ᠤᠶᠢᠷ᠎ᠠ ᠶᠢᠨ ᠡᠳᠦᠷ᠂ ᠤᠷᠠᠳ ᠤᠨ ᠡᠮᠦᠨᠡᠳᠦ ᠬᠤᠰᠢᠭᠤᠨ ᠤ ᠰᠠᠭᠠᠳᠠᠭ ᠰᠤᠮᠤᠨ ᠳᠤ ᠰᠠᠭᠤᠭ᠎ᠠ ᠴᠡᠷᠢᠭ ᠪᠠᠶᠢᠯᠳᠤᠭᠴᠢᠳ ᠰᠤᠮᠤᠨ ᠤ ᠠᠷᠠᠳ ᠲᠤ ᠵᠠᠮ | ᠴᠡᠪᠡᠷᠯᠡᠬᠦ᠂ ᠡᠪᠳᠡᠷᠡᠭᠰᠡᠨ ᠵᠠᠮ ᠢ ᠵᠠᠰᠠᠬᠤ ᠵᠡᠷᠭᠡ ᠠᠵᠢᠯ ᠬᠢᠵᠦ ᠶᠠᠭᠠᠷᠠᠯᠳᠤᠨ᠎ᠠ᠃ ᠲᠠᠳᠡ ᠪᠤᠯ ᠰᠠᠭᠠᠳᠠᠭ ᠰᠤᠮᠤᠨ ᠳᠤ ᠰᠠᠭᠤᠵᠤ ᠪᠤᠯᠪᠠᠰᠤᠷᠠᠯ ᠬᠢᠵᠦ ᠪᠠᠶᠢᠭ᠎ᠠ | ᠲᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠤᠨ ᠴᠡᠷᠢᠭ ᠪᠠᠶᠢᠯᠳᠤᠭᠴᠢᠳ ᠪᠤᠯᠤᠨ᠎ᠠ᠃ | ᠣᠶᠢᠷ᠎ᠠ ᠶᠢᠨ ᠬᠤᠭᠤᠴᠠᠭᠠᠨ ᠳᠤ ᠵᠠᠯᠭᠠᠭ᠎ᠠ ᠪᠠᠷ ᠪᠤᠷᠤᠭᠠᠨ ᠤᠷᠤᠭᠰᠠᠨ ᠠᠴᠠ ᠤᠷᠠᠳ ᠤᠨ ᠡᠮᠦᠨᠡᠳᠦ ᠬᠤᠰᠢᠭᠤᠨ ᠤ ᠰᠠᠭᠠᠳᠠᠭ ᠰᠤᠮᠤᠨ ᠤ ᠬᠡᠰᠡᠭ ᠵᠠᠰᠠᠮᠠᠯ | ᠵᠠᠮ᠂ ᠦᠶᠡᠷ ᠢ ᠵᠠᠯᠠᠬᠤ ᠵᠠᠮ᠂ ᠲᠤᠰᠬᠤᠨ ᠳᠤ ᠨᠡᠪᠳᠡᠷᠡᠬᠦ ᠵᠠᠮ ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠦ᠂ ᠨᠠᠭᠠᠰᠢ ᠴᠠᠭᠠᠰᠢ ᠶᠠᠪᠤᠬᠤ ᠳᠤ ᠲᠦᠬᠦᠮ ᠪᠤᠰᠤ ᠪᠤᠯᠵᠤ | ᠂ ᠲᠤᠬᠠᠢ ᠶᠢᠨ ᠭᠠᠵᠠᠷ ᠤᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠵᠤᠬᠢᠬᠤ ᠬᠡᠮᠵᠢᠶᠡᠨ ᠤ ᠰᠠᠭᠠᠳ ᠤᠴᠠᠷᠠᠭᠤᠯᠤᠭᠰᠠᠨ ᠪᠠᠶᠢᠨ᠎ᠠ᠃ ᠡᠨᠡᠬᠦ ᠪᠠᠶᠢᠳᠠᠯ ᠢ | ᠲᠦᠷᠭᠡᠨ ᠰᠡᠢᠳᠪᠦᠷᠢᠯᠡᠬᠦ ᠶᠢᠨ ᠲᠦᠯᠦᠬᠡ ᠤᠷᠠᠳ ᠤᠨ ᠡᠮᠦᠨᠡᠳᠦ ᠬᠤᠰᠢᠭᠤᠨ ᠤ ᠰᠠᠭᠠᠳᠠᠭ ᠰᠤᠮᠤᠨ ᠠᠴᠠ ᠤᠯᠠᠨ ᠲᠠᠯ᠎ᠠ ᠶᠢᠨ ᠬᠦᠴᠦᠨ ᠢ ᠲᠠᠶᠢᠴᠢᠯᠠᠨ ᠵᠠᠮ | ᠵᠠᠰᠠᠬᠤ ᠠᠵᠢᠯ ᠢ ᠦᠳᠳᠦᠷ ᠲᠦᠷᠬᠡᠨ ᠦᠷᠨᠢᠬᠦᠯᠵᠡᠢ᠃ ᠰᠤᠮᠤᠨ ᠳᠤ ᠰᠠᠭᠤᠵᠤ ᠪᠤᠯᠪᠠᠰᠤᠷᠠᠯ ᠬᠢᠵᠦ ᠪᠠᠶᠢᠭ᠎ᠠ ᠲᠤᠮᠳᠠᠳᠤ ᠤᠯᠤᠰ ᠤᠨ ᠠᠷᠠᠳ ᠤᠨ ᠴᠢᠯᠦᠬᠡᠯᠡᠬᠦ | ᠴᠡᠷᠢᠭ ᠤᠨ ᠴᠡᠷᠢᠭ ᠠᠩᠭᠢ ᠶᠢᠨ ᠬᠢᠨ ᠪᠠᠶᠢᠳᠠᠯ ᠢ ᠤᠶᠢᠯᠠᠭᠠᠭᠰᠠᠨ ᠤ ᠲᠠᠷᠠᠭ᠎ᠠ᠂ 20 ᠴᠡᠷᠢᠭ ᠪᠠᠶᠢᠯᠳᠤᠭᠴᠢ ᠶᠢ ᠵᠤᠬᠢᠶᠠᠨ ᠪᠠᠶᠢᠭᠤᠯᠵᠤ᠂ 9 ᠲᠤᠮᠤ ᠮᠠᠰᠢᠨ ᠢᠶᠠᠷ | ᠲᠤᠬᠠᠢ ᠶᠢᠨ ᠭᠠᠵᠠᠷ ᠤᠨ ᠮᠠᠯᠴᠢᠳ ᠲᠤ ᠵᠠᠮ ᠵᠠᠰᠠᠵᠤ ᠦᠭᠭᠦ ᠠᠵᠢᠯ ᠳᠤ ᠬᠦᠴᠦᠨ ᠨᠡᠮᠡᠷᠢᠯᠡᠭᠰᠡᠨ ᠪᠠᠶᠢᠨ᠎ᠠ᠃ | ᠴᠡᠷᠢᠭ ᠪᠠᠶᠢᠯᠳᠤᠭᠴᠢᠳ ᠤᠬᠤᠷᠬᠠᠨ ᠨᠢᠬᠡ ᠡᠳᠦᠷ ᠤᠨ ᠬᠤᠭᠤᠴᠠᠭᠠᠨ ᠳᠤ ᠡᠪᠳᠡᠷᠡᠭᠰᠡᠨ ᠵᠠᠮ ᠢ ᠪᠦᠬᠦᠨ ᠢ ᠵᠠᠰᠠᠨ ᠪᠠᠷᠠᠭᠠᠵᠤ᠂ ᠲᠤᠬᠠᠢ ᠶᠢᠨ ᠭᠠᠵᠠᠷ ᠤᠨ | ᠵᠠᠰᠠᠭ ᠤᠨ ᠤᠷᠳᠤᠨ ᠪᠠ ᠮᠠᠯᠴᠢᠳ ᠤᠨ ᠬᠦᠷᠢᠶᠡᠯᠡᠯ ᠢ ᠤᠯᠵᠠᠢ᠃ ᠡᠳᠡᠭᠡᠷ ᠴᠡᠷᠢᠭ ᠪᠠᠶᠢᠯᠳᠤᠭᠴᠢᠳ ᠤᠷᠠᠳ ᠤᠨ ᠡᠮᠦᠨᠡᠳᠦ ᠬᠤᠰᠢᠭᠤᠨ ᠤ ᠰᠠᠭᠠᠳᠠᠭ ᠰᠤᠮᠤᠨ ᠳᠤ | ᠰᠠᠭᠤᠵᠤ ᠪᠤᠯᠪᠠᠰᠤᠷᠠᠯ ᠬᠢᠵᠦ ᠡᠬᠢᠯᠡᠭᠰᠡᠨ ᠴᠠᠭ ᠠᠴᠠ ᠰᠠᠭᠠᠳᠠᠭ ᠰᠤᠮᠤ ᠶᠢ ᠦᠪᠡᠷ ᠤᠨ ᠲᠦᠷᠦᠭᠰᠡᠨ ᠨᠤᠳᠤᠭ ᠢᠶᠠᠨ ᠮᠡᠳᠦ ᠦᠵᠡᠵᠦ᠂ ᠲᠤᠬᠠᠢ ᠶᠢᠨ ᠭᠠᠵᠠᠷ ᠤᠨ | ᠮᠠᠯᠴᠢᠳ ᠴᠤ ᠲᠠᠳᠠᠨ ᠳᠤ ᠲᠤᠳᠤᠨᠤᠰᠤᠭ ᠢᠶᠠᠷ ᠬᠠᠨᠳᠤᠳᠠᠭ ᠪᠠᠶᠢᠯ᠎ᠠ᠃ ᠴᠡᠷᠢᠭ ᠪᠠᠶᠢᠯᠳᠤᠭᠴᠢᠳ ᠪᠤᠯᠪᠠᠰᠤᠷᠠᠯ ᠤᠨ ᠬᠤᠭᠤᠴᠠᠭᠠᠨ ᠠᠴᠠ ᠭᠠᠳᠠᠨ᠎ᠠ ᠪᠠᠰᠠ ᠲᠤᠬᠠᠢ | ᠶᠢᠨ ᠭᠠᠵᠠᠷ ᠤᠨ ᠠᠷᠠᠳ ᠲᠤ ᠡᠮ ᠡᠮᠨᠡᠯᠬᠡ ᠬᠦᠷᠭᠡᠬᠦ᠂ ᠤᠯᠠᠨ ᠲᠦᠮᠡᠨ ᠢ ᠬᠠᠪᠰᠤᠷᠠᠨ ᠠᠮᠢᠳᠤᠷᠠᠯ ᠤᠨ ᠬᠦᠴᠢᠷᠳᠡᠯ ᠢ ᠨᠢ ᠰᠡᠶᠢᠳᠪᠦᠷᠢᠯᠡᠬᠦ᠂ ᠭᠠᠮᠰᠢᠭ ᠠᠴᠠ | ᠠᠪᠤᠷᠠᠬᠤ᠂ ᠶᠠᠳᠠᠭᠤ ᠶᠢ ᠲᠡᠳᠬᠦᠬᠦ ᠵᠡᠷᠭᠡ ᠠᠵᠢᠯ ᠳᠤ ᠢᠳᠡᠪᠬᠢᠯᠡᠨ ᠤᠷᠤᠯᠴᠠᠵᠤ᠂ ᠴᠡᠷᠢᠭ ᠠᠩᠭᠢ ᠪᠤᠯᠤᠨ ᠠᠷᠠᠳ ᠤᠯᠠᠨ ᠤ ᠵᠢᠭᠠᠰᠤ ᠤᠰᠤᠨ ᠤ ᠬᠠᠷᠢᠴᠠᠭ᠎ᠠ ᠶᠢ | ᠬᠦᠢᠴᠡᠳ ᠢᠯᠡᠷᠡᠭᠦᠯᠦᠭᠰᠡᠨ ᠪᠠᠶᠢᠨ᠎ᠠ᠃ |