ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠤ ᠪᠦᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠳᠠᠭᠠᠳᠬᠠᠯ ᠤᠨ | ᠲᠦᠷᠢᠮ ᠤᠨ ᠲᠣᠭᠲᠠᠯᠴᠠᠭ᠎ᠠ ᠶᠢ ᠪᠦᠷᠢᠨᠰᠢᠬᠦᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠲᠤᠬᠠᠶ | ᠪᠠᠶᠢᠷᠢᠯᠠᠭᠤᠯᠪᠠ᠃ | ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ ︵ᠡᠬᠡ ᠨᠣᠣᠷᠠᠭ︶︾ ᠢ ᠪᠠᠲᠤᠯᠠᠨ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ | ᠠᠷᠪᠢᠯᠠᠬᠤ ᠪᠠ ᠬᠠᠮᠠᠭᠠᠯᠠᠬᠤ ᠶᠢ ᠴᠢᠩᠭᠠᠳᠬᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 15 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠬᠦ ᠠᠷᠠᠳ ᠤᠨ ᠡᠮᠴᠢᠯᠡᠭᠡᠨ ᠤ | ᠪᠠᠲᠤᠯᠠᠭ᠎ᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠲᠣᠭᠲᠠᠯᠴᠠᠭ᠎ᠠ ᠶᠢ ᠪᠦᠷᠢᠨᠰᠢᠬᠦᠯᠵᠤ᠂ ᠣᠯᠠᠨ | ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ ᠭᠡᠵᠡᠢ︔ ︽ᠭᠠᠵᠠᠷ ᠳᠣᠤᠷᠠᠬᠢ ᠤᠰᠤᠨ ᠤ | ᠬᠠᠮᠢᠶᠠᠷᠤᠯᠲᠠ ᠶᠢᠨ ᠲᠦᠷᠢᠮ ︵ᠡᠬᠡ ᠨᠣᠣᠷᠠᠭ︶︾ ᠢ ᠪᠠᠲᠤᠯᠠᠨ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠬᠤ ᠶᠢ ᠴᠢᠩᠭᠠᠳᠬᠠᠪᠠ | ᠃ | ᠬᠤᠷᠠᠯ ᠠᠴᠠ ᠵᠢᠭᠠᠬᠤ ᠳᠤ ᠪᠠᠨ᠂ ᠪᠦᠬᠦ ᠠᠷᠠᠳ ᠤᠨ ᠡᠮᠴᠢᠯᠡᠭᠡᠨ ᠤ ᠳᠠᠭᠠᠳᠬᠠᠯ ᠪᠣᠯ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠨᠢᠭᠡᠨ ᠦᠨᠳᠦᠰᠦᠨ | ᠳᠦᠷᠢᠮ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠰᠢᠨ᠎ᠡ ᠨᠢᠭᠡ ᠡᠭᠡᠯᠵᠢ ᠶᠢᠨ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠠᠴᠠ ᠨᠠᠭᠠᠰᠢ᠂ ᠮᠠᠨ ᠤ ᠤᠯᠤᠰ ᠨᠢᠭᠡᠨᠲᠡ ᠪᠦᠬᠦ ᠳᠡᠯᠡᠬᠡᠢ ᠶᠢᠨ ᠬᠠᠮᠤᠭ ᠤᠨ ᠶᠡᠭᠡ᠂ ᠪᠦᠬᠦ | ᠠᠷᠠᠳ ᠢ ᠬᠠᠮᠤᠷᠤᠭᠰᠠᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠲᠣᠣᠷ ᠢ ᠪᠠᠶᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ | ᠦᠨᠳᠦᠰᠦᠨ ᠡᠮᠴᠢᠯᠡᠭᠡᠨ ᠤ ᠳᠠᠭᠠᠳᠬᠠᠯ ᠨᠢ 13.6 ᠳ᠋ᠦᠩᠰᠢᠭᠤᠷ ᠬᠥᠮᠦᠨ ᠢ ᠬᠠᠮᠤᠷᠴᠤ᠂ ᠬᠠᠮᠤᠷᠤᠭᠰᠠᠨ ᠨᠤᠷᠮ᠎ᠠ ᠶᠢ 95% ᠠᠴᠠ ᠳᠡᠭᠡᠭᠰᠢ ᠳᠤ | ᠲᠣᠭᠲᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠪᠠᠰᠠ ᠴᠢᠬᠤᠯᠠ ᠠᠬᠢᠴᠠ ᠲᠠᠢ ᠪᠤᠯᠵᠤ᠂ ᠤᠯᠠᠨ ᠲᠦᠮᠡᠨ ᠤ | ᠡᠪᠡᠳᠴᠢᠨ ᠦᠵᠡᠭᠦᠯᠬᠦ ᠳᠤ ᠬᠦᠴᠢᠷᠲᠡᠢ ᠡᠪᠡᠳᠴᠢᠨ ᠦᠵᠡᠭᠦᠯᠬᠦ ᠳᠤ ᠦᠨᠡᠲᠡᠢ ᠠᠰᠠᠭᠤᠳᠠᠯ ᠢ ᠨᠠᠮᠳᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠵᠡᠢ᠃ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠬᠤᠭᠤᠴᠠᠭᠠᠨ ᠳᠤ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠴᠢᠳᠠᠯ ᠤᠨ ᠴᠢᠨᠡᠭᠡ ᠪᠠᠷ ᠢᠶᠠᠨ | ᠴᠢᠷᠮᠠᠶᠢᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠡᠮᠴᠢᠯᠡᠭᠡᠨ ᠤ ᠪᠠᠲᠤᠯᠠᠭ᠎ᠠ ᠳᠤ ᠦᠨᠳᠦᠰᠦᠨ ᠵᠦᠢᠯ ᠢ ᠪᠠᠲᠤᠯᠠᠬᠤ ᠣᠨᠣᠯᠵᠢᠬᠤᠨ ᠢ ᠢᠮᠠᠭᠲᠠ ᠲᠤᠭᠤᠰᠢᠯᠠᠭᠤᠯᠵᠤ | ᠂ ᠬᠢᠷᠢ ᠲᠦᠪᠰᠢᠨ ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠦᠷᠭᠦᠯᠵᠢᠯᠡᠬᠦ᠋ᠢᠴᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠨᠢᠭᠡ ᠳᠤ᠂ ᠣᠯᠠᠨ ᠲᠠᠰ | ᠳᠠᠪᠬᠤᠷᠭ᠎ᠠ ᠶᠢᠨ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠲᠣᠭᠲᠠᠯᠴᠠᠭ᠎ᠠ ᠶᠢ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠠᠪᠰᠤᠷᠤᠮᠵᠢ ᠲᠥᠷᠥ ᠶᠢᠨ | ᠪᠣᠳᠣᠯᠭ᠎ᠠ ᠶᠢ ᠲᠥᠷᠥᠯ ᠬᠤᠪᠢᠶᠠᠨ ᠰᠢᠯᠢᠳᠡᠭᠵᠢᠭᠦᠯᠬᠦ ᠬᠡᠷᠡᠭᠲᠡᠢ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠤᠨ᠂ | ᠠᠵᠢᠯᠳᠠᠨ ᠠᠵᠢᠯᠴᠢᠨ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠪᠠᠶᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ ᠲᠤ ᠪᠠᠨ ᠳᠠᠭᠠᠳᠬᠠᠯ ᠳᠤ | ᠣᠷᠣᠯᠴᠠᠬᠤ ᠶᠢ ᠠᠬᠢᠭᠤᠯᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠬᠤ ᠡᠷᠦᠭᠡ ᠠᠮᠠ ᠶᠢᠨ ᠬᠠᠷᠢᠶᠠᠯᠠᠯ ᠤᠨ ᠬᠢᠵᠠᠭᠠᠷᠯᠠᠯ ᠢ | ᠴᠢᠯᠥᠭᠡᠲᠡᠶ ᠪᠣᠯᠭᠠᠬᠤ ᠬᠡᠷᠡᠭᠲᠡᠢ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠲᠠᠩᠰᠠ ᠲᠠᠶᠢᠯᠬᠤ ᠬᠠᠷᠠᠭᠠᠯᠵᠠᠯ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠭᠦᠳᠡᠨ | ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠬᠦᠨᠳᠦ ᠡᠪᠡᠳᠴᠢᠨ ᠤ ᠳᠠᠭᠠᠳᠬᠠᠯ ᠬᠢᠭᠡᠳ ᠦᠨᠳᠦᠰᠦᠨ ᠡᠮᠴᠢᠯᠡᠭᠡᠨ ᠤ ᠳᠠᠭᠠᠳᠬᠠᠯ ᠢ | ᠵᠣᠯᠭᠠᠭᠤᠯᠬᠤ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠦᠴᠢᠷᠳᠡᠯ ᠲᠠᠢ ᠤᠯᠠᠨ ᠲᠦᠮᠡᠨ ᠤ ᠬᠦᠨᠳᠦ ᠶᠡᠭᠡ ᠡᠪᠡᠳᠴᠢᠨ | ᠡᠮᠭᠡᠭ ᠢ ᠠᠪᠤᠷᠠᠨ ᠲᠤᠰᠠᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠭᠡᠨᠡᠳᠲᠡ ᠶᠢᠨ ᠬᠦᠨᠳᠦ ᠶᠡᠭᠡ ᠬᠢᠵᠢᠭ ᠤᠨ ᠪᠠᠶᠢᠳᠠᠯ ᠳᠣᠣᠷᠠᠬᠢ ᠤᠷᠢᠳ ᠢᠶᠠᠷ ᠡᠮᠨᠡᠨ | ᠵᠠᠰᠠᠵᠤ᠂ ᠲᠠᠷᠠᠭ᠎ᠠ ᠨᠢ ᠰᠦᠢᠳᠬᠡᠯ ᠬᠤᠷᠢᠶᠠᠬᠤ ᠪᠠ ᠣᠨᠴᠠᠭᠠᠶ ᠡᠪᠡᠳᠴᠢᠲᠡᠨ᠂ ᠣᠨᠴᠠᠭᠠᠶ ᠡᠪᠡᠳᠴᠢᠨ ᠡᠮᠭᠡᠭ ᠲᠤ ᠴᠢᠭᠯᠡᠭᠦᠯᠦᠭᠰᠡᠨ ᠡᠮᠴᠢᠯᠡᠭᠡᠨ ᠤ ᠰᠦᠢᠳᠬᠡᠯ ᠢ | ᠬᠡᠯᠲᠦᠷᠢᠭᠦᠯᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠰ ᠤᠨ ᠬᠥᠭᠵᠢᠯᠲᠡ ᠶᠢ ᠳᠡᠮᠵᠢᠵᠦ᠂ | ᠨᠠᠰᠤᠲᠠᠶᠢᠴᠤᠳ ᠵᠡᠷᠭᠡ ᠬᠦᠮᠦᠰ ᠲᠤ ᠬᠠᠨᠳᠤᠭᠤᠯᠤᠭᠰᠠᠨ ᠳᠠᠭᠠᠳᠬᠠᠯ ᠤᠨ ᠨᠡᠷᠡᠳᠬᠦᠨ ᠢ ᠪᠠᠶᠠᠯᠢᠭᠵᠢᠭᠤᠯᠬᠤ ᠬᠡᠷᠡᠭᠲᠡᠢ᠃ ᠣᠷᠳᠣ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠲᠦᠷᠢᠮ ᠢ ᠲᠣᠭᠲᠠᠭᠤᠨ ᠢᠶᠠᠷ ᠪᠠᠶᠢᠭᠤᠯᠬᠤ ᠬᠡᠷᠡᠭᠲᠡᠢ᠃ ᠦᠷᠡᠵᠢᠯ ᠤᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠪᠦᠷᠢᠨᠰᠢᠭᠦᠯᠬᠦ ᠬᠡᠷᠡᠭᠲᠡᠢ᠃ | ᠬᠤᠶᠠᠷ ᠲᠤ᠂ ᠦᠨᠳᠦᠰᠦᠨ ᠡᠮᠴᠢᠯᠡᠭᠡᠨ ᠤ ᠲᠣᠭᠲᠠᠯᠴᠠᠭ᠎ᠠ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠢ ᠬᠠᠷᠢᠯᠴᠠᠨ ᠵᠣᠬᠢᠴᠠᠭᠤᠯᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ | ᠂ ᠡᠮᠴᠢᠯᠡᠭᠡᠨ ᠤ ᠬᠤᠯᠪᠣᠭᠠᠲᠤ ᠴᠣᠭᠴᠠ ᠵᠡᠷᠭᠡ ᠶᠢᠨ ᠬᠥᠭᠵᠢᠯᠲᠡ ᠶᠢ ᠠᠬᠢᠭᠤᠯᠤᠨ᠂ ᠨᠥᠬᠦᠴᠡᠯ ᠳᠤ ᠨᠡᠶᠢᠴᠡᠭᠰᠡᠨ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠬᠤ ᠬᠡᠪᠴᠢᠶᠡᠨ ᠳᠤ ᠣᠷᠣᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠤᠨ᠂ ︽ᠪᠠᠭ᠎ᠠ ᠡᠪᠡᠳᠴᠢᠨ ᠢ ᠶᠡᠭᠡ ᠪᠠᠷ ᠵᠠᠰᠠᠬᠤ︾᠂ ᠬᠡᠲᠦᠷᠡᠲᠡᠯ᠎ᠡ ᠡᠮᠴᠢᠯᠡᠬᠦ ᠦᠵᠡᠭᠳᠡᠯ ᠢ | ᠪᠠᠭᠠᠰᠬᠠᠵᠤ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠢᠯᠡᠳᠦᠯ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠡᠮᠴᠢᠯᠡᠭᠡᠨ ᠤ | ᠳᠠᠭᠠᠳᠬᠠᠯ ᠪᠣᠯᠤᠨ ᠡᠮ ᠡᠮᠨᠡᠯᠭᠡ ᠶᠢᠨ ᠬᠠᠮᠵᠢᠯᠴᠠᠭᠰᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠤᠯᠤᠰ ᠠᠴᠠ ᠡᠮ ᠤᠨ ᠵᠦᠢᠯ ᠢ ᠬᠡᠮᠵᠢᠶ᠎ᠡ ᠲᠠᠢ ᠪᠠᠷ | ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶ᠎ᠡ ᠶᠢ ᠥᠷᠭᠡᠳᠬᠡᠨ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠬᠡᠲᠦ ᠥᠨᠳᠥᠷ ᠪᠠᠶᠢᠬᠤ ᠶᠢ ᠬᠤᠷᠢᠭᠯᠠᠬᠤ ᠬᠡᠷᠡᠭᠲᠡᠢ᠃ ᠡᠮᠴᠢᠯᠡᠭᠡᠨ ᠤ ᠦᠨ᠎ᠡ ᠥᠷᠲᠡᠭ ᠢᠶᠠᠷ ᠥᠨᠳᠥᠷ᠂ | ᠡᠪᠡᠳᠴᠢᠲᠡᠨ ᠳᠤ ᠢᠯᠡᠳᠲᠡ ᠠᠰᠢᠭ ᠬᠦᠷᠲᠡᠭᠡᠬᠦ ᠡᠮ ᠤᠨ ᠵᠦᠢᠯ ᠢ ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠳᠥᠯᠥᠬᠦ ᠬᠡᠪᠴᠢᠶᠡᠨ ᠳᠤ ᠣᠷᠣᠭᠤᠯᠵᠤ᠂ | ᠢᠷᠡᠬᠦ ᠵᠢᠯ ᠳᠤ ᠪᠥᠬᠦ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠡᠷᠡᠭᠯᠡᠬᠦ ᠡᠮ ᠤᠨ ᠬᠡᠪᠴᠢᠶ᠎ᠡ ᠶᠢ ᠦᠨᠳᠦᠰᠦᠨ ᠳᠤ ᠪᠠᠨ ᠨᠢᠭᠡᠲᠦᠯᠲᠡᠢ ᠪᠣᠯᠭᠠᠬᠤ ᠶᠢ | ᠪᠡᠶᠡᠯᠡᠭᠦᠯᠬᠦ ᠬᠡᠷᠡᠭᠲᠡᠢ᠃ ᠳᠥᠷᠪᠡ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠮᠤᠵᠢ ᠬᠤᠲᠠ ᠰᠢᠶᠠᠨ ᠰᠢᠶᠠᠩ ᠲᠣᠰᠬᠤᠨ ᠢ ᠬᠠᠮᠤᠷᠤᠭᠰᠠᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠣᠣᠷ ᠢ ᠪᠠᠶᠢᠭᠤᠯᠬᠤ ᠬᠡᠷᠡᠭᠲᠡᠢ᠃ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠶᠢ ᠪᠦᠷᠢᠳᠬᠡᠨ ᠳᠠᠩᠰᠠᠯᠠᠬᠤ ᠪᠠ ᠵᠠᠯᠭᠠᠭᠤᠯᠤᠨ ᠰᠢᠯᠵᠢᠭᠦᠯᠬᠦ ᠵᠡᠷᠭᠡ ᠶᠢᠨ ᠮᠤᠵᠢ ᠠᠯᠤᠰᠯᠠᠨ ᠨᠡᠶᠢᠳᠡᠮ | ᠭᠦᠢᠴᠡᠳᠬᠡᠬᠦ ᠶᠢ ᠠᠬᠢᠭᠤᠯᠵᠤ᠂ ᠣᠨᠳᠣᠣ ᠭᠠᠵᠠᠷ ᠲᠤ ᠡᠮᠨᠡᠭᠦᠯᠵᠦ ᠡᠮᠨᠡᠯᠭᠡ ᠳᠤ ᠰᠠᠭᠤᠬᠤ᠂ ᠡᠭᠦᠳᠡᠨ ᠡᠮᠨᠡᠯᠭᠡ ᠳᠤ ᠡᠮᠨᠡᠭᠦᠯᠬᠦ ᠵᠠᠷᠤᠳᠠᠯ ᠢ ᠰᠦᠯᠵᠢᠶᠡᠨ ᠳᠡᠭᠡᠷ᠎ᠡ | ᠳ᠋ᠦᠩᠨᠡᠨ ᠪᠤᠳᠤᠬᠤ ᠶᠢ ᠪᠦᠬᠦ ᠤᠯᠤᠰ ᠤᠨ ᠬᠡᠪᠴᠢᠶᠡᠨ ᠳᠤ ᠪᠡᠶᠡᠯᠡᠭᠦᠯᠬᠦ ᠬᠡᠷᠡᠭᠲᠡᠢ᠃ ᠲᠠᠪᠤ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠲᠡᠭᠦᠯᠳᠡᠷᠵᠢᠭᠦᠯᠦᠨ᠂ ᠰᠢᠰᠲ᠋ᠧᠮ ᠢᠶᠠᠷ ᠬᠢᠨᠠᠨ ᠡᠵᠡᠮᠳᠡᠬᠦ᠂ ᠲᠤᠬᠠᠶ ᠶᠢᠨ ᠲᠠᠯᠠᠪᠤᠷ ᠲᠤ ᠨᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ | ᠬᠡᠷᠡᠭᠯᠡᠵᠦ᠂ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠬᠦ ᠬᠡᠷᠡᠭᠲᠡᠢ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠵᠡᠷᠭᠡ | ᠭᠤᠷᠪᠠᠳᠠᠭᠴᠢ ᠡᠲᠡᠭᠡᠳ ᠤᠨ ᠬᠦᠴᠦᠨ ᠢ ᠣᠷᠣᠭᠤᠯᠤᠨ ᠠᠪᠴᠢᠷᠠᠵᠤ ᠬᠢᠨᠠᠨ ᠬᠠᠮᠢᠶᠠᠷᠬᠤ ᠲᠤᠰᠬᠠᠶ ᠮᠡᠷᠭᠡᠵᠢᠯ ᠤᠨ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠨᠡᠩ ᠪᠦᠲᠦᠮᠵᠢᠲᠡᠶ ᠪᠠᠷ ᠪᠠᠳᠠᠷᠠᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ | ᠬᠡᠷᠡᠭᠯᠡᠭᠰᠡᠨ ᠪᠠᠶᠢᠳᠠᠯ ᠵᠢᠴᠢ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠠᠭ ᠲᠤᠬᠠᠶ ᠳᠤ ᠨᠢ ᠢᠯᠡ ᠪᠠᠷ ᠵᠠᠷᠯᠠᠨ ᠮᠡᠳᠡᠭᠳᠡᠵᠦ᠂ ᠮᠡᠬᠡᠯᠡᠨ ᠬᠢᠬᠠᠵᠤ ᠳᠠᠭᠠᠳᠬᠠᠯ ᠮᠡᠬᠡᠯᠡᠬᠦ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠡᠢ᠃ | ᠬᠤᠷᠠᠯ ᠠᠴᠠ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ ︵ᠡᠬᠡ ᠨᠣᠣᠷᠠᠭ︶︾ ᠢ ᠪᠠᠲᠤᠯᠠᠪᠠ᠃ ᠡᠬᠡ ᠨᠣᠣᠷᠠᠭ ᠲᠤ ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠠᠵᠠᠷ ᠳᠣᠤᠷᠠᠬᠢ ᠤᠰᠤ ᠶᠢ ᠲᠠᠲᠠᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠤᠰᠤᠨ ᠲᠦᠪᠰᠢᠨ ᠢ | ᠬᠢᠵᠠᠭᠠᠷᠯᠠᠬᠤ ᠲᠦᠷᠢᠮ ᠢ ᠲᠣᠳᠣᠷᠬᠠᠶ ᠲᠣᠭᠲᠠᠭᠠᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠭᠠᠶᠢᠯᠢ ᠰᠦᠢᠳᠬᠡᠯ ᠤᠨ ᠪᠠᠷᠢᠮᠵᠢᠶ᠎ᠠ ᠶᠢ ᠵᠦᠶ ᠵᠣᠬᠢᠰᠲᠠᠶ | ᠳᠡᠭᠡᠭᠰᠢᠯᠡᠭᠦᠯᠬᠦ ᠪᠠᠷ ᠲᠣᠭᠲᠠᠭᠠᠪᠠ᠃ ᠡᠬᠡ ᠨᠣᠣᠷᠠᠭ ᠲᠤ ᠰᠠᠯᠠᠭ᠎ᠠ ᠮᠥᠴᠢᠷ ᠪᠠ ᠣᠷᠣᠨ ᠨᠤᠲᠤᠭ ᠤᠨ ᠬᠢᠨ ᠤ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ | ᠲᠣᠳᠣᠷᠬᠠᠶ ᠲᠣᠭᠲᠠᠭᠠᠵᠠᠶ᠃ ᠨᠡᠭᠡᠭᠡᠨ ᠮᠠᠯᠲᠠᠬᠤ ᠶᠢ ᠴᠠᠭᠠᠵᠠᠯᠠᠬᠤ ᠣᠷᠣᠨ ᠪᠠ ᠨᠡᠭᠡᠭᠡᠨ ᠮᠠᠯᠲᠠᠬᠤ ᠶᠢ ᠬᠢᠵᠠᠭᠠᠷᠯᠠᠬᠤ ᠣᠷᠣᠨ ᠢ ᠵᠠᠭᠠᠭᠯᠠᠨ ᠲᠣᠭᠲᠠᠭᠠᠬᠤ ᠪᠠᠷ | ᠱᠠᠭᠠᠷᠳᠠᠪᠠ᠃ ᠣᠨᠴᠠᠭᠠᠶ ᠪᠠᠶᠢᠳᠠᠯ ᠠᠴᠠ ᠭᠠᠳᠠᠨ᠎ᠠ ᠨᠡᠭᠡᠭᠡᠨ ᠮᠠᠯᠲᠠᠬᠤ ᠶᠢ ᠴᠠᠭᠠᠵᠠᠯᠠᠭᠰᠠᠨ ᠣᠷᠣᠨ ᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ | ᠴᠠᠭᠠᠵᠠᠯᠠᠵᠤ᠂ ᠨᠡᠭᠡᠭᠡᠨ ᠮᠠᠯᠲᠠᠬᠤ ᠶᠢ ᠬᠢᠵᠠᠭᠠᠷᠯᠠᠭᠰᠠᠨ ᠣᠷᠣᠨ ᠳᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠣᠷᠣᠨ ᠢ ᠰᠢᠨ᠎ᠡ ᠪᠠᠷ ᠨᠡᠮᠡᠭᠳᠡᠭᠦᠯᠬᠦ ᠶᠢ | ᠴᠠᠭᠠᠵᠠᠯᠠᠵᠤ᠂ ᠭᠠᠵᠠᠷ ᠳᠣᠤᠷᠠᠬᠢ ᠤᠰᠤ ᠶᠢ ᠪᠣᠬᠢᠷᠲᠤᠭᠤᠯᠬᠤ ᠪᠤᠶᠤ ᠪᠣᠬᠢᠷᠲᠤᠭᠤᠯᠵᠤ ᠮᠡᠳᠡᠬᠦ ᠦᠢᠯᠡ ᠠᠵᠢᠯᠯᠠᠭ᠎ᠠ ᠶᠢ ᠴᠠᠭᠠᠵᠠᠯᠠᠨ᠎ᠠ ᠭᠡᠵᠦ ᠲᠣᠳᠣᠷᠬᠠᠢ | ᠲᠣᠭᠲᠠᠭᠠᠵᠠᠶ᠃ ᠲᠥᠰᠦᠯ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠬᠦ ᠲᠤᠬᠠᠶ ᠲᠣᠳᠣᠷᠬᠠᠶ ᠲᠣᠭᠲᠠᠭᠠᠯ | ᠭᠠᠷᠭᠠᠵᠠᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | |