ᠪᠠᠶᠠᠨᠬᠤᠸᠠ ᠪᠠᠯᠭᠠᠰᠣ ᠲᠤᠭᠳᠠᠮᠠᠯ ᠬᠤᠭᠤᠴᠠᠭ᠎ᠠ ᠲᠠᠢ ᠪᠠᠷ ᠨᠠᠮ ᠤᠨ ᠲᠡᠦᠬᠡ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠪᠠ ᠶᠡᠷᠦᠩᠭᠡᠢ ᠱᠦᠵᠢ ᠰᠢ ᠶᠢᠨ ᠫᠢᠩ ᠤᠨ ︿︿7.1﹀﹀ ᠤ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ  ᠪᠠᠶᠢᠨ᠎ᠠ
ᠨᠡᠶᠢᠲᠡᠯᠡᠭᠰᠡᠨ ᠴᠠᠭ᠄
2021/9/2
    ᠤᠶᠢᠷ᠎ᠠ ᠳᠤ  ᠂ ᠤᠷᠠᠳ ᠤᠨ ᠡᠮᠦᠨᠡᠳᠦ ᠬᠤᠰᠢᠭᠤᠨ ᠤ ᠪᠠᠶᠠᠨᠬᠤᠸᠠ ᠪᠠᠯᠭᠠᠰᠣ ᠪᠦᠬᠦ ᠨᠠᠮ ᠤᠨ ᠬᠡᠰᠢᠬᠦᠳ ᠢᠶᠠᠨ ᠵᠤᠬᠢᠶᠠᠨ ᠪᠠᠶᠢᠭᠤᠯᠤᠨ᠂ ᠲᠤᠭᠳᠠᠮᠠᠯ ᠬᠤᠭᠤᠴᠠᠭ᠎ᠠ ᠲᠠᠢ ᠪᠠᠷ ᠶᠡᠷᠦᠩᠭᠡᠢ ᠱᠦᠵᠢ ᠰᠢ ᠶᠢᠨ ᠫᠢᠩ ᠤᠨ ︿︿7.1﹀﹀ ᠤ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠦᠷᠨᠢᠬᠦᠯᠵᠦ ᠪᠠᠶᠢᠨ᠎ᠠ᠃     ᠪᠠᠶᠠᠨᠬᠤᠸᠠ ᠪᠠᠯᠭᠠᠰᠣ ᠭᠠᠷᠠᠭ ᠤᠨ ᠨᠢᠬᠡᠨ᠂ ᠭᠠᠷᠠᠭ ᠤᠨ ᠲᠠᠪᠤᠨ ᠢ ᠨᠠᠮ ᠤᠨ ᠲᠡᠦᠬᠡ ᠶᠢ ᠰᠤᠷᠤᠯᠴᠠᠬᠤ ᠪᠠ ᠶᠡᠷᠦᠩᠭᠡᠢ ᠱᠦᠵᠢ ᠰᠢ ᠶᠢᠨ ᠫᠢᠩ ᠤᠨ ︿︿7.1﹀﹀ ᠤ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠬᠤ ᠴᠠᠭ ᠪᠤᠯᠭᠠᠵᠤ᠂ ᠨᠠᠮ ᠤᠨ ᠬᠡᠰᠢᠬᠦᠳ ᠲᠡᠮᠳᠡᠭᠯᠡᠯ ᠢᠶᠠᠨ ᠰᠠᠶᠢᠳᠤᠷ ᠬᠢᠬᠦ ᠶᠢᠨ ᠬᠠᠮᠳᠤ᠂ ᠲᠦᠷᠦᠭᠳᠡᠯ ᠢᠶᠠᠨ ᠶᠠᠷᠢᠭᠰᠠᠨ ᠪᠠᠶᠢᠨ᠎ᠠ᠃ ᠰᠤᠷᠤᠯᠴᠠᠯᠭ᠎ᠠ ᠪᠠᠷ ᠲᠠᠮᠵᠢᠨ ᠨᠠᠮ ᠤᠨ ᠬᠡᠰᠢᠬᠦᠨ ᠤ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠳᠤ ᠴᠠᠬᠡᠵᠢᠯᠡᠵᠦ ᠂ ᠴᠦᠬᠦᠷᠡᠰᠢ ᠦᠬᠡᠢ ᠲᠡᠮᠡᠴᠡᠵᠦ᠂ ᠨᠡᠶᠢᠬᠡᠮ ᠵᠢᠷᠤᠮ ᠤᠨ ᠤᠳᠤᠬᠢᠴᠢᠯᠠᠭᠰᠠᠨ ᠣᠯᠣᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠠ ᠠᠶᠠᠨ ᠵᠠᠮ ᠳᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠲᠡᠶᠢᠰᠢ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠲᠤᠮᠳᠠᠳᠤ ᠶᠢᠨ ᠬᠦᠰᠡᠯ ᠵᠦᠭ ᠡᠷᠡᠯᠬᠢᠯᠡᠨ ᠤᠷᠤᠭᠰᠢᠯᠠᠬᠤ ᠤᠯᠤᠰ ᠲᠦᠷᠦ ᠶᠢᠨ ᠦᠵᠡᠯ ᠤᠬᠠᠮᠰᠠᠷ ᠢ ᠪᠦᠬᠦ ᠲᠠᠯ᠎ᠠ ᠪᠠᠷ ᠲᠡᠭᠡᠭᠰᠢᠯᠡᠬᠦᠯᠦᠭᠰᠡᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