ᠰᠠᠭᠠᠳᠠᠭ ᠰᠤᠮᠤᠨ ᠳᠤ ᠰᠠᠭᠤᠭ᠎ᠠ ᠴᠡᠷᠢᠭ ᠠᠩᠭᠢ ᠠᠷᠠᠳ ᠲᠤ ᠪᠤᠳᠠᠳᠤ ᠶᠠᠪᠤᠳᠠᠯ ᠬᠢᠵᠦ ᠦᠭᠴᠦ ᠪᠠᠶᠢᠨ᠎ᠠ
ᠨᠡᠶᠢᠲᠡᠯᠡᠭᠰᠡᠨ ᠴᠠᠭ᠄
2021/9/2
    ᠤᠶᠢᠷ᠎ᠠ ᠶᠢᠨ ᠡᠳᠦᠷ᠂ ᠤᠷᠠᠳ ᠤᠨ ᠡᠮᠦᠨᠡᠳᠦ ᠬᠤᠰᠢᠭᠤᠨ ᠤ ᠰᠠᠭᠠᠳᠠᠭ ᠰᠤᠮᠤᠨ ᠳᠤ ᠰᠠᠭᠤᠭ᠎ᠠ ᠴᠡᠷᠢᠭ ᠪᠠᠶᠢᠯᠳᠤᠭᠴᠢᠳ ᠰᠤᠮᠤᠨ ᠤ ᠠᠷᠠᠳ ᠲᠤ ᠵᠠᠮ ᠴᠡᠪᠡᠷᠯᠡᠬᠦ᠂ ᠡᠪᠳᠡᠷᠡᠭᠰᠡᠨ ᠵᠠᠮ ᠢ ᠵᠠᠰᠠᠬᠤ ᠵᠡᠷᠭᠡ ᠠᠵᠢᠯ ᠬᠢᠵᠦ ᠶᠠᠭᠠᠷᠠᠯᠳᠤᠨ᠎ᠠ᠃ ᠲᠠᠳᠡ ᠪᠤᠯ ᠰᠠᠭᠠᠳᠠᠭ ᠰᠤᠮᠤᠨ ᠳᠤ ᠰᠠᠭᠤᠵᠤ ᠪᠤᠯᠪᠠᠰᠤᠷᠠᠯ ᠬᠢᠵᠦ ᠪᠠᠶᠢᠭ᠎ᠠ ᠲᠤᠮᠳᠠᠳᠤ ᠤᠯᠤᠰ  ᠤᠨ ᠠᠷᠠᠳ ᠤᠨ ᠴᠢᠯᠦᠬᠡᠯᠡᠬᠦ ᠴᠡᠷᠢᠭ ᠤᠨ ᠴᠡᠷᠢᠭ ᠪᠠᠶᠢᠯᠳᠤᠭᠴᠢᠳ ᠪᠤᠯᠤᠨ᠎ᠠ᠃     ᠣᠶᠢᠷ᠎ᠠ ᠶᠢᠨ ᠬᠤᠭᠤᠴᠠᠭᠠᠨ ᠳᠤ ᠵᠠᠯᠭᠠᠭ᠎ᠠ ᠪᠠᠷ ᠪᠤᠷᠤᠭᠠᠨ ᠤᠷᠤᠭᠰᠠᠨ ᠠᠴᠠ ᠤᠷᠠᠳ ᠤᠨ ᠡᠮᠦᠨᠡᠳᠦ ᠬᠤᠰᠢᠭᠤᠨ ᠤ ᠰᠠᠭᠠᠳᠠᠭ ᠰᠤᠮᠤᠨ ᠤ ᠬᠡᠰᠡᠭ ᠵᠠᠰᠠᠮᠠᠯ ᠵᠠᠮ᠂ ᠦᠶᠡᠷ ᠢ ᠵᠠᠯᠠᠬᠤ ᠵᠠᠮ᠂ ᠲᠤᠰᠬᠤᠨ ᠳᠤ ᠨᠡᠪᠳᠡᠷᠡᠬᠦ ᠵᠠᠮ ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠦ᠂ ᠨᠠᠭᠠᠰᠢ ᠴᠠᠭᠠᠰᠢ ᠶᠠᠪᠤᠬᠤ ᠳᠤ ᠲᠦᠬᠦᠮ ᠪᠤᠰᠤ ᠪᠤᠯᠵᠤ᠂ ᠲᠤᠬᠠᠢ  