ᠯᠢ ᠺᠧ ᠴᠢᠶᠠᠩ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠳᠤ ᠠᠵᠢᠯ ᠤᠨ ᠪᠠᠶᠢᠴᠠᠭᠠᠯᠲᠠ ᠬᠢᠭᠰᠡᠨ ᠪᠥᠭᠡᠳ ᠠᠨᠠᠭᠠᠬᠤ ᠤᠬᠠᠭᠠᠨ ᠤ ᠲᠤᠰᠬᠠᠢ | ᠮᠡᠷᠭᠡᠵᠢᠯᠲᠡᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠮᠴᠢ ᠶᠢᠨ ᠥᠷᠥᠪᠴᠢ ᠰᠡᠳᠬᠢᠯ ᠢ ᠪᠠᠲᠤ ᠰᠠᠬᠢᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠪᠠ | ᠲᠤᠰᠬᠠᠶ ᠮᠡᠷᠭᠡᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ | ᠨᠡᠩ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | 9 ᠳ᠋ᠦ᠋ᠭᠡᠷ ᠰᠠᠷ᠎ᠠ ᠶᠢᠨ 13 ᠤ ᠡᠳᠦᠷ᠂ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠳᠤ ᠬᠦᠷᠴᠦ ᠠᠵᠢᠯ ᠤᠨ ᠪᠠᠶᠢᠴᠠᠭᠠᠯᠲᠠ | ᠬᠢᠭᠰᠡᠨ ᠪᠥᠭᠡᠳ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠤᠨ | ᠬᠥᠭᠵᠢᠯᠲᠡ ᠪᠠ ᠰᠢᠨᠡᠴᠢᠯᠡᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ ᠲᠡᠷᠡ ᠴᠢᠬᠤᠯᠠᠴᠢᠯᠠᠬᠤ ᠳᠤ ᠪᠠᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠡᠷᠡᠭᠦᠯ ᠮᠡᠨᠳᠤ ᠶᠢ ᠪᠠᠲᠤᠯᠠᠬᠤ ᠶᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠠᠨᠠᠭᠠᠬᠤ ᠤᠬᠠᠭᠠᠨ ᠤ ᠨᠣᠶᠠᠨ ᠤᠷᠬᠢᠯ ᠳᠤ ᠵᠣᠷᠢᠭᠲᠠᠢ ᠪᠠᠷ ᠠᠪᠠᠷᠢᠵᠤ᠂ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | | | | ᠯᠢ ᠺᠧ ᠴᠢᠶᠠᠩ ᠡᠩ ᠲᠡᠷᠢᠭᠦᠨ ᠳᠤ ᠡᠮᠨᠡᠯᠭᠡ ᠶᠢᠨ ᠬᠤᠷᠢᠶᠠᠨ ᠤ ᠠᠬᠠᠮᠠᠳ ᠲᠤᠰᠬᠠᠢ ᠮᠡᠷᠭᠡᠵᠢᠯᠲᠡᠳ ᠢ ᠪᠣᠯᠭᠤᠭᠠᠨ ᠦᠵᠡᠵᠦ᠂ ᠲᠡᠳᠡᠨ ᠢ ᠲᠣᠬᠤᠨᠢᠭᠤᠯᠵᠤ | ᠪᠠᠶᠢᠬᠤ ᠪᠠᠨ ᠢᠯᠡᠳᠬᠡᠪᠡ᠃ ᠯᠢ ᠺᠧ ᠴᠢᠶᠠᠩ ᠬᠡᠯᠡᠬᠦ ᠳᠤ ᠪᠠᠨ᠂ ᠲᠠ ᠨᠠᠷ ᠬᠥᠮᠥᠨ ᠤ ᠠᠮᠢᠳᠤᠷᠠᠯ ᠤᠨ ᠬᠠᠮᠤᠭ ᠤᠨ ᠰᠠᠶᠢᠨ ᠰᠠᠶᠢᠬᠠᠨ ᠴᠠᠭ ᠦᠶ᠎ᠡ ᠪᠠᠨ | ᠡᠮᠴᠢᠯᠡᠭᠡᠨ ᠤ ᠦᠢᠯᠡᠰ ᠲᠤ ᠵᠣᠷᠢᠭᠤᠯᠪᠠ᠂ ᠰᠢᠶᠧ ᠡᡁᠧ ᠡᠮᠨᠡᠯᠭᠡ ᠶᠢᠨ ᠬᠤᠷᠢᠶ᠎ᠠ ᠨᠢ ᠶᠠᠭ ᠲᠠ ᠨᠠᠷ ᠰᠢᠭ᠋ ᠡᠶᠢᠮᠦ ᠠᠨᠠᠭᠠᠬᠤ ᠤᠬᠠᠭᠠᠨ ᠤ ᠨᠡᠷᠡᠳᠦ ᠬᠥᠮᠦᠰ | ᠦᠶ᠎ᠡ ᠶᠢᠨ ᠦᠶ᠎ᠡ ᠳᠤ ᠪᠠᠨ ᠤᠯᠠᠮᠵᠢᠯᠠᠨ ᠬᠥᠭᠵᠢᠭᠦᠯᠦᠭᠰᠡᠨ ᠠᠴᠠ ᠰᠠᠶ᠋ᠢ ᠥᠨᠥᠳᠦᠷ ᠤᠨ ᠰᠢᠭ ᠥᠨᠳᠥᠷ ᠪᠠᠶᠢᠷᠢ ᠰᠠᠭᠤᠷᠢ ᠪᠣᠯᠤᠨ ᠰᠠᠶᠢᠨ ᠰᠠᠶᠢᠬᠠᠨ ᠮᠠᠭᠲᠠᠭᠠᠯ | ᠰᠠᠶᠢᠰᠢᠶᠠᠯ ᠢ ᠣᠯᠤᠭᠰᠠᠨ ᠶᠤᠮ᠂ ᠤᠯᠠᠨ ᠢᠶᠠᠷ ᠢᠶᠠᠨ ᠡᠪᠡᠳᠴᠢᠨ ᠵᠠᠰᠠᠵᠤ ᠡᠪᠡᠳᠴᠢᠲᠡᠨ ᠢ ᠡᠳᠡᠭᠡᠷᠡᠭᠦᠯᠬᠦ᠂ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ ᠢᠯᠡᠭᠦᠬᠡᠨ | ᠲᠤᠷᠰᠢᠯᠭ᠎ᠠ ᠤᠯᠠᠮᠵᠢᠯᠠᠬᠤ ᠶᠢ ᠬᠦᠰᠡᠵᠦ ᠪᠠᠶᠢᠨ᠎ᠠ ᠭᠡᠵᠡᠢ᠃ | | | | ᠡᠮᠨᠡᠯᠭᠡ ᠶᠢᠨ ᠬᠤᠷᠢᠶᠠᠨ ᠤ ᠡᠷᠳᠡᠮ ᠰᠢᠨᠵᠢᠯᠡᠭᠡᠨ ᠤ ᠬᠤᠷᠠᠯ ᠤᠨ ᠲᠠᠩᠬᠢᠮ ᠳᠤ᠂ ᠯᠢ ᠺᠧ ᠴᠢᠶᠠᠩ ︽ᠰᠢᠶᠧ ᠾᠧ ᠶᠢᠨ ᠵᠠᠭᠤᠨ ᠵᠢᠯ ᠤᠨ ᠲᠡᠦᠬᠡ ᠶᠢᠨ | ᠦᠵᠡᠭᠦᠯᠭᠡ︾ ᠶᠢ ᠲᠣᠭᠤᠷᠢᠨ ᠦᠵᠡᠵᠦ᠂ ᠦᠵᠡᠭᠦᠯᠭᠡ ᠶᠢᠨ ᠰᠠᠮᠪᠠᠷ᠎ᠠ ᠪᠣᠯᠤᠨ ᠪᠣᠳᠠᠲᠤ ᠵᠦᠢᠯ ᠤᠨ ᠡᠮᠦᠨ᠎ᠡ ᠵᠣᠭᠰᠣᠨ᠂ ᠲᠠᠨᠢᠯᠴᠠᠭᠤᠯᠭ᠎ᠠ ᠶᠢ ᠰᠣᠨᠣᠰᠴᠠᠢ᠃ ᠲᠡᠷᠡ | ᠬᠡᠯᠡᠬᠦ ᠳᠤ ᠪᠠᠨ᠂ ᠰᠢᠶᠧ ᠡᡁᠧ ᠡᠮᠨᠡᠯᠭᠡ ᠶᠢᠨ ᠬᠤᠷᠢᠶ᠎ᠠ ᠮᠠᠨ ᠤ ᠤᠯᠤᠰ ᠤᠨ ᠤᠳᠤ ᠦᠶ᠎ᠡ ᠶᠢᠨ ᠠᠨᠠᠭᠠᠬᠤ ᠤᠬᠠᠭᠠᠨ ᠪᠣᠯᠤᠨ ᠠᠨᠠᠭᠠᠬᠤ ᠤᠬᠠᠭᠠᠨ ᠤ ᠰᠤᠷᠭᠠᠨ | ᠬᠥᠮᠦᠵᠢᠯ ᠤᠨ ᠬᠥᠭᠵᠢᠯᠲᠡ ᠳᠤ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠦᠵᠡᠭᠦᠯᠵᠦ᠂ ᠤᠯᠠᠨ ᠵᠢᠯ ᠤᠨ ᠲᠤᠷᠰᠢ ᠶᠡᠭᠡ ᠬᠡᠮᠵᠢᠶᠡᠨ ᠤ ᠡᠪᠡᠳᠴᠢᠲᠡᠨ | ᠢᠯᠠᠩᠭᠤᠶ᠎ᠠ ᠬᠦᠴᠢᠷ ᠲᠦᠪᠡᠭᠲᠡᠢ ᠬᠦᠨᠳᠦ ᠡᠪᠡᠳᠴᠢᠲᠡᠨ ᠢ ᠠᠮᠵᠢᠯᠲᠠ ᠲᠠᠢ ᠡᠮᠨᠡᠨ ᠵᠠᠰᠠᠵᠠᠢ᠃ ᠰᠠᠶᠢᠨ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ | ᠡᠪᠡᠳᠴᠢᠲᠡᠨ ᠵᠢᠴᠢ ᠭᠡᠷ ᠪᠦᠯᠢ ᠶᠢᠨ ᠬᠢᠨ ᠤ ᠡᠭᠦᠷᠢᠳᠡ ᠨᠠᠶᠢᠳᠠᠪᠤᠷᠢᠲᠠᠢ ᠪᠥᠭᠡᠳ ᠢᠲᠡᠭᠡᠯᠲᠡᠢ ᠡᠮᠨᠡᠯᠭᠡ ᠶᠢᠨ ᠬᠤᠷᠢᠶ᠎ᠠ ᠪᠣᠯᠬᠤ ᠶᠢ ᠬᠦᠰᠡᠵᠦ ᠪᠠᠶᠢᠨ᠎ᠠ ᠭᠡᠵᠡᠢ᠃ | ᠶᠠᠷᠢᠯᠴᠠᠬᠤ ᠬᠤᠷᠠᠯ ᠳᠡᠭᠡᠷ᠎ᠡ᠂ ᠵᠠᠩ ᠱᠤ᠋ ᠶᠠᠩ᠂ ᠦ᠋ ᠫᠸᠢ ᠰᠢᠨ᠂ ᠴᠢᠦ ᠬᠦᠢ ᠰᠢᠩ᠂ ᠵᠦ ᠯᠠᠨ᠂ ᠦ᠋ ᠳ᠋ᠦᠩ᠂ ᠯᠠᠩ ᠵᠢᠩ ᠡᡁᠧ ᠵᠡᠷᠭᠡ ᠲᠤᠰᠬᠠᠢ | ᠮᠡᠷᠭᠡᠵᠢᠯᠲᠡᠨ ᠶᠠᠷᠢᠶ᠎ᠠ ᠲᠠᠯᠪᠢᠵᠠᠢ᠃ ᠯᠢ ᠺᠧ ᠴᠢᠶᠠᠩ ᠬᠡᠯᠡᠬᠦ ᠳᠤ ᠪᠠᠨ᠂ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠨᠢ ᠬᠥᠮᠦᠨ ᠳᠤ ᠬᠠᠨᠳᠤᠵᠤ᠂ ᠡᠷᠡᠭᠦᠯ | ᠮᠡᠨᠳᠤ ᠳᠤ ᠬᠤᠯᠪᠣᠭᠳᠠᠵᠤ᠂ ᠠᠮᠢ ᠨᠠᠰᠤᠨ ᠤ ᠨᠠᠶᠢᠳᠠᠯᠭ᠎ᠠ ᠶᠢ ᠬᠦᠯᠢᠶᠡᠵᠦ ᠪᠠᠶᠢᠭ᠎ᠠ ᠪᠣᠯᠬᠤᠷ᠂ ᠡᠮᠴᠢ ᠶᠢᠨ ᠶᠣᠰᠣ ᠮᠣᠷᠠᠯ ᠲᠦᠢᠯ ᠤᠨ ᠴᠢᠬᠤᠯᠠ ᠪᠠᠶᠢᠳᠠᠭ᠃ | ᠳᠤᠮᠳᠠᠳᠤ ᠤᠯᠤᠰ ᠤᠨ ᠡᠷᠲᠡᠨ ᠤ ᠦᠶ᠎ᠡ ᠶᠢᠨ ᠰᠠᠶᠢᠨ ᠡᠮᠴᠢ ᠳᠡᠯᠡᠬᠡᠢ ᠶᠢᠷᠲᠢᠨᠴᠦ ᠶᠢ ᠳᠡᠳᠬᠦᠨ᠂ ᠤᠳᠤ ᠦᠶ᠎ᠡ ᠶᠢᠨ ᠴᠠᠭᠠᠨ ᠬᠤᠪᠴᠠᠰᠤᠲᠤ ᠡᠮᠴᠢ ᠨᠠᠷ ᠡᠨᠡᠷᠢᠩᠭᠦᠶ | ᠰᠡᠳᠬᠢᠯ ᠢ ᠪᠠᠲᠤ ᠰᠠᠬᠢᠵᠤ ᠪᠠᠶᠢᠭ᠎ᠠ ᠨᠢ ᠴᠥᠮ ᠠᠷᠠᠳ ᠤᠯᠠᠨ ᠤ ᠡᠷᠡᠭᠦᠯ ᠮᠡᠨᠳᠤ ᠶᠢ ᠰᠠᠬᠢᠨ ᠬᠠᠮᠠᠭᠠᠯᠠᠬᠤ ᠰᠡᠳᠬᠢᠯᠭᠡ ᠶᠢ ᠢᠯᠡᠷᠡᠭᠦᠯᠦᠭᠰᠡᠨ ᠶᠤᠮ᠃ ᠣᠳᠣᠬᠠᠨ ᠳᠤ | ᠣᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠡᠷᠡᠭᠦᠯ ᠮᠡᠨᠳᠦ ᠶᠢᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠥᠷᠭᠡᠨ | ᠣᠯᠠᠨ ᠡᠮᠨᠡᠯᠭᠡ ᠶᠢᠨ ᠠᠵᠢᠯᠲᠠᠳ ᠦᠬᠦᠯ ᠠᠴᠠ ᠠᠪᠤᠷᠠᠨ ᠰᠢᠷᠬᠠᠲᠤᠭᠰᠠᠳ ᠢ ᠲᠡᠳᠬᠦᠬᠦ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ | ᠡᠪᠡᠳᠴᠢᠲᠡᠨ ᠢ ᠲᠡᠷᠢᠭᠦᠨ ᠪᠠᠶᠢᠷᠢᠨ ᠳᠤ ᠲᠠᠯᠪᠢᠨ᠂ ᠠᠮᠢ ᠨᠠᠰᠤ ᠶᠢ ᠢᠪᠡᠭᠡᠵᠦ᠂ ᠡᠨᠡᠷᠢᠩᠭᠦᠢ ᠰᠡᠳᠬᠢᠯ ᠢᠶᠠᠷ ᠥᠷᠥᠰᠢᠶᠡᠯ ᠦᠵᠡᠭᠦᠯᠵᠦ᠂ ᠶᠡᠭᠡ ᠬᠠᠶᠢᠷ᠎ᠠ ᠪᠠᠷ ᠶᠡᠭᠡ | ᠡᠮᠴᠢᠯᠡᠭᠡ ᠶᠢ ᠪᠦᠲᠦᠭᠡᠬᠦ ᠬᠡᠷᠡᠭᠲᠡᠶ ᠭᠡᠵᠡᠢ᠃ | | | | ᠯᠢ ᠺᠧ ᠴᠢᠶᠠᠩ ᠵᠢᠭᠠᠬᠤ ᠳᠤ ᠪᠠᠨ᠂ ᠬᠤᠪᠢᠯᠭᠠᠨ ᠣᠲᠠᠴᠢ ᠡᠪᠡᠳᠴᠢᠨ ᠵᠠᠰᠠᠬᠤ ᠳᠤ ᠴᠦ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠣᠯᠤᠨ ᠲᠤᠰᠬᠠᠢ | ᠮᠡᠷᠭᠡᠵᠢᠯ ᠤᠨ ᠵᠣᠷᠢᠭ ᠰᠠᠨᠠᠭ᠎ᠠ ᠠᠴᠠ ᠰᠠᠯᠵᠤ ᠴᠢᠳᠠᠬᠤ ᠦᠭᠡᠢ ᠶᠤᠮ᠃ ᠥᠷᠭᠡᠨ ᠤᠯᠠᠨ ᠡᠮᠴᠢᠯᠡᠭᠡᠨ ᠤ ᠠᠵᠢᠯᠲᠠᠳ ᠴᠢᠩᠭ᠎ᠠ ᠨᠢᠮᠪᠠᠢ ᠪᠠ ᠦᠨᠡᠨ ᠪᠣᠳᠠᠲᠠᠢ ᠣᠪᠣᠷ | ᠰᠤᠷᠲᠠᠯ ᠢ ᠡᠷᠬᠢᠮᠯᠡᠵᠦ᠂ ᠠᠨᠠᠭᠠᠬᠤ ᠤᠬᠠᠭᠠᠨ ᠤ ᠦᠢᠯᠡᠰ ᠲᠤ ᠨᠢᠭᠲᠠ ᠠᠴᠠ ᠨᠢᠭᠲᠠ ᠬᠠᠨᠳᠤᠵᠤ᠂ ᠡᠪᠡᠳᠴᠢᠨ ᠤ ᠵᠢᠱᠢᠶ᠎ᠡ ᠨᠦᠭᠦᠳ ᠠᠴᠠ ᠲᠤᠷᠰᠢᠯᠭ᠎ᠠ | ᠬᠤᠷᠠᠮᠳᠤᠭᠤᠯᠬᠤ ᠶᠢ ᠴᠢᠬᠤᠯᠠᠴᠢᠯᠠᠵᠤ᠂ ᠦᠨᠳᠦᠰᠦᠨ ᠡᠷᠳᠡᠮ ᠴᠢᠳᠠᠪᠤᠷᠢ ᠪᠠᠨ ᠪᠠᠲᠤᠳᠬᠠᠵᠤ᠂ ᠡᠮᠴᠢᠯᠡᠭᠡᠨ ᠤ ᠮᠡᠷᠭᠡᠵᠢᠯ ᠢ ᠴᠢᠷᠮᠠᠶᠢᠨ ᠰᠤᠳᠤᠯᠵᠤ᠂ ᠬᠦᠴᠢᠷ | ᠲᠦᠪᠡᠭᠲᠡᠢ ᠬᠦᠨᠳᠦ ᠡᠪᠡᠳᠴᠢᠨ ᠳᠤ ᠴᠢᠭᠯᠡᠭᠦᠯᠦᠨ ᠬᠠᠮᠤᠭ ᠤᠨ ᠰᠠᠶᠢᠨ ᠡᠮᠨᠡᠨ ᠵᠠᠰᠠᠬᠤ ᠲᠥᠰᠦᠯ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠣᠯᠠᠨ ᠤᠯᠤᠰ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠡᠮᠴᠢᠯᠡᠭᠡᠨ ᠤ ᠣᠨᠣᠰᠢᠯᠠᠨ ᠡᠮᠨᠡᠬᠦ ᠰᠢᠨ᠎ᠡ ᠮᠡᠷᠭᠡᠵᠢᠯ᠂ ᠰᠢᠨ᠎ᠡ ᠡᠮ᠂ ᠰᠢᠨ᠎ᠡ ᠠᠷᠭ᠎ᠠ ᠶᠢᠨ ᠰᠢᠨᠡᠴᠢᠯᠡᠯᠲᠡ ᠶᠢ | ᠲᠠᠰᠤᠷᠠᠯᠲᠠ ᠥᠬᠡᠶ ᠬᠠᠶᠢᠨ ᠰᠦᠪᠡᠭᠴᠢᠯᠡᠬᠦ ᠬᠡᠷᠡᠭᠲᠡᠢ᠃ ᠤᠯᠤᠰ ᠠᠴᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠰᠢᠨ᠎ᠡ ᠶᠢ ᠡᠭᠦᠳᠬᠦ ᠶᠢ ᠳᠡᠮᠵᠢᠬᠦ ᠰᠢᠭ ᠲᠦᠷᠦ ᠶᠢᠨ ᠪᠤᠳᠤᠯᠭ᠎ᠠ ᠶᠢ ᠠᠪᠴᠤ᠂ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ | ᠬᠤᠷᠢᠶ᠎ᠠ ᠶᠢᠨ ᠳᠡᠯᠡᠬᠡᠶ ᠶᠢᠨ ᠲᠡᠷᠢᠭᠦᠨ ᠤ ᠮᠡᠷᠭᠡᠵᠢᠯ ᠢ ᠣᠨᠢᠯᠠᠨ᠂ ᠡᠪᠡᠳᠴᠢᠨ ᠵᠠᠰᠠᠬᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡᠨ ᠤ ᠠᠨᠠᠭᠠᠬᠤ | ᠤᠬᠠᠭᠠᠨ ᠤ ᠰᠤᠳᠤᠯᠭᠠᠨ ᠪᠠ ᠦᠷ᠎ᠡ ᠪᠦᠲᠦᠭᠡᠯ ᠢ ᠤᠯᠠᠷᠢᠭᠤᠯᠬᠤ ᠲᠠᠯ᠎ᠠ ᠪᠠᠷ ᠡᠮᠦᠨ᠎ᠡ ᠡᠩᠨᠡᠭᠡᠨ ᠳᠤ ᠭᠠᠪᠰᠢᠭᠠᠶᠢᠯᠠᠵᠤ᠂ ᠡᠮᠴᠢᠯᠡᠭᠡᠨ ᠤ ᠬᠢᠷᠢ ᠲᠦᠪᠰᠢᠨ ᠢᠶᠠᠨ | ᠳᠡᠭᠡᠭᠰᠢᠯᠡᠭᠦᠯᠬᠦ ᠶᠢ ᠳᠡᠮᠵᠢᠵᠦ ᠪᠠᠶᠢᠨ᠎ᠠ᠃ ᠣᠳᠣᠬᠠᠨ ᠤ ᠰᠢᠨ᠎ᠡ ᠲᠢᠲᠢᠮᠯᠢᠭ ᠸᠢᠷᠦ᠋ᠰ ᠤᠨ ᠬᠤᠪᠢᠰᠤᠯᠲᠠ ᠲᠦᠷᠭᠡᠨ ᠪᠠᠶᠢᠬᠤ ᠵᠡᠷᠭᠡ ᠪᠠᠶᠢᠳᠠᠯ ᠳᠤ ᠴᠢᠭᠯᠡᠭᠦᠯᠦᠨ᠂ | ᠲᠤᠷᠰᠢᠯᠭ᠎ᠠ ᠪᠠᠨ ᠲᠠᠰᠤᠷᠠᠯᠲᠠ ᠥᠬᠡᠶ ᠳ᠋ᠦᠩᠨᠡᠵᠦ᠂ ᠣᠨᠣᠰᠢᠯᠠᠨ ᠡᠮᠨᠡᠬᠦ ᠲᠥᠰᠦᠯ ᠢᠶᠠᠨ ᠰᠢᠯᠢᠳᠡᠭᠵᠢᠭᠦᠯᠵᠦ᠂ ᠸᠠᠺᠼᠢᠨ ᠢ ᠦᠷᠭᠦᠯᠵᠢᠯᠡᠨ ᠲᠡᠭᠦᠯᠳᠡᠷᠵᠢᠭᠦᠯᠵᠦ᠂ | ᠢᠯᠠᠩᠭᠤᠶ᠎ᠠ ᠪᠦᠲᠦᠮᠵᠢᠲᠡᠶ ᠡᠮ ᠤᠨ ᠵᠦᠢᠯ ᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠠᠪᠤᠷᠠᠨ ᠵᠠᠰᠠᠬᠤ ᠦᠷ᠎ᠡ ᠪᠦᠲᠦᠮᠵᠢ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠡᠢ᠃ | | | | ᠯᠢ ᠺᠧ ᠴᠢᠶᠠᠩ ᠬᠡᠯᠡᠬᠦ ᠳᠤ ᠪᠠᠨ᠂ ᠴᠢᠨᠠᠷᠯᠢᠭ ᠡᠮᠴᠢᠯᠡᠭᠡᠨ ᠤ ᠦᠢᠯᠡᠴᠢᠯᠡᠭᠡ ᠪᠠᠷ ᠤᠯᠠᠨ ᠲᠦᠮᠡᠨ ᠳᠤ ᠨᠡᠩ ᠰᠠᠶᠢᠨ ᠠᠰᠢᠭ ᠬᠦᠷᠲᠡᠭᠡᠬᠦ ᠶᠢ ᠠᠬᠢᠭᠤᠯᠬᠤ | ᠬᠡᠷᠡᠭᠲᠡᠢ᠃ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶ᠎ᠠ ᠨᠢ ᠣᠷᠣᠨ ᠪᠦᠰᠡ ᠶᠢᠨ ᠡᠮᠴᠢᠯᠡᠭᠡᠨ ᠤ ᠲᠥᠪ᠂ ᠡᠮᠴᠢᠯᠡᠭᠡᠨ ᠤ ᠬᠤᠯᠪᠣᠭᠠᠲᠤ ᠴᠣᠭᠴᠠ ᠶᠢ | ᠪᠠᠶᠢᠭᠤᠯᠬᠤ ᠶᠠᠪᠤᠴᠠ ᠳᠤ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠪᠠ ᠦᠨᠳᠦᠰᠦᠨ ᠱᠠᠳᠤ᠂ ᠨᠡᠶᠢᠭᠡᠮ | ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠢᠷᠢ ᠲᠦᠪᠰᠢᠨ ᠢ ᠲᠠᠶᠢᠴᠢᠯᠠᠨ ᠳᠡᠭᠡᠭᠰᠢᠯᠡᠭᠦᠯᠵᠦ᠂ ︽ᠢᠨᠲ᠋ᠧᠷ ᠰᠦᠯᠵᠢᠶ᠎ᠡ + ᠡᠮᠴᠢᠯᠡᠭᠡ︾ ᠶᠢ ᠬᠥᠭᠵᠢᠭᠦᠯᠵᠦ | ᠂ ᠦᠨᠳᠦᠰᠦᠨ ᠱᠠᠳᠤ ᠢᠯᠠᠩᠭᠤᠶ᠎ᠠ ᠬᠢᠯᠢ ᠬᠢᠵᠠᠭᠠᠷ ᠣᠷᠣᠨ ᠤ ᠡᠪᠡᠳᠴᠢᠲᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠳᠤ ᠨᠡᠩ ᠲᠦᠬᠦᠮ ᠪᠣᠯᠭᠠᠬᠤ | ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠡᠪᠡᠳᠴᠢᠨ | ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠠᠬᠤ ᠬᠡᠷᠡᠭᠲᠡᠢ ᠭᠡᠵᠡᠢ᠃ | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠶᠡᠭᠡ ᠪᠠᠷ | ᠠᠬᠢᠭᠤᠯᠵᠤ᠂ ᠡᠮᠴᠢ ᠶᠢ ᠬᠦᠨᠳᠦᠳᠬᠡᠨ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠡᠷᠡᠭᠦᠯ | ᠡᠩᠭᠡ ᠳᠤᠮᠳᠠᠳᠤ ᠤᠯᠤᠰ ᠢ ᠲᠥᠷᠭᠡᠳᠬᠡᠨ ᠪᠠᠶᠢᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ | ᠨᠡᠩ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠦᠨ ᠴᠦᠨ ᠯᠠᠨ᠂ ᠰᠢᠶᠤᠤ ᠵᠢᠶᠧ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |