ ᠬᠠᠮᠤᠭ ᠤᠨ ᠪᠠᠴᠢᠮ ᠲᠤᠯᠭᠠᠮ ᠡᠭᠦᠷᠭᠡ ᠪᠠᠨ ᠪᠣᠯᠭᠠᠵᠤ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠵᠦ᠂ ᠨᠡᠭᠦᠷᠡᠰᠦ ᠪᠠᠷ ᠰᠠᠭᠤᠷᠢ ᠪᠣᠯᠭᠠᠭᠰᠠᠨ ᠣᠨᠴᠠ ᠲᠦᠷᠦᠯ ᠤᠨ ᠲᠦᠯᠡᠰᠢ᠂ | ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠭᠤᠯᠵᠤ ᠪᠣᠯᠬᠤ ᠮᠠᠲ᠋ᠧᠷᠢᠶᠠᠯ ᠵᠡᠷᠭᠡ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ | ᠃ | 13 ᠤ ᠦᠳᠡ ᠶᠢᠨ ᠬᠤᠶᠢᠨ᠎ᠠ᠂ ᠰᠢ ᠶᠢᠨ ᠫᠢᠩ ᠮᠢ ᡁᠢ ᠰᠢᠶᠠᠨ ᠤ ᠶᠢᠨ ᠵᠧᠦ ᠵᠡᠭᠡᠯᠢ ᠭᠤᠳᠤᠮᠵᠢ ᠶᠢᠨ ᠭᠤᠤ ᠰᠢ ᠭᠸᠤ ᠲᠣᠰᠬᠤᠨ ᠳᠤ ᠬᠦᠷᠴᠦ | ᠰᠢᠨᠵᠢᠯᠡᠨ ᠪᠠᠶᠢᠴᠠᠭᠠᠪᠠ᠃ ᠵᠢᠮᠢᠰ ᠤᠨ ᠬᠦᠷᠢᠶᠡᠯᠡᠩ᠂ ᠣᠶᠢᠲᠤ ᠭᠠᠵᠠᠷ᠂ ᠱᠠᠲᠤᠨ ᠲᠠᠷᠢᠶ᠎ᠠ᠂ ᠨᠦᠯᠦᠮᠡᠯ ᠭᠠᠵᠠᠷ ᠤᠨ ᠬᠠᠰᠢᠯᠭ᠎ᠠ ᠠᠭᠤᠯᠠᠨ ᠵᠢᠯᠠᠭ᠎ᠠ ᠪᠠᠷ ᠵᠢᠭᠳᠡᠷᠡᠨ | ᠲᠠᠷᠬᠠᠵᠤ᠂ ᠨᠠᠮᠤᠷ ᠤᠨ ᠡᠬᠢᠨ ᠤ ᠰᠢᠷ᠎ᠠ ᠬᠥᠷᠥᠰᠥᠲᠦ ᠥᠨᠳᠦᠷᠯᠢᠭ ᠤᠨᠴᠠ ᠶᠢᠨ ᠨᠣᠮᠢᠨ ᠨᠣᠭᠤᠭᠠᠨ ᠬᠠᠷᠠᠭᠳᠠᠨ᠎ᠠ᠃ ᠵᠠᠮ ᠵᠠᠭᠤᠷ᠎ᠠ ᠪᠠᠨ᠂ ᠰᠢ ᠶᠢᠨ ᠫᠢᠩ | ᠲᠡᠷᠭᠡᠨ ᠠᠴᠠ ᠪᠠᠭᠤᠵᠤ ᠲᠠᠷᠢᠶᠠᠨ ᠲᠤᠮᠳᠠᠭᠤᠷ ᠠᠯᠬᠤᠯᠠᠵᠦ᠂ ᠨᠠᠷᠢᠮᠤ᠂ ᠮᠣᠩᠭᠤᠯ ᠠᠮᠤ᠂ ᠡᠷᠳᠡᠨᠢ ᠰᠢᠰᠢ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ | ᠲᠠᠷᠢᠶᠠᠨ ᠳᠤᠮᠳᠠ ᠬᠥᠳᠡᠯᠮᠦᠷᠢᠯᠡᠵᠦ ᠪᠠᠶᠢᠭ᠎ᠠ ᠨᠤᠲᠤᠭ ᠤᠨ ᠠᠬ᠎ᠠ ᠲᠡᠬᠦᠦ ᠨᠡᠷ ᠲᠠᠢ ᠵᠣᠭᠤᠭᠳᠠᠵᠤ᠂ ᠲᠡᠳᠡᠨ ᠤ ᠦᠶ᠋ᠯᠡᠳᠪᠦᠷᠢᠯᠡᠯ ᠡᠵᠡᠩᠨᠡᠯᠲᠡ᠂ ᠬᠡᠷ ᠪᠦᠯᠢ ᠶᠢᠨ | ᠣᠷᠣᠯᠭ᠎ᠠ᠂ ᠡᠮᠴᠢᠯᠡᠭᠡᠨ ᠤ ᠪᠠᠲᠤᠯᠠᠭ᠎ᠠ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ ᠪᠠ ᠠᠵᠢᠯ ᠣᠯᠤᠭᠰᠠᠨ ᠵᠡᠷᠭᠡ ᠪᠠᠶᠢᠳᠠᠯ ᠢ ᠯᠠᠪᠯᠠᠨ ᠠᠰᠠᠭᠤᠪᠠ᠃ | ᠭᠤᠤ ᠰᠢ ᠭᠸᠤ ᠲᠣᠰᠬᠤᠨ ᠤ ᠯᠦᠩ ᠳᠧᠦ ᠱᠠᠨ ᠠᠭᠤᠯᠠ ᠶᠢᠨ ᠤᠷᠤᠢ ᠳᠤ᠂ ᠰᠢ ᠶᠢᠨ ᠫᠢᠩ ᠱᠠᠨᠰᠢ ᠮᠤᠵᠢ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠪᠣᠯᠤᠨ ᠭᠤᠤ ᠰᠢ ᠭᠸᠤ ᠲᠣᠰᠬᠤᠨ ᠤ ᠰᠢᠷ᠎ᠠ ᠬᠥᠷᠥᠰᠥᠲᠦ ᠳᠣᠪᠣᠷᠬᠠᠭ ᠭᠤᠤ ᠭᠠᠩᠭ᠎ᠠ ᠶᠢᠨ ᠣᠷᠣᠨ ᠢ ᠶᠡᠷᠦᠩᠬᠡᠶᠢᠯᠡᠨ ᠵᠠᠰᠠᠬᠤ ᠶᠢ ᠬᠠᠶᠢᠨ ᠰᠦᠪᠡᠭᠴᠢᠯᠡᠭᠰᠠᠨ | ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ ᠭᠤᠤ ᠰᠢ ᠭᠸᠤ ᠲᠣᠰᠬᠤᠨ ᠪᠣᠯ ᠰᠢᠷ᠎ᠠ ᠬᠥᠷᠥᠰᠥᠲᠦ ᠥᠨᠳᠦᠷᠯᠢᠭ ᠤᠨ ᠠᠮᠢ | ᠠᠬᠤᠢ ᠶᠢᠨ ᠵᠠᠰᠠᠯᠲᠠ ᠶᠢᠨ ᠨᠢᠬᠡᠨ ᠦᠯᠢᠭᠡᠷ ᠵᠠᠬᠪᠤᠷ ᠮᠥᠨ᠂ ᠲᠠ ᠨᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠥᠬᠦᠷᠡᠰᠢ ᠦᠭᠡᠢ ᠥᠷᠨᠢᠭᠦᠯᠵᠦ᠂ | ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠬᠥᠳᠡᠭᠡ ᠲᠣᠰᠬᠤᠨ ᠤ ᠦᠢᠯᠡᠰ ᠢ ᠬᠥᠭᠵᠢᠭᠦᠯᠪᠠ᠂ ᠡᠨᠡ ᠬᠦ ᠵᠠᠮ ᠢᠶᠠᠷ ᠵᠠᠮᠨᠠᠭᠰᠠᠨ ᠨᠢ ᠵᠥᠪ ᠶᠤᠮ᠃ ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢᠨ ᠵᠠᠰᠠᠯᠲᠠ ᠪᠣᠯᠤᠨ | ᠤᠨᠴᠠᠯᠢᠬᠳᠤ ᠠᠵᠤ ᠦᠢᠯᠡᠰ ᠢ ᠬᠦᠭᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ ᠠᠮᠢ ᠠᠬᠤᠢ ᠪᠣᠯᠤᠨ ᠠᠵᠤ ᠠᠬᠤᠢ ᠵᠣᠬᠢᠴᠠᠩᠭᠤᠢ ᠬᠥᠭᠵᠢᠭᠰᠡᠨ᠂ ᠬᠥᠮᠦᠨ | ᠬᠢᠬᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠵᠠᠮ ᠢᠶᠠᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠭᠤᠤ ᠰᠢ ᠭᠸᠤ ᠲᠣᠰᠬᠤᠨ ᠠᠴᠠ ᠠᠶᠠᠷᠯᠠᠭᠠᠳ᠂ ᠰᠢ ᠶᠢᠨ ᠫᠢᠩ ᠮᠢ ᡁᠢ ᠰᠢᠶᠠᠨ ᠤ ᠵᠡᠭᠦᠨ ᠡᠮᠦᠨ᠎ᠡ ᠪᠠᠶᠢᠭ᠎ᠠ ᠶᠠᠩ ᠵᠢᠶᠠ ᠭᠸᠤ ᠶᠢᠨ ᠬᠤᠪᠢᠰᠬᠠᠯ ᠤᠨ | ᠬᠠᠭᠤᠴᠢᠨ ᠰᠠᠭᠤᠴᠠ ᠳᠤ ᠬᠦᠷᠪᠡ᠃ 1947 ᠣᠨ ᠤ ᠰᠡᠬᠦᠯᠴᠢ ᠪᠠᠷ᠂ ᠮᠠᠤ ᠽᠧ ᠳ᠋ᠦᠩ ᠨᠥᠬᠦᠷ ᠲᠥᠪ ᠤᠨ ᠪᠠᠶᠢᠭᠤᠯᠭ᠎ᠠ ᠶᠢ ᠳᠠᠭᠠᠭᠤᠯᠤᠨ ᠶᠠᠩ ᠵᠢᠶᠠ ᠭᠸᠤ | ᠲᠣᠰᠬᠤᠨ ᠳᠤ ᠬᠦᠷᠴᠦ᠂ ᠠᠳᠡ 4 ᠰᠠᠷ᠎ᠠ ᠭᠠᠷᠤᠢ ᠪᠠᠶᠢᠯᠳᠤᠨ ᠠᠮᠢᠳᠤᠷᠠᠵᠤ᠂ ᠪᠦᠬᠦ ᠤᠯᠤᠰ ᠤᠨ ᠴᠢᠯᠥᠭᠡᠯᠡᠬᠦ ᠲᠠᠶᠢᠨ ᠪᠣᠯᠤᠨ ᠪᠠᠷᠠᠭᠤᠨ ᠬᠤᠶᠢᠲᠤ ᠶᠢᠨ ᠲᠠᠶᠢᠨ ᠤ | ᠲᠠᠯᠠᠪᠤᠷ ᠢ ᠵᠢᠯᠣᠭᠤᠳᠴᠤ᠂ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠬᠥᠳᠡᠯᠭᠡᠭᠡᠨ ᠢ ᠤᠳᠤᠷᠢᠳᠤᠨ ᠥᠷᠨᠢᠭᠦᠯᠪᠡ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠠᠷᠪᠠᠨ ᠬᠤᠶᠠᠳᠤᠭᠠᠷ ᠰᠠᠷ᠎ᠠ ᠶᠢᠨ ᠬᠤᠷᠠᠯ︾ ᠤᠨ ᠬᠠᠭᠤᠴᠢᠨ | ᠰᠠᠭᠤᠴᠠ᠂ ᠮᠠᠤ ᠽᠧ ᠳ᠋ᠦᠩ ᠤᠨ ᠬᠠᠭᠤᠴᠢᠨ ᠰᠠᠭᠤᠴᠠ᠂ ᠵᠧᠦ ᠧᠨ ᠯᠠᠢ ᠶᠢᠨ ᠬᠠᠭᠤᠴᠢᠨ ᠰᠠᠭᠤᠴᠠ ᠵᠡᠷᠭᠡ ᠪᠠᠷ ᠲᠣᠭᠤᠷᠢᠨ ᠦᠵᠡᠵᠦ᠂ ᠬᠤᠪᠢᠰᠬᠠᠯ ᠤᠨ | ᠲᠡᠦᠬᠡ ᠶᠢ ᠡᠷᠭᠢᠴᠡᠭᠦᠯᠵᠦ᠂ ᠠᠬᠠᠮᠠᠳ ᠬᠤᠪᠢᠰᠬᠠᠯᠴᠢᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠪᠠ᠃ ᠰᠢ ᠶᠢᠨ ᠫᠢᠩ᠂ ᠲᠦᠷᠦ ᠶᠢᠨ | ᠪᠤᠳᠤᠯᠭ᠎ᠠ ᠪᠠ ᠠᠷᠭ᠎ᠠ ᠪᠤᠳᠤᠯᠭ᠎ᠠ ᠪᠣᠯ ᠨᠠᠮ ᠤᠨ ᠠᠮᠢ ᠨᠠᠰᠤ ᠮᠥᠨ᠃ ᠵᠠᠭᠤᠨ ᠵᠢᠯ ᠤᠨ ᠲᠤᠷᠰᠢ᠂ ᠮᠠᠨ ᠤ ᠨᠠᠮ ᠦᠵᠡᠯ ᠰᠠᠨᠠᠭ᠎ᠠ ᠪᠠᠨ ᠨᠢᠭᠡᠳᠬᠡᠨ᠂ ᠠᠯᠬᠤᠮ ᠢᠶᠠᠨ | ᠨᠢᠭᠡᠳᠬᠡᠵᠦ᠂ ᠪᠦᠯᠬᠦᠮᠳᠡᠨ ᠤᠷᠤᠭᠰᠢᠯᠠᠵᠤ ᠴᠢᠳᠠᠬᠰᠠᠨ᠂ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠢᠯᠠᠯᠲᠠ ᠪᠠ ᠭᠡᠷᠡᠯ | ᠰᠠᠴᠤᠷᠠᠩᠭᠤᠢ ᠠᠮᠵᠢᠯᠲᠠ ᠪᠦᠲᠦᠮᠵᠢ ᠶᠢ ᠣᠯᠵᠤ ᠴᠢᠳᠠᠭᠰᠠᠨ ᠤ ᠰᠢᠯᠲᠠᠭᠠᠨ ᠨᠢ ᠳᠠᠷᠤᠢ ᠮᠠᠨ ᠤ ᠨᠠᠮ ᠮᠠᠷᠺᠰ ᠤᠨ ᠦᠵᠡᠯ ᠤᠨ ᠵᠢᠯᠤᠭᠤᠳᠤᠯᠭ᠎ᠠ ᠶᠢ ᠪᠠᠷᠢᠮᠲᠠᠯᠠᠵᠤ᠂ | ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠪᠠᠭ᠎ᠠ ᠠᠴᠠ ᠶᠡᠭᠡ ᠶᠢ ᠤ᠊ ᠵᠢᠯᠠᠭᠠᠵᠤ᠂ ᠪᠣᠳᠠᠲᠤ ᠠᠬᠤᠢ ᠶᠢᠨ ᠠᠰᠠᠭᠤᠳᠠᠯ ᠢ ᠰᠢᠢᠳᠪᠦᠷᠢᠯᠡᠭᠰᠡᠨ ᠮᠥᠷᠲᠡᠭᠡᠨ ᠪᠠᠰᠠ | ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠪᠠᠶᠢᠳᠠᠯ ᠢ ᠣᠨᠣᠪᠴᠢᠲᠠᠢ ᠮᠠᠭᠠᠳᠯᠠᠨ ᠡᠵᠡᠮᠳᠡᠵᠦ᠂ ᠪᠣᠳᠠᠲᠤ ᠪᠠᠶᠢᠳᠠᠯ ᠳᠤ ᠨᠡᠶᠢᠴᠡᠭᠰᠡᠨ ᠬᠠᠷᠠᠯᠲᠠ | ᠡᠭᠦᠷᠭᠡ᠂ ᠲᠦᠷᠦ ᠶᠢᠨ ᠪᠤᠳᠤᠯᠭ᠎ᠠ ᠠᠷᠭ᠎ᠠ ᠪᠤᠳᠤᠯᠭ᠎ᠠ ᠶᠢ ᠲᠣᠭᠲᠠᠭᠠᠵᠤ ᠴᠢᠳᠠᠬᠰᠠᠨ ᠳᠤ ᠪᠤᠢ᠃ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ | ᠲᠡᠭᠦᠯᠳᠡᠷᠵᠢᠭᠦᠯᠵᠦ᠂ ᠨᠠᠮ ᠤᠨ ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠨᠠᠮ ᠤᠨ ᠤᠳᠤᠷᠢᠳᠤᠯᠭ᠎ᠠ ᠶᠢᠨ | ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠮᠠᠷᠺᠰ ᠤᠨ ᠦᠵᠡᠯ ᠤᠨ ᠤᠭ ᠶᠤᠰᠤ ᠶᠢ ᠪᠠᠷᠢᠮᠲᠠᠯᠠᠵᠤ᠂ ᠮᠠᠷᠺᠰ ᠤᠨ ᠦᠵᠡᠯ ᠢᠶᠠᠷ ᠴᠠᠭ | ᠦᠶ᠎ᠡ ᠶᠢ ᠠᠵᠢᠬᠯᠠᠨ᠂ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠦᠲᠦᠯᠦᠨ ᠳᠠᠭᠠᠭᠤᠯᠬᠤ ᠶᠢᠨ ᠬᠠᠮᠲᠤ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ | ᠪᠠᠷᠢᠮᠳᠠᠯᠠᠵᠤ᠂ ᠮᠠᠨ ᠤ ᠤᠯᠤᠰ ᠤᠨ ᠪᠣᠳᠠᠲᠤ ᠪᠠᠶᠢᠳᠠᠯ ᠠᠴᠠ ᠡᠭᠦᠰᠴᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ᠂ ᠴᠠᠭ ᠦᠶᠡᠴᠢᠯᠡᠬᠦ ᠶᠢ ᠲᠠᠰᠤᠷᠠᠯᠲᠠ | ᠦᠭᠡᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ ᠰᠢ ᠶᠢᠨ ᠫᠢᠩ᠂ ᠬᠤᠪᠢᠰᠬᠠᠯ ᠤᠨ ᠡᠬᠢ ᠪᠠᠶᠠᠯᠢᠭ ᠢ ᠭᠦᠢᠴᠡᠳ ᠠᠰᠢᠬᠯᠠᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ | 14 ᠤ ᠦᠳᠡ ᠶᠢᠨ ᠡᠮᠦᠨ᠎ᠡ᠂ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢ ᠳ᠋ᠧ ᠶᠢᠨ ᠤᠷᠤᠨ ᠨᠤᠳᠤᠭ ᠤᠨ ᠬᠤᠷᠢᠶ᠎ᠠ ᠶᠢᠨ | ᠬᠠᠭᠤᠴᠢᠨ ᠰᠠᠭᠤᠴᠠ ᠳᠤ ᠬᠦᠷᠴᠦ᠂ ᠬᠠᠭᠤᠴᠢᠨ ᠰᠠᠭᠤᠴᠠ ᠶᠢᠨ ᠪᠠᠶᠢᠷᠢᠰᠢᠭᠤᠯᠤᠯᠲᠠ ᠪᠣᠯᠤᠨ ᠬᠡᠰᠡᠭ ᠰᠡᠷᠭᠦᠭᠡᠨ ᠵᠠᠰᠠᠭᠰᠠᠨ ᠪᠠᠶᠢᠳᠠᠯ ᠢ ᠨᠠᠷᠢᠨ ᠪᠠᠶᠢᠴᠠᠭᠠᠨ | ᠦᠵᠡᠵᠦ᠂ ᠬᠤᠯᠪᠣᠭᠳᠠᠯ ᠪᠦᠬᠦᠢ ᠲᠤᠰᠬᠠᠢ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ᠃ ᠰᠢ ᠶᠢᠨ ᠫᠢᠩ᠂ ᠡᠨᠡ ᠬᠦ ᠬᠦᠨ ᠵᠤᠵᠠᠭᠠᠨ ᠬᠤᠪᠢᠰᠬᠠᠯ ᠤᠨ | ᠲᠡᠦᠬᠡ ᠶᠢ ᠡᠷᠭᠢᠴᠡᠭᠦᠯᠬᠦ ᠳᠤ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ︽ᠨᠠᠮ ᠤᠨ ᠠᠰᠢᠭ ᠲᠤᠰᠠ ᠶᠢ ᠲᠡᠷᠢᠭᠦᠨ ᠳᠤ ᠲᠠᠯᠪᠢᠬᠤ︾ ᠶᠢ ᠪᠠᠷᠢᠮᠲᠠᠯᠠᠵᠤ᠂ ︽ | ᠬᠠᠮᠤᠭ ᠤᠨ ᠤᠯᠠᠨ ᠲᠣᠭᠠᠨ ᠤ ᠬᠥᠳᠡᠯᠮᠦᠷᠢᠴᠢᠨ ᠠᠷᠠᠳ ᠲᠦᠮᠡᠨ ᠤ ᠲᠠᠯ᠎ᠠ ᠳᠤ ᠵᠣᠭᠰᠣᠬᠤ︾ ᠶᠢ ᠪᠠᠷᠢᠮᠲᠠᠯᠠᠵᠤ᠂ ︽ᠠᠷᠠᠳ ᠲᠦᠮᠡᠨ ᠲᠠᠢ ᠡᠷᠡᠰ ᠬᠠᠮᠳᠤ ᠪᠠᠶᠢᠬᠤ︾ | ᠶᠢ ᠪᠠᠷᠢᠮᠲᠠᠯᠠᠭᠰᠠᠨ ᠨᠢ ᠴᠢᠬᠤᠯᠠ ᠶᠡᠭᠡ ᠰᠤᠷᠭᠠᠨ ᠬᠥᠮᠦᠵᠢᠭᠦᠯᠬᠦ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ | ᠤᠳᠤᠷᠢᠳᠤᠨ ᠬᠤᠪᠢᠰᠬᠠᠯ ᠤᠨ ᠢᠯᠠᠯᠲᠠ ᠶᠢ ᠤᠯᠵᠤ ᠠᠷᠠᠳ ᠤᠨ ᠰᠡᠳᠬᠢᠯ ᠢ ᠣᠯᠵᠤ᠂ ᠲᠦᠭ ᠲᠦᠮᠡᠨ ᠠᠷᠠᠳ ᠤᠯᠠᠨ ᠮᠠᠨ ᠤ ᠲᠠᠯ᠎ᠠ ᠳᠤ ᠵᠣᠭᠰᠣᠬᠤ ᠶᠢ ᠡᠷᠡᠰ | ᠪᠠᠳᠤ ᠪᠠᠷ ᠰᠤᠩᠭᠤᠵᠠᠢ᠃ ᠪᠢᠳᠡ ᠬᠤᠪᠢᠰᠬᠠᠯ ᠤᠨ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠢᠮᠠᠭᠲᠠ ᠠᠷᠠᠳ ᠲᠦᠮᠡᠨ ᠤ ᠠᠰᠢᠭ | ᠲᠤᠰᠠ ᠶᠢ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ | ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠢᠮᠠᠭᠲᠠ ᠠᠷᠠᠳ | ᠲᠦᠮᠡᠨ ᠲᠠᠢ ᠬᠠᠮᠲᠤ ᠵᠣᠭᠰᠣᠵᠤ᠂ ᠬᠠᠮᠲᠤ ᠪᠣᠳᠣᠯᠬᠢᠯᠠᠵᠤ᠂ ᠬᠠᠮᠲᠤ ᠠᠵᠢᠯᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠲᠠᠷᠠᠭ᠎ᠠ ᠨᠢ᠂ ᠰᠢ ᠶᠢᠨ ᠫᠢᠩ ᠰᠦᠢ ᠳ᠋ᠧ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠤᠷᠢᠳ ᠬᠤᠵᠢᠳ ᠬᠢᠴᠢᠶᠡᠯ ᠤᠨ ᠭᠡᠷ᠂ ᠲᠠᠮᠢᠷ ᠤᠨ | ᠲᠠᠯᠠᠪᠤᠷ ᠲᠤ ᠬᠦᠷᠴᠤ᠂ ᠰᠤᠷᠤᠭᠴᠢᠳ ᠤᠨ ᠤᠷᠠᠨ ᠪᠢᠴᠢᠯᠭᠡ ᠶᠢᠨ ᠪᠣᠯᠪᠠᠰᠤᠷᠠᠯ ᠪᠣᠯᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠦᠵᠡᠵᠤ᠂ ᠤᠯᠠᠨ ᠲᠠᠢ | ᠳᠣᠲᠣᠨᠣ ᠪᠠᠷ ᠶᠠᠷᠢᠯᠴᠠᠪᠠ᠃ ᠲᠡᠷᠡ᠂ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ ᠶᠤᠮ᠂ ᠲᠠᠰᠤᠷᠠᠯᠲᠠ ᠦᠭᠡᠢ ᠦᠷᠭᠦᠯᠵᠢᠯᠡᠬᠦ ᠶᠢᠨ ᠰᠠᠭᠤᠷᠢ ᠨᠢ | ᠰᠤᠷᠭᠠᠨ ᠬᠥᠮᠦᠵᠢᠯ ᠳᠤ ᠪᠤᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠰᠠᠭᠤᠷᠢ ᠨᠢ ᠰᠤᠷᠭᠠᠨ ᠬᠥᠮᠦᠵᠢᠯ ᠳᠤ | ᠪᠤᠢ᠃ ᠪᠢᠳᠡ ᠰᠤᠷᠭᠠᠨ ᠬᠥᠮᠦᠵᠢᠯ ᠢ ᠡᠷᠬᠢᠯᠡᠵᠦ ᠪᠠᠶᠢᠭ᠎ᠠ ᠨᠢ ᠳᠠᠷᠤᠢ ᠠᠷᠠᠳ ᠲᠦᠮᠡᠨ ᠤ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ ᠳᠡᠭᠡᠭᠰᠢᠯᠡᠭᠦᠯᠦᠨ᠂ ᠬᠥᠮᠦᠨ ᠤ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠂ ᠰᠣᠶᠣᠯ ᠤᠨ ᠢᠲᠡᠭᠡᠯ ᠢ ᠪᠠᠲᠤᠳᠬᠠᠵᠤ᠂ ᠪᠦᠬᠦ | ᠦᠨᠳᠦᠰᠦᠲᠡᠨ ᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢᠨ ᠲᠥᠯᠥᠭᠡ ᠶᠤᠮ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠢᠶᠠᠨ ᠬᠠᠶᠢᠷᠠᠯᠠᠬᠤ᠂ | ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠶᠣᠰᠣ ᠰᠤᠷᠲᠠᠬᠤᠨ | ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠪᠤᠯᠬᠤ ᠦᠢᠯᠡᠳᠦᠯ ᠢ ᠴᠢᠩᠭᠠᠳᠬᠠᠨ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠳᠦ ᠬᠦᠨᠳᠦ ᠰᠤᠷᠤᠯᠭ᠎ᠠ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ | ᠦᠨᠡᠨ ᠬᠦ ᠬᠥᠩᠭᠡᠷᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠬᠠᠮᠤᠭ ᠤᠨ ᠰᠡᠬᠦᠯ ᠳᠤ᠂ | ᠰᠢ ᠶᠢᠨ ᠫᠢᠩ ᠰᠤᠷᠤᠭᠴᠢᠳ ᠢ ᠰᠠᠶᠢᠨ ᠰᠠᠶᠢᠬᠠᠨ ᠵᠠᠯᠠᠭᠤ ᠨᠠᠰᠤ ᠪᠠᠨ ᠨᠠᠨᠳᠢᠩᠨᠠᠵᠤ᠂ ᠪᠡᠶ᠎ᠡ ᠪᠠᠨ ᠵᠠᠰᠠᠵᠤ ᠶᠣᠰᠣ ᠰᠤᠷᠲᠠᠬᠤᠨ ᠢᠶᠠᠨ ᠳᠡᠭᠡᠭᠰᠢᠯᠡᠭᠦᠯᠵᠤ᠂ ᠴᠢᠷᠮᠠᠶᠢᠨ | ᠰᠤᠷᠤᠯᠴᠠᠵᠤ ᠦᠭᠡᠳᠡᠯᠡᠨ ᠲᠠᠪᠰᠢᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠡᠷᠴᠢ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ᠂ ᠠᠷᠠᠳ ᠲᠦᠮᠡᠨ | ᠂ ᠨᠡᠶᠢᠭᠡᠮ ᠳᠤ ᠬᠡᠷᠡᠭᠴᠡᠭᠡ ᠲᠠᠢ ᠬᠥᠮᠦᠨ ᠪᠣᠯᠤᠭᠠᠷᠠᠢ ᠭᠡᠵᠦ ᠵᠣᠷᠢᠭᠵᠢᠭᠤᠯᠪᠠ᠃ | ᠱᠠᠨᠰᠢ ᠪᠤᠯ ᠥᠨᠢ ᠤᠳᠠᠭᠠᠨ ᠲᠡᠤᠬᠡ ᠲᠠᠢ᠂ ᠡᠯᠪᠡᠭ ᠪᠠᠶᠠᠯᠢᠭ ᠰᠣᠶᠣᠯ ᠤᠨ ᠥᠪ ᠲᠠᠢ ᠪᠠᠶᠢᠳᠠᠭ᠃ ᠰᠢ ᠶᠢᠨ ᠫᠢᠩ ᠰᠦᠢ ᠳ᠋ᠧ ᠰᠢᠶᠠᠨ ᠤ ᠪᠣᠳᠠᠰ ᠤᠨ | ᠪᠤᠰᠤ ᠰᠣᠶᠣᠯ ᠤᠨ ᠥᠪ ᠤᠨ ᠦᠵᠡᠭᠦᠯᠭᠡ ᠶᠢᠨ ᠣᠷᠳᠣᠨ ᠳᠤ ᠬᠦᠷᠴᠦ᠂ ᠴᠢᠯᠠᠭᠤᠨ ᠱᠤᠭᠤᠮᠠᠯ᠂ ᠰᠦᠢ ᠳ᠋ᠧ ᠶᠢᠨ ᠫᠢᠩ ᠠᠨ ᠨᠣᠮ᠂ ᠴᠠᠭᠠᠰᠤᠨ ᠬᠠᠶᠢᠴᠢᠯᠠᠮᠠᠯ᠂ | ᠠᠷᠠᠳ ᠤᠨ ᠳᠠᠭᠤᠤ᠂ ᠰᠢᠪᠠᠷ ᠱᠤᠭᠤᠮᠠᠯ ᠵᠡᠷᠭᠡ ᠶᠢᠨ ᠳᠡᠯᠭᠡᠨ ᠦᠵᠡᠭᠦᠯᠭᠡ ᠶᠢ ᠲᠤᠭᠤᠷᠢᠨ ᠦᠵᠡᠵᠦ᠂ ᠲᠤᠬᠠᠢ ᠶᠢᠨ ᠭᠠᠵᠠᠷ ᠤᠨ ᠤᠯᠠᠮᠵᠢᠯᠠᠯᠲᠤ ᠰᠣᠶᠣᠯ ᠢ | ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠦᠵᠡᠭᠦᠯᠭᠡ ᠶᠢᠨ ᠣᠷᠳᠣᠨ ᠤ ᠭᠠᠳᠠᠨ᠎ᠠ᠂ ᠶᠠᠭ ᠰᠠᠶᠢᠬᠠᠨ | ᠱᠠᠨᠰᠢ ᠶᠢᠨ ᠬᠤᠶᠢᠲᠤ ᠬᠡᠰᠡᠭ ᠤᠨ ᠶᠠᠩᠭᠠᠷ ᠤᠨ ᠲᠣᠭᠯᠠᠯᠲᠠ ᠲᠤᠭᠯᠠᠵᠤ ᠪᠠᠶᠢᠪᠠ᠃ ᠰᠢ ᠶᠢᠨ ᠫᠢᠩ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠲᠠᠢ ᠮᠠᠨᠳᠤᠴᠢᠯᠡᠪᠡ | ᠃ ᠲᠡᠷᠡ᠂ ᠰᠦᠢ ᠳ᠋ᠧ ᠪᠣᠯ ᠰᠢᠷ᠎ᠠ ᠬᠥᠷᠥᠰᠥᠲᠦ ᠰᠣᠶᠣᠯ ᠤᠨ ᠴᠢᠬᠤᠯᠠ ᠭᠤᠯᠤᠮᠳᠠ ᠶᠢᠨ ᠤᠷᠤᠨ ᠤ ᠨᠢᠭᠡ ᠪᠣᠯᠤᠨ᠎ᠠ᠂ ᠪᠣᠳᠠᠰ ᠤᠨ ᠪᠤᠰᠤ ᠰᠣᠶᠣᠯ ᠤᠨ ᠥᠪ ᠤᠨ | ᠡᠬᠢ ᠪᠠᠶᠠᠯᠢᠭ ᠡᠯᠪᠡᠭ ᠪᠠᠶᠢᠵᠤ᠂ ᠰᠢᠯᠢᠳᠡᠭ ᠠᠷᠠᠳ ᠤᠨ ᠤᠷᠠᠯᠢᠭ ᠢ ᠪᠤᠶᠢᠵᠢᠭᠤᠯᠤᠨ ᠬᠥᠭᠵᠢᠭᠦᠯᠵᠦ᠂ ᠱᠠᠨᠰᠢ ᠶᠢᠨ ᠬᠤᠶᠢᠲᠤ ᠬᠡᠰᠡᠭ ᠤᠨ ᠠᠷᠠᠳ ᠲᠦᠮᠡᠨ ᠤ | ᠬᠠᠯᠠᠭᠤᠨ ᠰᠡᠳᠬᠢᠯᠭᠡ᠂ ᠡᠭᠡᠯ ᠪᠣᠷᠣᠭᠵᠢᠭᠤᠨ᠂ ᠴᠤᠭ ᠰᠦᠯᠳᠠ ᠶᠢ ᠢᠯᠡᠷᠡᠭᠦᠯᠪᠡ᠃ ᠠᠷᠠᠳ ᠤᠨ ᠤᠷᠠᠯᠢᠭ ᠪᠣᠯ ᠳᠤᠮᠳᠠᠳᠤ ᠶᠢᠨ ᠦᠨᠳᠦᠰᠦᠲᠡᠨ ᠤ ᠡᠷᠬᠢᠮ ᠨᠠᠨᠳᠢᠨ | ᠦᠪ ᠬᠦᠷᠦᠩᠬᠡ ᠮᠥᠨ᠂ ᠡᠪᠦᠭᠡ ᠳᠡᠭᠡᠳᠦᠰ ᠤᠨ ᠦᠯᠡᠳᠡᠭᠡᠭᠰᠡᠨ ᠡᠳᠡᠭᠡᠷ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ᠂ ᠰᠠᠶᠢᠲᠤᠷ ᠠᠰᠢᠬᠯᠠᠬᠤ ᠨᠢ | ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠬᠦᠳᠤᠯᠤᠨ ᠳᠠᠭᠠᠭᠤᠯᠬᠤ ᠶᠢ ᠪᠠᠷᠢᠮᠲᠠᠯᠠᠵᠤ᠂ ᠪᠦᠲᠦᠭᠡᠯᠴᠢ | ᠴᠢᠨᠠᠷᠲᠠᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠵᠤ᠂ ᠤᠯᠠᠮᠵᠢᠯᠠᠯᠲᠤ ᠰᠣᠶᠣᠯ ᠪᠣᠯᠤᠨ ᠤᠳᠤ ᠦᠶ᠎ᠡ ᠶᠢᠨ ᠠᠮᠢᠳᠤᠷᠠᠯ ᠤᠨ | ᠠᠭᠤᠯᠵᠠᠷ ᠴᠡᠭ ᠢ ᠣᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ | ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠦᠢ ᠳ᠋ᠧ ᠰᠢᠶᠠᠨ ᠤ ᠪᠠᠷᠠᠭᠤᠨ ᠡᠮᠦᠨ᠎ᠡ ᠪᠠᠶᠢᠭ᠎ᠠ ᠵᠠᠩ ᠵᠢᠶᠠ ᠪᠢᠶᠠᠨ ᠪᠠᠯᠭᠠᠰᠤ ᠶᠢᠨ ᠬᠤᠤ ᠵᠢᠶᠠ ᠴᠢᠶᠣᠤ | ᠲᠣᠰᠬᠤᠨ ᠪᠣᠯ ᠰᠦᠢ ᠳ᠋ᠧ ᠶᠢᠨ ᠤᠷᠤᠨ ᠨᠤᠳᠤᠭ ᠤᠨ ᠨᠠᠮ ᠤᠨ ᠬᠤᠷᠢᠶ᠎ᠠ ᠶᠢᠨ ᠶᠠᠫᠣᠨ ᠢ ᠡᠰᠡᠷᠭᠦᠴᠡᠬᠦ ᠳᠠᠶᠢᠨ ᠤ ᠦᠶ᠎ᠡ ᠳᠤ ᠪᠠᠶᠢᠴᠠᠭᠠᠨ ᠰᠤᠳᠤᠯᠤᠯᠲᠠ ᠬᠢᠬᠦ ᠪᠠᠷ | ᠳᠠᠮᠵᠢᠨ ᠢᠯᠡᠷᠡᠭᠦᠯᠦᠭᠰᠡᠨ ᠵᠢᠱᠢᠶᠡᠴᠢ ᠲᠣᠰᠬᠤᠨ ᠪᠣᠯᠤᠨ᠎ᠠ᠂ ︽ᠲᠣᠰᠬᠤᠨ ᠪᠣᠯᠭᠠᠨ ᠬᠤᠤ ᠵᠢᠶᠠ ᠴᠢᠶᠣᠤ ᠠᠴᠠ ᠰᠤᠷᠤᠯᠴᠠᠵᠤ᠂ ᠬᠥᠮᠦᠨ ᠪᠣᠯᠭᠠᠨ ᠯᠢᠦ ᠢᠦᠢ | ᠾᠧᠦ ᠠᠴᠠ ᠰᠤᠷᠤᠯᠴᠠᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠶᠡᠭᠡ ᠦᠢᠯᠡᠳᠪᠦᠷᠢᠯᠡᠯ ᠤᠨ ᠬᠠᠯᠠᠭᠤᠨ ᠥᠷᠨᠢᠯᠲᠡ ᠶᠢ ᠪᠤᠢ ᠪᠤᠯᠭᠠᠪᠠ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠤᠤ ᠵᠢᠶᠠ ᠴᠢᠶᠣᠤ ᠲᠣᠰᠬᠤᠨ ᠤᠨᠴᠠᠯᠢᠬᠳᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠣᠰᠬᠤᠨ ᠤ ᠳᠦᠷᠰᠦ | ᠪᠠᠶᠢᠳᠠᠯ ᠪᠣᠯᠤᠨ ᠲᠣᠰᠬᠤᠨ ᠤ ᠠᠷᠠᠳ ᠤᠨ ᠠᠮᠢᠳᠤᠷᠠᠯ ᠳᠤ ᠭᠦᠨᠵᠡᠭᠡᠢ ᠬᠤᠪᠢᠷᠠᠯᠲᠠ ᠭᠠᠷᠴᠤ᠂ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠬᠰᠠᠨ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠶᠢ ᠬᠦᠷᠳᠡᠪᠡ᠃ 14 ᠤ ᠦᠳᠡ ᠶᠢᠨ ᠬᠤᠶᠢᠨ᠎ᠠ᠂ ᠰᠢ ᠶᠢᠨ ᠫᠢᠩ ᠠᠳᠡ ᠢᠷᠡᠵᠦ᠂ ᠲᠣᠰᠬᠤᠨ ᠤ | ᠲᠡᠦᠬᠡ ᠶᠢᠨ ᠦᠵᠡᠭᠦᠯᠭᠡ ᠶᠢ ᠨᠠᠷᠢᠨ ᠦᠵᠡᠵᠦ᠂ ᠡᠨᠡ ᠬᠦ ︽ᠬᠤᠪᠢᠰᠬᠠᠯᠲᠤ ᠠᠭᠤᠯᠠᠨ ᠲᠣᠰᠬᠤᠨ︾ ᠤ ᠢᠷᠠᠭᠤ ᠠᠯᠳᠠᠷᠲᠤ ᠬᠤᠪᠢᠰᠬᠠᠯ ᠤᠨ ᠲᠡᠦᠬᠡ ᠵᠢᠴᠢ | ᠬᠤᠪᠢᠰᠬᠠᠯ ᠤᠨ ᠤᠯᠠᠮᠵᠢᠯᠠᠯ ᠢ ᠤᠯᠠᠮᠵᠢᠯᠠᠭᠰᠠᠨ ᠪᠠᠶᠢᠳᠠᠯ ᠢ ᠣᠶᠢᠯᠠᠭᠠᠪᠠ᠃ ᠳᠠᠷᠠᠭ᠎ᠠ ᠨᠢ᠂ ᠰᠢ ᠶᠢᠨ ᠫᠢᠩ ᠲᠣᠰᠬᠤᠨ ᠤ ᠠᠷᠠᠳ ᠾᠧᠦ ᡁᠢ ᠷᠦᠩ ᠤᠨ ᠭᠡᠷ ᠲᠤ | ᠬᠦᠷᠴᠦ ᠪᠣᠯᠭᠤᠭᠠᠨ ᠦᠵᠡᠪᠡ᠃ ᠾᠧᠦ ᡁᠢ ᠷᠦᠩ ᠤᠨ ᠬᠢᠨ ᠨᠢᠬᠡᠨ ᠦᠶ᠎ᠠ ᠡᠪᠡᠳᠴᠢᠨ ᠠᠴᠠ ᠪᠤᠯᠵᠤ ᠶᠠᠳᠠᠭᠤᠷᠠᠵᠤ᠂ ᠡᠯ᠎ᠡ ᠱᠠᠲᠤᠨ ᠤ ᠬᠠᠪᠰᠤᠷᠤᠨ ᠲᠡᠳᠬᠦᠬᠦ | ᠪᠠ ᠥᠪᠡᠷ ᠤᠨ ᠴᠢᠷᠮᠠᠶᠢᠯᠭ᠎ᠠ ᠪᠠᠷ 2016 ᠣᠨ ᠳᠤ ᠶᠠᠳᠠᠭᠤ ᠠᠴᠠ ᠪᠠᠨ ᠠᠩᠭᠢᠵᠢᠷᠠᠪᠠ᠃ ᠰᠢ ᠶᠢᠨ ᠫᠢᠩ᠂ ᠲᠠᠨ ᠤ ᠨᠢᠭᠡ ᠭᠡᠷ ᠤᠨ ᠬᠥᠮᠦᠰ ᠤᠨ ᠠᠮᠢᠳᠤᠷᠠᠯ | ᠡᠳᠦᠷ ᠠᠴᠠ ᠡᠳᠦᠷ ᠰᠠᠶᠢᠵᠢᠷᠠᠵᠤ᠂ ᠬᠥᠮᠦᠨ ᠠᠮᠠ ᠤᠯᠠᠨ ᠪᠤᠯᠤᠭᠰᠠᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠨᠤᠲᠤᠭ ᠤᠨ ᠠᠷᠠᠳ ᠤᠯᠠᠨ ᠢ ᠰᠠᠶᠢᠨ | ᠰᠠᠶᠢᠬᠠᠨ ᠠᠮᠢᠳᠤᠷᠠᠭᠤᠯᠬᠤ ᠪᠣᠯ ᠮᠠᠨ ᠤ ᠨᠠᠮ ᠤᠨ ᠢᠮᠠᠭᠲᠠ ᠬᠤᠪᠢᠷᠠᠰᠢ ᠦᠭᠡᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ᠂ ᠡᠪ ᠬᠠᠮᠲᠤ ᠨᠠᠮ ᠡᠨᠡ ᠬᠦ | ᠶᠠᠪᠤᠳᠠᠯ ᠢ ᠰᠠᠶᠢᠲᠤᠷ ᠬᠢᠵᠦ᠂ ᠲᠠᠰᠤᠷᠠᠯᠳᠠ ᠦᠭᠡᠢ ᠰᠠᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠪᠦᠬᠦ ᠨᠠᠮ ᠪᠦᠬᠦ ᠤᠯᠤᠰ ᠪᠦᠬᠦ | ᠨᠡᠶᠢᠭᠡᠮ ᠢᠶᠠᠷ ᠢᠶᠠᠨ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠦᠴᠦᠷᠬᠡᠭᠵᠢᠬᠦ ᠪᠠᠷ | ᠬᠦᠴᠦᠯᠡᠨ ᠴᠢᠷᠮᠠᠶᠢᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠨᠡᠩ ᠶᠡᠭᠡ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠣᠰᠬᠤᠨ ᠤ ᠵᠢᠮᠢᠰ ᠢᠳᠡᠰᠢᠨ ᠨᠣᠭᠤᠭ᠎ᠠ ᠶᠢᠨ ᠬᠦᠯᠡᠮᠵᠢ ᠶᠢᠨ ᠰᠠᠭᠤᠷᠢᠨ ᠳᠤ᠂ ᠰᠢ ᠶᠢᠨ ᠫᠢᠩ ᠲᠤᠰ ᠲᠣᠰᠬᠤᠨ ᠤ ᠠᠵᠤ ᠦᠢᠯᠡᠰ ᠤᠨ ᠲᠥᠯᠥᠪᠵᠢᠭᠦᠯᠭᠡ | ᠪᠠ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠦᠯᠡᠮᠵᠢ ᠳᠤ ᠣᠷᠣᠵᠤ ᠦᠵᠦᠮ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠣᠰᠬᠤᠨ ᠤ | ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ᠂ ᠰᠢ ᠶᠢᠨ ᠫᠢᠩ ᠲᠣᠰᠬᠤᠨ ᠤ ᠨᠠᠰᠤᠲᠠᠶᠢᠴᠤᠳ | ᠂ ᠡᠮᠴᠢ ᠰᠤᠪᠢᠯᠠᠭᠴᠢ ᠨᠠᠷ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠬᠤᠤ ᠵᠢᠶᠠ ᠴᠢᠶᠣᠤ ᠳᠤ ᠢᠷᠡᠭᠡᠳ ᠪᠢ ᠭᠦᠨ ᠬᠦᠮᠦᠵᠢᠯ ᠪᠠ ᠰᠡᠩᠬᠡᠷᠡᠭᠦᠯᠦᠯ ᠣᠯᠵᠠᠢ᠃ | ᠠᠭᠤᠯᠠᠨ ᠭᠤᠤ ᠪᠠᠶᠠᠵᠢᠯ ᠤᠨ ᠵᠠᠮ ᠢᠶᠠᠷ ᠵᠠᠮᠨᠠᠵᠤ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠭᠰᠡᠨ ᠨᠢ ᠲᠥᠷᠥ ᠶᠢᠨ ᠪᠣᠳᠣᠯᠭ᠎ᠠ ᠶᠢᠨ ᠰᠠᠶᠢᠨ᠂ ᠬᠥᠮᠦᠨ ᠠᠷᠠᠳ ᠤᠨ | ᠴᠢᠷᠮᠠᠶᠢᠯᠭ᠎ᠠ᠂ ᠲᠡᠭᠷᠢ ᠶᠢᠨ ᠬᠡᠰᠢᠭ ᠲᠤ ᠲᠦᠰᠢᠭᠯᠡᠭᠰᠡᠨ ᠶᠤᠮ᠃ ᠠᠳᠡ ᠬᠢᠵᠦ ᠲᠡᠶᠢᠯᠬᠦ ᠵᠦᠢᠯ ᠢ ᠪᠤᠰᠤᠳ ᠭᠠᠵᠠᠷ ᠲᠤ ᠴᠤ ᠬᠢᠵᠦ ᠳᠡᠶᠢᠯᠬᠦ ᠬᠡᠷᠡᠭᠲᠡᠢ᠃ ᠡᠭᠦᠨ ᠳᠤ | ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠪᠠᠶᠢᠳᠠᠯ ᠢ ᠣᠨᠣᠪᠴᠢᠲᠠᠶ ᠤᠶᠢᠯᠠᠭᠠᠨ᠂ ᠠᠰᠠᠭᠤᠳᠠᠯ ᠢ ᠨᠡᠪᠲᠡᠷᠬᠡᠶ ᠣᠶᠢᠯᠠᠭᠠᠵᠤ᠂ ᠠᠷᠭ᠎ᠠ ᠶᠢ ᠡᠷᠢᠵᠤ ᠣᠯᠵᠤ᠂ | ᠲᠤᠷᠰᠢᠯᠭ᠎ᠠ ᠪᠠᠨ ᠳ᠋ᠦᠩᠨᠡᠨ᠂ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠶ᠋ᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠠᠮ ᠤᠨ | ᠡᠭᠦᠷ ᠢ ᠰᠠᠶᠢᠲᠤᠷ ᠪᠠᠶᠢᠭᠤᠯᠤᠨ᠂ ᠳᠠᠭᠠᠭᠤᠯᠤᠭᠴᠢ ᠶᠢ ᠰᠠᠶᠢᠲᠤᠷ ᠰᠣᠩᠭᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ | ᠪᠠᠬᠢᠯᠡᠯᠲᠡ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠬᠤ ᠪᠣᠯ ᠴᠢᠬᠤᠯᠠ ᠶᠤᠮ ᠭᠡᠵᠦ ᠵᠢᠭᠠᠵᠤ ᠭᠠᠷᠭᠠᠪᠠ᠃ | ᠲᠣᠰᠬᠤᠨ ᠠᠴᠠ ᠠᠶᠠᠷᠯᠠᠨ ᠰᠠᠯᠬᠤ ᠦᠶ᠎ᠡ ᠳᠤ᠂ ᠰᠢ ᠶᠢᠨ ᠫᠢᠩ ᠨᠤᠲᠤᠭ ᠤᠨ ᠠᠬ᠎ᠠ ᠳᠡᠭᠦᠦ ᠨᠡᠷ ᠲᠤ᠂ ᠬᠤᠪᠢᠰᠬᠠᠯᠲᠤ ᠲᠠᠶᠢᠨ ᠤ ᠤᠨ ᠵᠢᠯ ᠤᠳ ᠤᠨ ᠶᠡᠭᠡ | ᠦᠢᠯᠡᠳᠪᠦᠷᠢᠯᠡᠯ ᠤᠨ ᠬᠥᠳᠡᠯᠭᠡᠭᠡᠨ ᠳᠤ ᠴᠦ ᠲᠡᠷᠡ᠂ ᠰᠢᠨ᠎ᠡ ᠴᠠᠭ ᠦᠶ᠎ᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠴᠤ | ᠲᠡᠷᠡ᠂ ᠬᠤᠤ ᠵᠢᠶᠠ ᠴᠢᠶᠣᠤ ᠶᠢᠨ ᠬᠥᠮᠦᠰ ᠢᠮᠠᠭᠲᠠ ᠰᠢᠷᠭᠠᠭᠤ ᠬᠠᠲᠠᠭᠤᠵᠢᠯᠲᠠᠢ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠪᠡ᠃ ᠲᠠ ᠨᠠᠷ ᠤᠨ ᠰᠢᠯᠢᠳᠡᠭ | ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠵᠣᠷᠢᠭᠲᠠᠶ ᠪᠠᠷ | ᠲᠦᠷᠦᠭᠦᠯᠡᠨ ᠬᠢᠵᠦ᠂ ᠡᠷᠡᠯᠬᠡᠭᠯᠡᠨ ᠲᠡᠮᠡᠴᠡᠵᠦ᠂ ᠬᠤᠤ ᠵᠢᠶᠠ ᠴᠢᠶᠣᠤ ᠲᠣᠰᠬᠤᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠪᠣᠯᠭᠠᠨ | ᠪᠥᠲᠥᠭᠡᠨ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ᠃ | ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | |