ᠨᠠᠷᠠᠨᠲᠤᠶᠠᠭ᠎ᠠ᠄ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠴᠦ ᠬᠡᠷᠡᠭᠯᠡᠬᠦ ᠨᠢ ᠬᠡᠦᠭᠡᠳ ᠤᠨ ᠨᠡᠩ ᠶᠡᠭᠡ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠠᠰᠢᠭᠲᠠᠢ
ᠨᠡᠶᠢᠲᠡᠯᠡᠭᠰᠡᠨ ᠴᠠᠭ᠄
2021/9/2
   ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠪᠣᠯ ᠳᠤᠮᠳᠠᠲᠤ ᠤᠯᠤᠰ ᠤᠨ ᠬᠦᠮᠦᠨ ᠨᠢᠭᠡᠪᠦᠷᠢ ᠶᠢᠨ ᠬᠠᠤᠯᠢ ᠢᠶᠠᠷ ᠲᠣᠭᠲᠠᠭᠠᠭᠰᠠᠨ ᠡᠭᠦᠷᠭᠡ ᠪᠣᠯᠬᠤ ᠪᠠᠷ ᠪᠠᠷᠠᠬᠤ ᠦᠭᠡᠢ ᠨᠡᠩ ᠴᠤ ᠤᠯᠠᠮ ᠶᠡᠭᠡ ᠬᠥᠭᠵᠢᠯᠲᠡ ᠶᠢᠨ ᠣᠷᠤᠨ ᠵᠠᠢ ᠲᠠᠢ ᠪᠣᠯᠬᠤ ᠳᠤ ᠳᠤᠲᠠᠭᠳᠠᠵᠤ ᠪᠣᠯᠬᠤ ᠦᠭᠡᠢ ᠬᠡᠪ ᠪᠣᠯᠪᠠᠰᠤᠷᠠᠯ ᠪᠣᠯᠤᠨ᠎ᠠ︾ ᠭᠡᠵᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠦᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ᠂ ᠤᠷᠠᠳ ᠤᠨ ᠡᠮᠦᠨᠡᠲᠦ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠠᠭᠰᠢ ᠨᠠᠷᠠᠨᠲᠤᠶᠠᠭ᠎ᠠ ᠬᠡᠯᠡᠨ᠎ᠡ᠃    ᠨᠠᠷᠠᠨᠲᠤᠶᠠᠭ᠎ᠠ ᠬᠠᠷᠠᠬᠠᠨ ᠪᠠᠭ᠎ᠠ ᠠᠴᠠ ᠪᠠᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠰᠤᠷᠤᠯᠴᠠᠵᠤ᠂ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠠᠵᠢᠯᠯᠠᠭᠰᠠᠭᠠᠷ ᠢᠷᠡᠭᠰᠡᠨ ᠪᠣᠯᠪᠠᠴᠤ ᠲᠡᠷᠡ ᠥᠪᠡᠷ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠶᠢ ᠮᠠᠰᠢ ᠴᠢᠬᠤᠯᠠᠴᠢᠯᠠᠳᠠᠭ ᠪᠦᠭᠡᠳ ᠪᠠᠰᠠ ᠮᠠᠰᠢ ᠰᠤᠷᠬᠤ ᠳᠤᠷᠠᠲᠠᠢ ᠪᠠᠶᠢᠳᠠᠭ᠃ ᠲᠡᠷᠡ ᠰᠤᠷᠤᠭᠴᠢ ᠪᠠᠶᠢᠬᠤ ᠠᠴᠠ ᠪᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠢᠴᠢᠶᠡᠯ ᠢ ᠨᠠᠷᠢᠨ ᠬᠢᠨᠠᠮᠠᠭᠠᠢ ᠬᠢᠴᠢᠶᠡᠩᠭᠦᠢ ᠰᠤᠷᠤᠯᠴᠠᠳᠠᠭ ᠪᠦᠭᠡᠳ ᠪᠠᠰᠠ ᠬᠢᠴᠢᠶᠡᠯ ᠤᠨ ᠭᠠᠳᠠᠨᠠᠬᠢ ᠨᠣᠮ ᠪᠢᠴᠢᠭ᠂ ᠤᠳᠭ᠎ᠠ ᠵᠣᠬᠢᠶᠠᠯ ᠤᠨ ᠨᠣᠮ ᠳᠡᠪᠲᠡᠷ ᠢ ᠠᠮᠲᠠᠷᠬᠠᠨ ᠣᠩᠰᠢᠬᠤ ᠠᠷᠭ᠎ᠠ ᠪᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠪᠰᠢᠨ ᠢᠶᠠᠨ ᠳᠡᠭᠡᠭᠰᠢᠯᠡᠭᠦᠯᠵᠦ᠂ ᠶᠡᠭᠡ ᠰᠤᠷᠭᠠᠭᠤᠯᠢ ᠳᠤ ᠣᠷᠤᠬᠤ ᠳᠤ ᠪᠠᠨ ᠲᠤᠰᠬᠠᠶᠢᠯᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠤᠰᠬᠠᠢ ᠮᠡᠷᠭᠡᠵᠢᠯ ᠢ ᠰᠣᠩᠭᠤᠵᠣ᠂ ᠥᠪᠡᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃    ᠨᠠᠷᠠᠨᠲᠤᠶᠠᠭ᠎ᠠ᠄ ︽ᠪᠢᠳᠡᠨ ᠢ ᠵᠠᠯᠠᠭᠤ ᠪᠠᠭ᠎ᠠ ᠪᠠᠶᠢᠬᠤ ᠳᠤ ᠣᠳᠤ ᠶᠢᠨ ᠰᠢᠭ᠋ ᠡᠶᠢᠮᠦ ᠰᠠᠶᠢᠨ ᠰᠤᠷᠤᠯᠴᠠᠬᠤ ᠨᠦᠬᠦᠴᠡᠯ ᠵᠠᠪᠰᠢᠶᠠᠨ ᠦᠭᠡᠢ᠂ ᠮᠢᠨᠤ ᠨᠦᠬᠦᠷ ᠪᠣᠯ ᠴᠠᠭᠳᠠᠭ᠎ᠠ᠂ ᠰᠠᠶ᠋ᠢ ᠠᠵᠢᠯ ᠳᠤ ᠣᠷᠤᠵᠤ ᠲᠡᠮᠳᠡᠭᠯᠡᠯ ᠬᠢᠬᠦ ᠳᠤ ᠪᠠᠨ ᠪᠢᠴᠢᠵᠤ ᠴᠢᠳᠠᠬᠤ ᠦᠭᠡᠢ ᠦᠰᠦᠭ ᠲᠣᠬᠢᠶᠠᠯᠳᠤᠪᠠᠯ ᠤᠷᠢᠳ ᠢᠶᠠᠷ ᠴᠠᠭᠠᠷᠢᠭ ᠵᠢᠷᠤᠵᠤ᠂ ᠳᠠᠷᠠᠭ᠎ᠠ ᠨᠢ ᠲᠣᠯᠢ ᠪᠢᠴᠢᠭ ᠡᠷᠢᠵᠤ ᠬᠤᠭᠤᠰᠦᠨ ᠢ ᠨᠢ ᠨᠦᠬᠦᠳᠡᠭ ᠪᠠᠶᠢᠭᠰᠠᠨ᠂ ᠡᠶᠢᠮᠦᠷᠬᠦᠦ ᠪᠡᠷᠬᠡᠰᠢᠶᠡᠯ ᠲᠠᠢ ᠥᠩᠭᠡᠷᠡᠯᠲᠡ ᠲᠠᠢ ᠪᠣᠯᠬᠤᠷ ᠪᠢᠳᠡ ᠬᠤᠶᠠᠭᠤᠯᠠ ᠬᠡᠦᠬᠡᠨ ᠳᠤ ᠪᠠᠨ ᠴᠡᠴᠡᠷᠯᠢᠭ ᠠᠴᠠ ᠡᠬᠢᠯᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠬᠦᠷᠲᠡᠭᠡᠬᠦ ᠪᠠᠷ ᠵᠣᠷᠢᠭ ᠰᠢᠭᠤᠳᠴᠠᠢ᠂ ᠮᠢᠨᠦ ᠬᠡᠦᠬᠡᠨ ᠣᠳᠤ ᠨᠢᠭᠡᠨᠲᠡ ᠵᠡᠭᠦᠨ ᠬᠤᠶᠢᠲᠤ ᠶᠢᠨ ᠣᠢ ᠰᠢᠭᠤᠢ ᠶᠢᠨ ᠶᠡᠭᠡ ᠰᠤᠷᠭᠠᠭᠤᠯᠢ ᠠᠴᠠ ᠠᠰᠪᠠᠷᠠᠨᠲ ᠲᠡᠭᠦᠰᠴᠦ᠂ ᠪᠤᠭᠤᠲᠤ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠰᠢᠯᠭᠠᠨ ᠣᠷᠤᠵᠤ ᠠᠵᠢᠯᠯᠠᠪᠠ︾ ᠭᠡᠵᠤ ᠶᠠᠷᠢᠨ᠎ᠠ᠃    ᠨᠠᠷᠠᠨᠲᠤᠶᠠᠭ᠎ᠠ᠄ ︽ᠨᠢᠨᠤ ᠦᠬᠢᠨ ᠪᠠᠭ᠎ᠠ ᠰᠤᠷᠭᠠᠭᠤᠯᠢ ᠠᠴᠠ ᠪᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠬᠦᠷᠲᠡᠵᠦ᠂ ᠰᠤᠷᠤᠯᠭ᠎ᠠ ᠳᠤ ᠪᠠᠨ ᠥᠨᠳᠦᠷ ᠠᠮᠵᠢᠯᠲᠠ ᠣᠯᠵᠤ ᠪᠠᠶᠢᠭᠰᠠᠨ ᠪᠣᠯᠬᠤᠷ ᠲᠡᠭᠦᠨ ᠤ ᠰᠤᠷᠤᠭᠰᠠᠨ ᠮᠡᠳᠡᠯᠭᠡ ᠨᠢ ᠣᠳᠤ ᠮᠠᠨᠤᠰ ᠠᠴᠠ ᠬᠤᠯᠠ ᠠᠷᠪᠢᠨ᠂ ︿ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ﹀ ᠲᠡᠪᠴᠡᠩ ᠳᠡᠭᠡᠷ᠎ᠡ ᠰᠡᠳᠦᠪ ᠬᠢᠬᠦ ᠪᠦᠷᠢ ᠵᠦᠷᠢᠶ᠎ᠡ ᠪᠠᠨ ᠦᠵᠡᠵᠦ ᠭᠠᠷᠦᠨ᠎ᠠ᠂ ᠮᠢᠨᠦ ᠦᠬᠢᠨ ᠤᠳᠠᠭ᠎ᠠ ᠪᠦᠷᠢ ᠪᠢᠳᠡ ᠬᠤᠶᠠᠷ ᠠᠴᠠ ᠥᠨᠳᠦᠷ ᠬᠤᠪᠢ ᠰᠢᠯᠭᠠᠵᠤ᠂ ᠢᠯᠠᠩᠭᠤᠶ᠎ᠠ ᠡᠷᠲᠡᠨ ᠤ ᠰᠢᠯᠦᠭ ᠳᠠᠭᠤᠯᠠᠯ ᠤᠨ ᠬᠠᠮᠢᠶ᠎ᠠ ᠪᠦᠬᠦᠢ ᠰᠡᠳᠦᠪ ᠢ ᠪᠦᠷ ᠬᠢᠵᠤ ᠴᠢᠳᠠᠨ᠎ᠠ᠃ ᠡᠨᠡ ᠪᠣᠯ ᠳᠠᠷᠤᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠭᠰᠠᠨ ᠤ ᠰᠠᠶᠢᠨ ᠳᠠᠪᠠᠭᠤᠯᠢᠭ ᠲᠠᠯ᠎ᠠ︾ ᠭᠡᠵᠦ ᠪᠠᠶᠢᠯ᠎ᠠ᠃    ᠨᠠᠷᠠᠨᠲᠤᠶᠠᠭ᠎ᠠ2008 ᠣᠨ ᠳᠤ ᠪᠠᠶᠠᠨᠨᠠᠭᠤᠷ ᠬᠤᠲᠠ ᠶᠢᠨ ᠠᠷᠠᠳ ᠤᠨ ᠲᠥᠯᠦᠭᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠪᠠᠷ ᠰᠤᠩᠭᠤᠭᠳᠠᠵᠤ᠂ ᠳᠠᠷᠠᠭ᠎ᠠ ᠨᠢ ᠬᠤᠶᠠᠷ ᠬᠤᠭᠤᠴᠠᠭᠠᠨ ᠤ ᠪᠦᠬᠦ ᠬᠤᠲᠠ ᠶᠢᠨ ᠠᠷᠠᠳ ᠤᠨ ᠲᠥᠯᠦᠭᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠶᠢᠨ ᠲᠤᠰᠢᠶᠠᠯ ᠢ ᠡᠭᠦᠷᠭᠡᠯᠡᠪᠡ᠃ ᠠᠷᠠᠳ ᠤᠨ ᠲᠥᠯᠦᠭᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠪᠠᠷ ᠰᠤᠩᠭᠤᠭᠳᠠᠭᠰᠠ ᠶᠢᠨ ᠳᠠᠷᠠᠭ᠎ᠠ᠂ ᠲᠡᠷᠡ ᠦᠷᠭᠦᠯᠵᠢ ᠣᠷᠤᠨ ᠤ ᠳᠣᠲᠣᠨ᠎ᠠ ᠭᠠᠳᠠᠨ᠎ᠠ ᠰᠢᠵᠢᠮᠯᠡᠨ ᠪᠠᠶᠢᠴᠠᠭᠠᠵᠤ ᠰᠤᠷᠤᠯᠴᠠᠨ ᠨᠡᠶᠢᠬᠡᠮ ᠤᠨ ᠡᠯ᠎ᠡ ᠡᠲᠡᠭᠡᠳ ᠤᠨ ᠬᠦᠮᠦᠰ  ᠲᠠᠢ ᠠᠭᠤᠯᠵᠠᠵᠤ ᠲᠠᠨᠢᠯᠴᠠᠵᠤ ᠬᠠᠷᠢᠯᠴᠠᠳᠠᠭ ᠢᠶᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠥᠪᠰᠢᠨ ᠨᠢ ᠮᠠᠰᠢ ᠲᠥᠷᠭᠡᠨ ᠳᠡᠭᠡᠭᠰᠢᠯᠡᠵᠡᠢ᠃2018 ᠣᠨ ᠳᠤ ᠲᠡᠷᠡ ᠪᠦᠬᠦ ᠤᠯᠤᠰ ᠤᠨ ᠠᠷᠠᠳ ᠤᠨ ᠲᠥᠯᠦᠭᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠪᠠᠷ ᠰᠤᠩᠭᠤᠭᠳᠠᠵᠤ ᠵᠢᠯ ᠪᠦᠷᠢ ᠪᠡᠭᠡᠵᠢᠩ ᠳᠤ ᠤᠯᠤᠰ ᠤᠨ ︽ᠬᠤᠶᠠᠷ ᠬᠤᠷᠠᠯ︾ ᠳᠤ ᠣᠷᠤᠯᠴᠠᠵᠤ᠂ ᠬᠠᠷᠢᠵᠤ ᠢᠷᠡᠭᠰᠡᠨ ᠤ ᠪᠠᠨ ᠳᠠᠷᠠᠭ᠎ᠠ ᠪᠠᠰᠠ ᠦᠨᠳᠦᠰᠦᠨ ᠱᠠᠲᠤᠨ ᠤ ᠡᠯ᠎ᠡ ᠪᠠᠶᠢᠭᠤᠯᠭ᠎ᠠ ᠨᠢᠭᠡᠴᠢ᠂ ᠮᠠᠯᠵᠢᠬᠤ ᠲᠠᠷᠢᠶᠠᠯᠠᠬᠤ ᠣᠷᠤᠨ ᠪᠤᠶᠤ ᠨᠡᠶᠢᠬᠡᠮ ᠲᠣᠭᠤᠷᠢᠭ ᠲᠤ ᠬᠦᠷᠴᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ︽ᠬᠤᠶᠠᠷ ᠬᠤᠷᠠᠯ︾ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠳᠠᠭ᠂ ᠢᠯᠠᠩᠭᠤᠶ᠎ᠠ ᠡᠨᠡ ᠵᠢᠯ ᠪᠣᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠶᠡᠷᠦᠩᠬᠡᠢ ᠱᠦᠵᠢ ᠳᠤ ᠠᠵᠢᠯ ᠤᠨ ᠮᠡᠳᠡᠭᠦᠯᠦᠯᠲᠡ ᠬᠢᠵᠡᠢ᠃    ᠠᠯᠢ ᠦᠨᠳᠦᠰᠦᠲᠡᠨ ᠤ ᠬᠡᠦᠬᠡᠳ ᠴᠤ ᠪᠦᠷ ᠠᠳᠠᠯᠢᠬᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠪᠠᠯ ᠬᠦᠰᠡᠯ ᠵᠡᠭᠦᠳᠦ ᠪᠠᠨ ᠪᠡᠶᠡᠯᠡᠭᠦᠯᠬᠦ ᠨᠡᠩ ᠣᠯᠠᠨ ᠠᠵᠢ ᠲᠣᠬᠢᠶᠠᠯ ᠲᠠᠢ ᠪᠣᠯᠤᠨ᠎ᠠ᠃ ᠮᠠᠨ ᠤ ᠳᠡᠷᠭᠡᠳᠡᠬᠢ ᠮᠠᠰᠢ ᠣᠯᠠᠨ ᠬᠦᠮᠦᠰ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠴᠢᠨᠠᠭᠰᠢᠯᠠᠪᠠᠯ ᠬᠡᠳᠦ ᠬᠡᠳᠦᠨ ᠵᠤᠶᠢᠯ ᠤᠨ ᠭᠠᠳᠠᠭᠠᠳᠤ ᠬᠡᠯᠡ ᠶᠢ ᠪᠣᠯᠪᠠᠰᠤᠷᠠᠩᠭᠤᠢ ᠡᠵᠡᠮᠰᠢᠭᠰᠡᠨ ᠳᠠᠪᠠᠭᠤᠯᠢᠭ ᠢᠶᠠᠷ ᠢᠶᠠᠨ ᠲᠠᠯ᠎ᠠ ᠨᠤᠲᠤᠭ ᠠᠴᠠ ᠰᠠᠯᠵᠤ᠂ ᠨᠤᠲᠤᠭ ᠤᠰᠤ ᠪᠠᠨ ᠪᠦᠲᠦᠭᠡᠨ ᠪᠠᠶᠢᠭᠤᠯᠬᠤ ᠳᠤ ᠦᠪᠡᠷ ᠤᠨ ᠦᠷᠲᠡᠭ ᠢᠶᠠᠨ ᠪᠡᠶᠡᠯᠡᠭᠦᠯᠵᠦ ᠪᠠᠶᠢᠨ᠎ᠠ᠃ ᠪᠣᠢ ᠪᠦᠬᠦᠢ ᠬᠡᠦᠬᠡᠳ ᠤᠳ ᠴᠦᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠪᠠᠯ ᠢᠷᠡᠭᠡᠳᠦᠢ ᠳᠤ ᠨᠡᠩ ᠶᠡᠭᠡ ᠲᠡᠪᠴᠡᠩ ᠳᠤ ᠭᠠᠷᠴᠤ᠂ ᠥᠪᠡᠷ ᠤᠨ ᠠᠪᠢᠶᠠᠰ ᠴᠢᠳᠠᠪᠤᠷᠢ ᠪᠠᠨ ᠢᠯᠡᠷᠡᠭᠦᠯᠵᠦ᠂ ᠡᠬᠡ ᠤᠯᠤᠰ ᠲᠠᠭᠠᠨ ᠦᠪᠡᠷ ᠤᠨ ᠬᠦᠴᠦᠨ ᠴᠢᠳᠠᠯ ᠢᠶᠠᠨ ᠨᠡᠩ ᠢᠯᠡᠭᠦᠦ ᠡᠷᠭᠦᠬᠦ ᠪᠣᠯᠤᠨ᠎ᠠ ᠭᠡᠵᠦ ᠨᠠᠷᠠᠨᠲᠤᠶᠠᠭ᠎ᠠ ᠥᠪᠡᠷ ᠤᠨ ᠦᠵᠡᠯᠲᠡ ᠪᠠᠨ ᠶᠠᠷᠢᠨ᠎ᠠ᠃
 
ᠢᠷᠡᠯᠲᠡ᠄ ᠪᠠᠶᠠᠨ ᠨᠠᠭᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号