ᠶᠢᠨ ᠭᠠᠵᠠᠷ ᠤᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠵᠤᠬᠢᠬᠤ ᠬᠡᠮᠵᠢᠶᠡᠨ ᠤ ᠰᠠᠭᠠᠳ ᠤᠴᠠᠷᠠᠭᠤᠯᠤᠭᠰᠠᠨ ᠪᠠᠶᠢᠨ᠎ᠠ᠃ ᠡᠨᠡᠬᠦ ᠪᠠᠶᠢᠳᠠᠯ ᠢ ᠲᠦᠷᠭᠡᠨ ᠰᠡᠢᠳᠪᠦᠷᠢᠯᠡᠬᠦ ᠶᠢᠨ ᠲᠦᠯᠦᠬᠡ ᠤᠷᠠᠳ ᠤᠨ ᠡᠮᠦᠨᠡᠳᠦ ᠬᠤᠰᠢᠭᠤᠨ ᠤ ᠰᠠᠭᠠᠳᠠᠭ ᠰᠤᠮᠤᠨ ᠠᠴᠠ ᠤᠯᠠᠨ ᠲᠠᠯ᠎ᠠ ᠶᠢᠨ ᠬᠦᠴᠦᠨ ᠢ ᠲᠠᠶᠢᠴᠢᠯᠠᠨ ᠵᠠᠮ ᠵᠠᠰᠠᠬᠤ ᠠᠵᠢᠯ ᠢ ᠦᠳᠳᠦᠷ ᠲᠦᠷᠬᠡᠨ ᠦᠷᠨᠢᠬᠦᠯᠵᠡᠢ᠃ ᠰᠤᠮᠤᠨ ᠳᠤ ᠰᠠᠭᠤᠵᠤ ᠪᠤᠯᠪᠠᠰᠤᠷᠠᠯ ᠬᠢᠵᠦ ᠪᠠᠶᠢᠭ᠎ᠠ ᠲᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠤᠨ ᠴᠡᠷᠢᠭ ᠠᠩᠭᠢ ᠶᠢᠨ ᠬᠢᠨ ᠪᠠᠶᠢᠳᠠᠯ ᠢ ᠤᠶᠢᠯᠠᠭᠠᠭᠰᠠᠨ ᠤ ᠲᠠᠷᠠᠭ᠎ᠠ᠂ 20  ᠴᠡᠷᠢᠭ ᠪᠠᠶᠢᠯᠳᠤᠭᠴᠢ ᠶᠢ ᠵᠤᠬᠢᠶᠠᠨ ᠪᠠᠶᠢᠭᠤᠯᠵᠤ᠂ 9 ᠲᠤᠮᠤ  ᠮᠠᠰᠢᠨ ᠢᠶᠠᠷ ᠲᠤᠬᠠᠢ ᠶᠢᠨ ᠭᠠᠵᠠᠷ ᠤᠨ ᠮᠠᠯᠴᠢᠳ ᠲᠤ ᠵᠠᠮ ᠵᠠᠰᠠᠵᠤ ᠦᠭᠭᠦ ᠠᠵᠢᠯ ᠳᠤ ᠬᠦᠴᠦᠨ ᠨᠡᠮᠡᠷᠢᠯᠡᠭᠰᠡᠨ ᠪᠠᠶᠢᠨ᠎ᠠ᠃     ᠴᠡᠷᠢᠭ ᠪᠠᠶᠢᠯᠳᠤᠭᠴᠢᠳ ᠤᠬᠤᠷᠬᠠᠨ ᠨᠢᠬᠡ ᠡᠳᠦᠷ ᠤᠨ ᠬᠤᠭᠤᠴᠠᠭᠠᠨ ᠳᠤ ᠡᠪᠳᠡᠷᠡᠭᠰᠡᠨ ᠵᠠᠮ ᠢ ᠪᠦᠬᠦᠨ ᠢ ᠵᠠᠰᠠᠨ ᠪᠠᠷᠠᠭᠠᠵᠤ᠂ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠪᠠ ᠮᠠᠯᠴᠢᠳ ᠤᠨ ᠬᠦᠷᠢᠶᠡᠯᠡᠯ ᠢ ᠤᠯᠵᠠᠢ᠃ ᠡᠳᠡᠭᠡᠷ ᠴᠡᠷᠢᠭ ᠪᠠᠶᠢᠯᠳᠤᠭᠴᠢᠳ ᠤᠷᠠᠳ ᠤᠨ ᠡᠮᠦᠨᠡᠳᠦ ᠬᠤᠰᠢᠭᠤᠨ ᠤ ᠰᠠᠭᠠᠳᠠᠭ ᠰᠤᠮᠤᠨ ᠳᠤ ᠰᠠᠭᠤᠵᠤ ᠪᠤᠯᠪᠠᠰᠤᠷᠠᠯ ᠬᠢᠵᠦ  ᠡᠬᠢᠯᠡᠭᠰᠡᠨ ᠴᠠᠭ ᠠᠴᠠ ᠰᠠᠭᠠᠳᠠᠭ ᠰᠤᠮᠤ ᠶᠢ ᠦᠪᠡᠷ ᠤᠨ ᠲᠦᠷᠦᠭᠰᠡᠨ ᠨᠤᠳᠤᠭ ᠢᠶᠠᠨ ᠮᠡᠳᠦ ᠦᠵᠡᠵᠦ᠂ ᠲᠤᠬᠠᠢ ᠶᠢᠨ ᠭᠠᠵᠠᠷ ᠤᠨ ᠮᠠᠯᠴᠢᠳ ᠴᠤ ᠲᠠᠳᠠᠨ ᠳᠤ ᠲᠤᠳᠤᠨᠤᠰᠤᠭ ᠢᠶᠠᠷ ᠬᠠᠨᠳᠤᠳᠠᠭ ᠪᠠᠶᠢᠯ᠎ᠠ᠃ ᠴᠡᠷᠢᠭ ᠪᠠᠶᠢᠯᠳᠤᠭᠴᠢᠳ ᠪᠤᠯᠪᠠᠰᠤᠷᠠᠯ ᠤᠨ ᠬᠤᠭᠤᠴᠠᠭᠠᠨ ᠠᠴᠠ ᠭᠠᠳᠠᠨ᠎ᠠ ᠪᠠᠰᠠ ᠲᠤᠬᠠᠢ ᠶᠢᠨ ᠭᠠᠵᠠᠷ ᠤᠨ ᠠᠷᠠᠳ  ᠲᠤ ᠡᠮ ᠡᠮᠨᠡᠯᠬᠡ ᠬᠦᠷᠭᠡᠬᠦ᠂ ᠤᠯᠠᠨ ᠲᠦᠮᠡᠨ ᠢ ᠬᠠᠪᠰᠤᠷᠠᠨ ᠠᠮᠢᠳᠤᠷᠠᠯ ᠤᠨ ᠬᠦᠴᠢᠷᠳᠡᠯ ᠢ ᠨᠢ ᠰᠡᠶᠢᠳᠪᠦᠷᠢᠯᠡᠬᠦ᠂ ᠭᠠᠮᠰᠢᠭ ᠠᠴᠠ ᠠᠪᠤᠷᠠᠬᠤ᠂ ᠶᠠᠳᠠᠭᠤ ᠶᠢ ᠲᠡᠳᠬᠦᠬᠦ ᠵᠡᠷᠭᠡ ᠠᠵᠢᠯ ᠳᠤ ᠢᠳᠡᠪᠬᠢᠯᠡᠨ ᠤᠷᠤᠯᠴᠠᠵᠤ᠂ ᠴᠡᠷᠢᠭ ᠠᠩᠭᠢ ᠪᠤᠯᠤᠨ ᠠᠷᠠᠳ ᠤᠯᠠᠨ ᠤ ᠵᠢᠭᠠᠰᠤ ᠤᠰᠤᠨ ᠤ ᠬᠠᠷᠢᠴᠠᠭ᠎ᠠ ᠶᠢ ᠬᠦᠢᠴᠡᠳ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号