ᠲᠡᠭᠦᠨ ᠤ 19  ᠨᠠᠰᠤᠳᠠᠢ ᠲᠠᠭᠠᠨ ᠵᠤᠬᠢᠶᠠᠭᠰᠠᠨ ᠲᠠᠭᠤᠤ ᠶᠢ ᠦᠨᠦᠳᠦᠷ ᠤᠨ ᠲᠤᠮᠳᠠᠳᠤ ᠶᠢᠨ ᠬᠦᠮᠦᠨ ᠪᠤᠯᠭᠠᠨ ᠲᠠᠭᠤᠯᠠᠵᠤ ᠴᠢᠳᠠᠨ᠎ᠠ
ᠨᠡᠶᠢᠲᠡᠯᠡᠭᠰᠡᠨ ᠴᠠᠭ᠄
2021/9/2
     ︿︿ᠡᠪ ᠬᠠᠮᠳᠤ ᠨᠠᠮ ᠪᠠᠶᠢᠬᠤ ᠦᠬᠡᠢ ᠪᠤᠯ ᠰᠢᠨ᠎ᠡ ᠲᠤᠮᠳᠠᠳᠤ ᠤᠯᠤᠰ ᠪᠠᠶᠢᠬᠤ ᠦᠬᠡᠢ﹀﹀ ᠬᠡᠳᠡᠭ ᠲᠠᠭᠤᠤ ᠶᠢ ᠼᠤᠤ ᠾᠸᠦᠸᠧ ᠰᠢᠩ 1943 ᠤᠨ ᠳᠤ 19 ᠨᠠᠰᠤᠳᠠᠢ ᠲᠠᠭᠠᠨ ᠪᠡᠬᠡᠵᠢᠩ ᠤᠨ ᠹᠠᠩᠱᠠᠨ ᠲᠤᠭᠤᠷᠢᠭ ᠤᠨ ᠰᠢᠶᠠ ᠶᠦᠨ ᠯᠢᠩ ᠤᠨ ᠲᠠᠩ ᠱᠠᠩ ᠲᠤᠰᠬᠤᠨ ᠤ ᠨᠢᠬᠡᠨ ᠪᠢᠴᠢᠬᠠᠨ ᠪᠠᠶᠢᠰᠢᠩ ᠳᠤ ᠲᠤᠰᠤᠨ ᠳ᠋ᠧᠩ ᠤᠨ ᠲᠤᠤᠷ᠎ᠠ ᠪᠢᠴᠢᠵᠤ ᠭᠠᠷᠭᠠᠭᠰᠠᠨ ᠶᠤᠮ᠃ ᠡᠨᠡ ᠲᠠᠭᠤᠤ ᠵᠤᠬᠢᠶᠠᠭᠳᠠᠮᠠᠭᠴᠠ ᠲᠤᠬᠠᠢ ᠶᠢᠨ ᠭᠠᠵᠠᠷ ᠤᠨ ᠤᠯᠠᠨ ᠲᠦᠮᠡᠨ ᠤ ᠲᠤᠮᠳᠠ ᠮᠠᠰᠢ ᠲᠦᠷᠭᠡᠨ ᠢᠶᠠᠷ ᠲᠠᠮᠵᠢᠭᠳᠠᠨ ᠲᠠᠭᠤᠯᠠᠭᠳᠠᠵᠤ᠂ ᠱᠠᠨ ᠰᠢ ᠴᠠᠬᠠᠷ ᠾᠧᠪᠸᠢ ᠶᠢᠨ ᠬᠢᠵᠠᠭᠠᠷ ᠤᠷᠤᠨ  ᠢᠶᠠᠷ ᠲᠠᠷᠬᠠᠵᠤ᠂ ᠤᠳᠠᠯ ᠦᠬᠡᠢ ᠪᠦᠬᠦ ᠤᠯᠤᠰ ᠲᠤ ᠲᠠᠷᠬᠠᠵᠠᠢ᠃ ᠲᠠᠭᠤᠤ ᠶᠢᠨ ᠨᠡᠷᠡᠶᠢᠳᠦᠯ ᠢ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ 1950 ᠣᠨ ᠳᠤ ᠮᠠᠤ ᠽᠧ ᠳ᠋ᠦᠩ ᠦᠬᠢᠨ ᠯᠢ ᠨᠠ ᠶᠢᠨ ︿︿ᠡᠪ ᠬᠠᠮᠳᠤ ᠨᠠᠮ ᠪᠠᠶᠢᠬᠤ ᠪᠤᠯ ᠲᠤᠮᠳᠠᠳᠤ ᠤᠯᠤᠰ ᠪᠡᠶᠢᠬᠤ ᠦᠬᠡᠢ﹀﹀ ᠬᠡᠵᠦ ᠲᠠᠭᠤᠯᠠᠬᠤ ᠶᠢ ᠰᠣᠨᠣᠰᠣᠭᠠᠳ᠂ ᠤᠨᠤᠪᠴᠢ ᠦᠬᠡᠢ ᠂ ᠲᠤᠮᠳᠠᠳᠤ ᠤᠯᠤᠰ ᠬᠡᠳᠦᠨ ᠮᠢᠩᠭᠠᠨ ᠵᠢᠯ ᠪᠤᠯᠵᠤ ᠪᠠᠶᠢᠨ᠎ᠠ᠂ ᠤᠷᠢᠳᠤᠪᠠᠷ ᠲᠤᠮᠳᠠᠳᠤ ᠤᠯᠤᠰ ᠪᠠᠶᠢᠵᠤ ᠰᠡᠭᠦᠯᠡᠷ ᠰᠠᠶ᠋ᠢ ᠡᠪ ᠬᠠᠮᠳᠤ ᠨᠠᠮ ᠭᠠᠷᠤᠭᠰᠠᠨ ᠲᠤᠯᠠ ᠲᠤᠮᠳᠠᠳᠤ ᠤᠯᠤᠰ ᠤᠨ ᠡᠮᠦᠨ᠎ᠡ ︿︿ᠰᠢᠨ᠎ᠡ  ﹀﹀ ᠶᠢ ᠨᠡᠮᠡᠬᠦ ᠬᠡᠷᠡᠭᠳᠡᠢ᠂ ᠲᠠᠷᠤᠢ ︿︿ᠡᠪ ᠬᠠᠮᠳᠤ ᠨᠠᠮ ᠪᠠᠶᠢᠬᠤ ᠪᠤᠯ ᠰᠢᠨ᠎ᠡ ᠲᠤᠮᠳᠠᠳᠤ ᠤᠯᠤᠰ ᠪᠡᠶᠢᠬᠤ ᠦᠬᠡᠢ﹀﹀  ᠢᠩᠭᠢᠪᠡᠯ ᠰᠠᠶ᠋ᠢ ᠲᠡᠦᠬᠡ  ᠶᠢᠨ ᠪᠤᠳᠠᠳᠤ ᠪᠠᠶᠢᠳᠠᠯ ᠲᠠᠢ ᠨᠡᠶᠢᠴᠡᠨ᠎ᠡ ᠬᠡᠵᠡᠢ᠃ ᠬᠤᠵᠢᠮ ᠨᠢ ᠡᠨᠡ ᠲᠠᠭᠤᠤ ᠶᠢᠨ ᠨᠠᠷ᠎ᠠ ᠶᠢ ︿︿ᠡᠪ ᠬᠠᠮᠳᠤ ᠨᠠᠮ ᠪᠠᠶᠢᠬᠤ ᠪᠤᠯ ᠰᠢᠨ᠎ᠡ ᠲᠤᠮᠳᠠᠳᠤ ᠤᠯᠤᠰ ᠪᠡᠶᠢᠬᠤ ᠦᠬᠡᠢ﹀﹀  ᠬᠡᠵᠦ ᠵᠢᠩᠭᠢᠨᠢ ᠪᠠᠷ ᠲᠤᠭᠳᠠᠭᠠᠭᠰᠠᠨ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号