ᠤᠷᠠᠳ ᠤᠨ ᠡᠮᠦᠨᠡᠳᠦ ᠬᠤᠰᠢᠭᠤᠨ ᠤ ᠰᠢ ᠰᠢᠶᠤᠤ ᠵᠤᠤ ᠪᠠᠯᠭᠠᠰᠤ ᠮᠢᠩᠭᠠᠨ ᠬᠤᠤᠰ ᠨᠠᠰᠤᠳᠠᠨ ᠤ ᠬᠤᠷᠢᠮ  ᠤᠨ ᠬᠡᠷᠡᠯ ᠵᠢᠷᠤᠭ ᠠᠪᠬᠤ ᠬᠦᠰᠡᠯ ᠢ ᠪᠡᠶᠡᠯᠡᠬᠦᠯᠵᠡᠢ
ᠨᠡᠶᠢᠲᠡᠯᠡᠭᠰᠡᠨ ᠴᠠᠭ᠄
2021/9/2
   ᠡᠮᠦᠨᠡᠳᠦ ᠬᠤᠰᠢᠭᠤᠨ ᠤ ᠰᠢ ᠰᠢᠶᠤᠤ ᠵᠤᠤ ᠪᠠᠯᠭᠠᠰᠤᠨ ᠤ ᠨᠠᠮ ᠤᠯᠠᠨ ᠲᠦᠮᠡᠨᠴᠢ ᠬᠦᠳᠡᠯᠬᠡᠬᠡᠨ ᠤ ᠲᠦᠪ ᠳᠤ ᠤᠯᠠᠨ ᠬᠦᠮᠦᠰ ᠬᠤᠷᠠᠵᠤ᠂ ᠲᠦᠬᠡᠮᠡᠯ ᠬᠠᠶᠢᠷ᠎ᠠ ᠬᠦᠷᠳᠡᠬᠡᠬᠦ ᠬᠤᠷᠢᠮ ᠤᠨ ᠰᠡᠬᠦᠳᠡᠷ ᠲᠠᠳᠠᠬᠤ ᠠᠵᠢᠯᠯᠠᠭ᠎ᠠ ᠵᠠᠭᠤᠨ ᠡᠷᠦᠬᠡ ᠳᠤ ᠤᠷᠤᠬᠤ ᠬᠦᠳᠡᠯᠬᠡᠬᠡᠨ ᠶᠠᠭ ᠬᠦᠷ ᠭᠦᠭᠵᠢᠶᠡᠨ ᠲᠠᠢ ᠶᠠᠪᠤᠭᠳᠠᠵᠤ᠂ ᠳ᠋ᠢ ᠮᠸᠢ ᠰᠤᠶᠤᠯ ᠵᠢᠭᠤᠯᠴᠢᠯᠠᠯ ᠤᠨ ᠠᠵᠢᠯᠳᠠᠨ ᠨᠠᠰᠤᠳᠠᠶᠢᠴᠤᠳ ᠢ ᠬᠠᠪᠰᠤᠷᠠᠨ ᠬᠤᠷᠢᠮ ᠤᠨ ᠬᠤᠪᠴᠠᠰᠤ ᠡᠮᠦᠰᠬᠡᠵᠦ ᠲᠤᠯᠤᠭᠠᠢ ᠶᠢᠨ ᠵᠠᠰᠠᠯ ᠵᠡᠭᠦᠯᠬᠡᠨ᠂ ᠨᠢᠭᠤᠷ ᠴᠢᠷᠠᠢ ᠳᠤ ᠨᠢ ᠤ ᠡᠩᠭᠡᠰᠬᠡ ᠲᠦᠷᠬᠢᠵᠦ ᠭᠤᠶᠤᠯᠠᠵᠤ ᠶᠠᠭᠠᠷᠠᠯᠳᠤᠨ᠎ᠠ᠃    ᠣᠶᠢᠯᠠᠭᠠᠬᠤ ᠪᠠᠷ ᠲᠤᠰ ᠤᠳᠠᠭᠠᠨ ᠤ ᠠᠵᠢᠯᠯᠭ᠎ᠠ ᠪᠤᠯ ᠡᠮᠦᠨᠡᠳᠦ ᠬᠤᠰᠢᠭᠤᠨ ᠤ ᠤᠯᠠᠭᠠᠨ ᠵᠠᠭᠠᠯᠠᠮᠠᠶᠢᠳᠠᠨ ᠤ ᠨᠡᠶᠢᠬᠡᠮᠯᠢᠭ᠂ ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠳ᠋ᠢ ᠮᠸᠢ ᠰᠤᠶᠤᠯ ᠵᠢᠭᠤᠯᠴᠢᠯᠠᠯ ᠲᠠᠢ ᠬᠤᠯᠪᠤᠭᠠᠯᠠᠨ ᠬᠢᠭᠰᠡᠨ ᠪᠢ ᠤᠯᠠᠨ ᠲᠦᠮᠡᠨ ᠳᠤ ᠪᠤᠳᠠᠳᠤ ᠠᠵᠢᠯ ᠬᠢᠵᠦ ᠦᠭᠬᠦ ᠠᠰᠠᠷᠠᠮᠵᠢ ᠶᠢᠨ ᠠᠵᠢᠯᠯᠭ᠎ᠠ ᠪᠤᠯᠤᠨ᠎ᠠ᠃ ᠨᠠᠰᠤᠳᠠᠶᠢᠴᠤᠳ ᠲᠤ ᠬᠤᠷᠢᠮ ᠤᠨ ᠲᠤᠷᠠᠰᠬᠠᠯ ᠤᠨ ᠰᠡᠬᠦᠳᠡᠷ ᠲᠠᠳᠠᠵᠤ᠂ ᠰᠡᠬᠦᠳᠡᠷᠯᠡᠬᠦ ᠮᠠᠰᠢᠨ ᠢᠶᠠᠷ ᠲᠠᠳᠠᠨ ᠤ ᠬᠠᠷᠢᠯᠴᠠᠨ ᠲᠡᠳᠬᠦᠵᠦ ᠬᠠᠷᠢᠯᠴᠠᠨ ᠬᠦᠳᠦᠯᠦᠯᠴᠡᠨ ᠬᠠᠭᠠᠰ ᠵᠠᠭᠤᠨ ᠢ ᠦᠩᠭᠡᠷᠡᠭᠦᠯᠦᠭᠰᠡᠨ ᠢᠨᠠᠭ ᠲᠤᠷᠠᠯᠠᠯ ᠢ ᠲᠡᠮᠳᠡᠭᠯᠡᠵᠦ ᠲᠠᠳᠡᠨ ᠳᠤ ᠬᠠᠮᠤᠭ ᠭᠤᠶᠤ ᠲᠤᠷᠠᠳᠬᠠᠯ ᠢ ᠦᠯᠡᠳᠡᠬᠡᠵᠦ ᠲᠠᠳᠠᠨ ᠤ ᠬᠤᠷᠢᠮ ᠤᠨ ᠬᠡᠷᠡᠯ ᠵᠢᠷᠤᠭ ᠲᠠᠳᠠᠬᠤ ᠬᠡᠰᠡᠨ ᠬᠦᠰᠡᠯ ᠢ ᠪᠡᠶᠡᠯᠡᠬᠦᠯᠦᠭᠰᠡᠨ ᠪᠠᠶᠢᠨ᠎ᠠ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号